ᠭᠣᠣᠯ ᠠᠵᠢᠯ᠎ᠤᠨ ᠳᠤᠭᠤᠷᠢᠨ᠎ᠳᠦ ᠰᠠᠢ᠌ᠨ ᠠᠷᠭ᠎ᠠ ᠪᠤᠳᠤᠯᠭ᠎ᠠ ᠳᠡᠪᠱᠢᠭᠦᠯᠵᠦ᠍ ᠶᠡᠬᠡ ᠲᠠᠯ᠎ᠠ᠎ᠳᠤ ᠦᠢᠯᠡᠴᠢᠯᠡᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠨ᠎ᠡ
2026-01-31 12:00:40
ᠵᠣᠬᠢᠶᠠᠭ᠍ᠴᠢ᠄
ᠪᠠᠶ ᠳ᠋ᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ 2025 ᠣᠨ᠎ᠤ ᠠᠵᠢᠯ᠎ᠤᠨ ᠡᠷᠭᠢᠴᠡᠭᠦᠯᠦᠯ (ᠬᠣᠶᠠᠷ)

 

ᠴᠠᠭ ᠮᠥᠴᠡ ᠲᠡᠮᠡᠴᠡᠯ᠎ᠦᠨ ᠤᠯᠠ ᠮᠥᠷ᠎ᠢ ᠲᠡᠮᠳᠡᠭᠯᠡᠨ᠎ᠡ᠃

2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ  ᠪᠠᠢᠷᠢᠯᠠᠭᠤᠯᠬᠤ ᠵᠢᠯ ᠮᠦᠨ᠂ ᠪᠠᠰᠠ ᠴᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠦᠨ ᠣᠶ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ 2025 ᠣᠨ᠎ᠤ ᠵᠥᠪᠯᠡᠯᠭᠡ ᠬᠢᠵᠦ᠍ ᠲᠥᠷᠥ᠎ᠶ᠋ᠢᠨ ᠶᠠᠪᠤᠳᠠᠯ᠎ᠢ ᠵᠥᠪᠯᠡᠭ᠌ᠰᠡᠨ《ᠬᠢᠷᠢ ᠪᠦᠲᠦᠮᠵᠢ᠎ᠶ᠋ᠢᠨ ᠬᠠᠭᠤᠳᠠᠰᠤ》 ᠶ᠋ᠢ ᠤᠷᠪᠠᠭᠤᠯᠵᠤ ᠦᠵᠡᠪᠡᠯ᠂ ᠡᠯ᠎ᠡ ᠵᠦᠶ᠋ᠯ᠎ᠦᠨ ᠲᠣᠭ᠎ᠠ ᠪᠠᠷᠢᠮᠲᠠ᠎ᠨᠢ ᠡᠷᠬᠡ ᠦᠬᠡᠢ ᠬᠦᠮᠦᠰ᠎ᠤᠨ ᠠᠩᠬᠠᠷᠤᠯ᠎ᠢ ᠲᠠᠲᠠᠨ᠎ᠠ᠄ ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》᠎ᠶ᠋ᠢ ᠪᠥᠲᠥᠭᠡᠨ ᠪᠠᠢᠭᠤᠯᠬᠤ ᠵᠡᠷᠭᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠭᠦᠨᠵᠡᠭᠡᠶ ᠵᠥᠪᠯᠡᠯᠭᠡ ᠬᠢᠵᠦ᠍ ᠲᠥᠷᠥ᠎ᠶ᠋ᠢᠨ ᠶᠠᠪᠤᠳᠠᠯ᠎ᠢ ᠵᠥᠪᠯᠡᠵᠦ᠂ ᠪᠣᠳᠠᠲᠠᠶ᠎ᠶ᠋ᠢ ᠡᠷᠬᠢᠮᠯᠡᠨ ᠠᠷᠭ᠎ᠠ ᠤᠬᠠᠭᠠᠨ ᠭᠠᠷᠭᠠᠬᠤ᠂ ᠪᠥᠬᠥ᠌ ᠵᠢᠯ᠎ᠳᠦ ᠵᠥᠪᠯᠡᠯᠭᠡ ᠬᠢᠬᠦ᠌ ᠠᠵᠢᠯᠯᠠᠭ᠎ᠠ᠎ᠶ᠋ᠢ 13 ᠲᠠᠯᠠᠪᠤᠷ᠂  ᠪᠠᠢᠴᠠᠭᠠᠨ ᠦᠵᠡᠵᠦ᠍ ᠱᠢᠨᠵᠢᠯᠡᠨ ᠪᠠᠢᠴᠠᠭᠠᠬᠤ ᠠᠵᠢᠯᠯᠠᠭ᠎ᠠ᠎ᠶ᠋ᠢ 4 ᠤᠳᠠᠭ᠎ᠠ᠂ ᠡᠲᠡᠭᠡᠳ ᠢᠯᠭᠠᠯ᠎ᠤᠨ ᠠᠵᠢᠯᠯᠠᠭ᠎ᠠ᠎ᠶ᠋ᠢ 33 ᠤᠳᠠᠭ᠎ᠠ ᠵᠣᠬᠢᠶᠠᠨ ᠪᠠᠢᠭᠤᠯᠵᠤ᠂ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠱᠢᠨᠵᠢᠯᠡᠬᠦ᠌ ᠤᠬᠠᠭᠠᠨᠴᠢ ᠪᠥᠭᠡᠳ ᠠᠷᠠᠳᠴᠢᠯᠠᠯ᠎ᠢᠶᠠᠷ ᠰᠢᠢᠳᠪᠦᠷᠢᠲᠤ ᠪᠤᠳᠤᠯᠭ᠎ᠠ ᠲᠤᠭᠲᠠᠭᠠᠬᠤ᠎ᠳᠤ ᠴᠢᠬᠤᠯᠠ ᠯᠠᠪᠯᠠᠯᠲᠠ ᠬᠠᠩᠭᠠᠭᠰᠠᠨ ᠪᠠᠢᠨ᠎ᠠ᠃

ᠪᠦᠬᠦ᠌ ᠲᠠᠯ᠎ᠠ᠎ᠶ᠋ᠢ ᠪᠠᠲᠤ ᠡᠵᠡᠮᠳᠡᠵᠦ ᠠᠯᠤᠰ ᠬᠡᠳᠦ᠍᠎ᠶ᠋ᠢ ᠪᠣᠳᠣᠯᠬᠢᠯᠠᠵᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠤ ᠬᠦᠴᠦᠨ ᠨᠡᠮᠡᠷᠢᠯᠡᠪᠡ

《ᠭᠡᠱᠢᠭᠦᠳ᠎ᠦᠨ ᠭᠣᠣᠯ ᠴᠣᠭ᠍ᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ᠎ᠦᠨ ᠬᠦᠰᠡᠯ ᠡᠷᠡᠮᠡᠯᠵᠡᠯ᠂ ᠤᠯᠠᠨ ᠲᠦᠮᠡᠨ᠎ᠦ ᠤᠶᠤᠨ ᠤᠬᠠᠭᠠᠨ᠂ ᠲᠤᠰᠭᠠᠢ ᠮᠡᠷᠭᠡᠵᠢᠯᠲᠡᠨ᠎ᠦ ᠰᠠᠨᠠᠯ᠂ ᠦᠨᠳᠦᠰᠦᠨ ᠱᠠᠲᠤᠨ᠎ᠤ ᠲᠤᠷᠱᠢᠯᠭ᠎ᠠ᠎ᠶ᠋ᠢ ᠱᠢᠩᠭᠡᠭᠡᠨ ᠠᠪᠴᠤ᠌᠂ ᠭᠦᠨᠵᠡᠭᠡᠢ ᠵᠠᠳᠠᠯᠤᠨ ᠰᠤᠳᠤᠯᠵᠤ᠂ ᠰᠠᠨᠠᠯ ᠰᠠᠨᠠᠭᠤᠯᠭ᠎ᠠ ᠳᠤᠷᠠᠳᠭᠤ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠥᠨᠳᠥᠷ ᠲᠦᠪᠱᠢᠨ᠎ᠢᠶᠡᠷ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠤ ᠬᠦᠴᠦᠨ ᠨᠡᠮᠡᠷᠢᠯᠡᠪᠠ》 ᠁ 2025 ᠣᠨ᠎ᠤ 6 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠷᠪᠠᠨ ᠬᠣᠶᠠᠳᠤᠭᠠᠷ ᠬᠤᠷᠠᠯ 《ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠎ᠳᠤ ᠬᠦᠴᠦᠨ ᠨᠡᠮᠡᠷᠢᠯᠡᠬᠦ᠌》 ᠵᠢᠨ ᠲᠣᠭᠣᠷᠢᠨ᠎ᠳᠤ ᠲᠤᠰᠭᠠᠢ ᠰᠡᠳᠦᠪᠲᠤ ᠲᠦᠷᠦ᠍᠎ᠶ᠋ᠢᠨ ᠶᠠᠪᠤᠳᠠᠯ᠎ᠢ ᠵᠦᠪᠯᠡᠵᠦ ᠵᠥᠪᠯᠡᠯᠭᠡ ᠬᠢᠬᠦ᠌ ᠠᠵᠢᠯ᠎ᠢ ᠦᠷᠨᠢᠭᠦᠯᠪᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠪᠠ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠪᠠᠢᠷᠢᠯᠠᠭᠤᠯᠬᠤ ᠵᠠᠩᠭᠢᠯᠠᠭ᠎ᠠ᠎ᠶᠢᠨ ᠴᠡᠭ ᠲᠤ᠌ ᠵᠤᠭᠰᠤᠵᠤ᠂ ᠥᠪᠥᠷ ᠮᠣᠩᠭᠣᠯ ᠬᠡᠷᠬᠢᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠪᠥᠬᠥ ᠲᠠᠯ᠎ᠠ᠎ᠳᠤ ᠦᠢᠯᠡᠴᠢᠯᠡᠬᠦ᠎ᠪᠡᠷ ᠪᠠᠷᠠᠬᠤ ᠦᠭᠡᠢ ᠪᠠᠰᠠ ᠣᠷᠣᠨ ᠪᠦᠰᠡ᠎ᠶᠢᠨ ᠬᠥᠭᠵᠢᠯᠲᠡ᠎ᠶᠢᠨ ᠬᠡᠷᠡᠭᠴᠡᠭᠡ᠎ᠳᠦ ᠵᠤᠬᠢᠴᠠᠭᠤᠯᠬᠤ᠂ ᠨᠠᠩ ᠴᠤ᠌ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠭᠰᠡᠨ ᠢᠷᠠᠭᠤ ᠭᠠᠢᠬᠠᠮᠰᠢᠭ᠍ᠲᠤ ᠰᠢᠨ᠎ᠡ ᠵᠢᠷᠤᠭ ᠲᠥᠰᠥᠪ᠎ᠢ ᠰᠢᠨᠵᠢᠯᠡᠬᠦ ᠤᠬᠠᠭᠠᠨᠴᠢ᠎ᠪᠠᠷ ᠵᠢᠷᠤᠭᠯᠠᠬᠤ ᠨᠢ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠶᠡᠬᠡ ᠰᠡᠳᠦᠪ ᠪᠣᠯᠬᠤ᠎ᠪᠠᠷ ᠪᠠᠷᠠᠬᠤ ᠦᠭᠡᠢ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠭᠯᠡᠯ ᠪᠣᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ《ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠎ᠳᠤ ᠬᠦᠴᠦᠨ ᠨᠡᠮᠡᠷᠢᠯᠡᠬᠦ》 ᠶ᠋ᠢ ᠣᠨ᠎ᠤ ᠴᠢᠬᠤᠯᠠ ᠵᠥᠪᠯᠡᠬᠦ ᠵᠦᠢᠯ᠎ᠵᠢᠡᠷ ᠰᠣᠩᠭᠣᠨ ᠲᠣᠭᠲᠠᠭᠠᠵᠤ᠂ 9 ᠲᠤᠰᠬᠠᠢ ᠵᠥᠪᠯᠡᠯ᠎ᠢ ᠵᠣᠬᠢᠶᠠᠨ ᠪᠠᠢᠭᠤᠯᠵᠤ ᠬᠦᠷᠢᠶ᠎ᠡ ᠴᠠᠷᠠᠭ᠎ᠠ ᠬᠤᠪᠢᠶᠠᠨ ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃ ᠪᠠᠢᠴᠠᠭᠠᠨ ᠰᠤᠳᠤᠯᠬᠤ ᠳᠤᠭᠤᠢᠯᠠᠩ ᠨᠢ ᠬᠦᠷᠢᠶᠡᠯᠡᠩ ᠲᠣᠭᠣᠷᠢᠭ᠋᠎ᠤᠨ ᠠᠵᠤ ᠠᠬᠤᠢᠯᠠᠯ᠂ ᠲᠠᠷᠢᠶᠠᠨ ᠦᠵᠦᠬᠦᠷ᠂ ᠬᠢᠯᠢ᠎ᠶᠢᠨ ᠪᠣᠭᠣᠮᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠢᠶᠠᠷ ᠭᠦᠨᠵᠡᠭᠡᠢᠷᠡᠵᠦ᠂ ᠣᠳᠣᠬᠢ ᠪᠠᠢᠳᠠᠯ᠎ᠢ ᠦᠵᠡᠵᠦ᠂ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠪᠣᠳᠠᠲᠤ ᠪᠠᠢᠳᠠᠯ᠎ᠢ ᠠᠰᠠᠭᠤᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ᠎ᠶᠢᠨ ᠬᠤᠪᠢᠰᠬᠠᠯ᠂ ᠠᠵᠤ ᠦᠢᠯᠡᠰ᠎ᠦᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ ᠵᠡᠷᠭᠡ ᠡᠯ᠎ᠡ ᠲᠠᠯ᠎ᠠ᠎ᠶᠢ ᠬᠠᠮᠤᠷᠴᠠᠢ᠃

ᠪᠠᠢᠴᠠᠭᠠᠨ ᠰᠤᠳᠤᠯᠬᠤ ᠶᠠᠪᠤᠴᠠ᠎ᠳᠤ᠂ ᠭᠡᠰᠢᠭᠦᠳ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠳ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠪᠦᠬᠦ ᠣᠷᠣᠨ᠎ᠤ ᠬᠥᠭᠵᠢᠯᠲᠡ᠎ᠶᠢᠨ ᠠᠮᠵᠢᠯᠲᠠ ᠪᠦᠲᠦᠮᠵᠢ᠎ᠳᠦ ᠪᠠᠶᠠᠰᠤᠨ ᠵᠤᠷᠢᠬᠵᠢᠬᠰᠠᠨ᠎ᠵᠢᠡᠷ ᠪᠠᠷᠠᠬᠤ ᠦᠭᠡᠢ ᠪᠠᠰᠠ ᠬᠥᠭᠵᠢᠯᠲᠡ᠎ᠶᠢᠨ ᠳᠤᠮᠳᠠᠬᠢ ᠬᠦᠴᠢᠷᠳᠡᠯ᠂ ᠲᠦᠭᠵᠢᠷᠡᠯ ᠪᠣᠯᠣᠨ ᠰᠢᠨ᠎ᠡ ᠨᠡᠮᠡᠭᠳᠡᠯ᠎ᠦᠨ ᠴᠡᠭ᠎ᠢ ᠰᠡᠷᠭᠡᠭ᠎ᠢᠶᠡᠷ ᠡᠷᠢᠵᠦ ᠣᠯᠪᠠ᠃

《ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠳᠤ〈ᠡᠭᠦᠳᠡ᠎ᠪᠡᠨ ᠲᠦᠭᠵᠢᠵᠦ ᠵᠤᠷᠢᠭ᠎ᠢᠶᠡᠷ᠎ᠢᠶᠡᠨ ᠦᠢᠯᠡᠳᠴᠦ〉ᠪᠣᠯᠬᠤ ᠦᠭᠡᠢ᠂ ᠡᠷᠬᠡᠪᠰᠢ ᠳᠡᠭᠡᠳᠦ ᠱᠠᠲᠤᠨ᠎ᠤ ᠪᠠᠢᠳᠠᠯ᠎ᠢ ᠨᠡᠪᠲᠡᠷᠡᠲᠡᠯ᠎ᠡ ᠣᠢᠯᠠᠭᠠᠵᠤ᠂ ᠣᠷᠣᠨ᠎ᠤ ᠪᠠᠢᠳᠠᠯ᠎ᠢ ᠡᠵᠡᠮᠰᠢᠵᠦ᠂ ᠭᠠᠳᠠᠭᠠᠳᠤ ᠪᠠᠢᠳᠠᠯ᠎ᠢ ᠣᠢᠯᠠᠭᠠᠵᠤ᠂ ᠪᠢᠳᠡᠨ᠎ᠦ ᠰᠠᠨᠠᠭᠤᠯᠭ᠎ᠠ᠎ᠶᠢ ᠪᠠᠢᠯᠳᠤᠬᠤ ᠪᠣᠳᠣᠯᠭ᠎ᠠ᠎ᠶᠢᠨ ᠥᠨᠳᠥᠷᠴᠡ ᠲᠠᠢ ᠪᠥᠭᠡᠳ ᠪᠠᠰᠠ ᠪᠣᠳᠠᠲᠠᠢ᠎ᠳᠤ ᠨᠠᠢᠳᠠᠪᠤᠷᠢᠵᠢᠭᠤᠯᠵᠤ ᠳᠡᠢᠯᠬᠦ ᠪᠤᠯᠭᠠᠬᠤ ᠬᠡᠷᠡᠭᠲᠡᠢ》 ᠭᠡᠵᠦ ᠨᠢᠭᠡᠨ ᠭᠡᠰᠢᠭᠦᠨ ᠪᠠᠢᠴᠠᠭᠠᠨ ᠰᠤᠳᠤᠯᠤᠯᠲᠠ ᠬᠢᠬᠦ᠎ᠳᠡᠭᠡᠨ ᠭᠦᠨ ᠲᠥᠷᠥᠭᠳᠡᠯ᠎ᠲᠠᠢ ᠬᠡᠯᠡᠪᠡ᠃

ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ ᠪᠡᠷ ᠲᠡᠮᠵᠢᠨ ᠪᠦᠷᠢᠯᠳᠦᠭᠰᠡᠨ ᠰᠠᠨᠠᠭᠤᠯᠭ᠎ᠠ ᠨᠤᠭᠤᠳ ᠨᠢ ᠬᠥᠭᠵᠢᠯᠲᠡ᠎ᠶᠢᠨ ᠳᠤᠲᠠᠭᠤᠳᠠᠯ᠎ᠢ ᠰᠡᠷᠭᠡᠭ᠎ᠢᠶᠡᠷ ᠲᠠᠨᠢᠭᠰᠠᠨ ᠪᠦᠭᠡᠳ ᠪᠠᠰᠠ ᠰᠢᠪᠲᠤᠯᠤᠯᠲᠠ᠎ᠶᠢᠨ ᠠᠷᠭ᠎ᠠ ᠵᠠᠮ᠎ᠤᠨ ᠲᠤᠬᠠᠢ ᠭᠦᠨᠵᠡᠭᠡᠢ ᠪᠣᠳᠣᠯᠬᠢᠯᠠᠨ ᠰᠡᠳᠬᠢᠵᠤ᠂ ᠵᠥᠪᠳᠡᠯᠴᠡᠭᠰᠡᠨ ᠦᠷ᠎ᠡ ᠪᠦᠲᠦᠭᠡᠯ᠎ᠢ 18 ᠰᠠᠯᠠᠭ᠎ᠠ ᠮᠥᠴᠢᠷ ᠨᠢᠭᠡᠴᠢ᠎ᠳᠦ ᠤᠩᠰᠢᠨ ᠰᠤᠳᠤᠯᠤᠭᠤᠯᠬᠤ ᠪᠡᠷ ᠳᠠᠮᠵᠢᠭᠤᠯᠤᠨ ᠦᠭᠴᠤ᠂ ᠪᠥᠬᠥ ᠣᠷᠣᠨ᠎ᠤ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ᠎ᠳᠤ ᠴᠢᠬᠤᠯᠠ ᠯᠠᠪᠯᠠᠯᠲᠠ ᠬᠠᠩᠭᠠᠪᠠ᠃

ᠠᠵᠢᠯ᠎ᠤᠨ ᠭᠣᠣᠯ ᠱᠢᠵᠢᠮ᠎ᠢ ᠴᠢᠩᠭ᠎ᠠ ᠡᠵᠡᠮᠳᠡᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠳᠤ ᠬᠦᠴᠦᠨ ᠨᠡᠮᠡᠷᠢᠯᠡᠪᠡ

《ᠤᠷᠳᠤ ᠴᠠᠭᠠᠨ ᠬᠡᠷᠡᠮ᠂ ᠨᠢᠬᠡᠨ ᠠᠪᠤᠷᠭᠤ ᠯᠤᠤ ᠬᠡᠮᠡᠷ ᠦᠨᠳᠦᠷ ᠰᠦᠷᠯᠢᠭ ᠠᠭᠤᠯᠠ ᠬᠠᠢᠷᠬᠠᠨ ᠦᠷᠭᠡᠨ ᠮᠦᠷᠡᠨ ᠬᠦᠨ ᠲᠠᠯᠠᠢ᠎ᠵᠢ ᠲᠠᠪᠠᠵᠤ᠂ ᠲᠤᠮᠳᠠᠳᠤ ᠤᠯᠤᠰ᠎ᠤᠨ ᠤᠮᠠᠷᠠᠳᠤ ᠵᠢᠨ ᠨᠤᠲᠤᠭ ᠲᠡᠪᠢᠰᠭᠡᠷ᠎ᠢ ᠬᠦᠨᠳᠡᠯᠢᠰᠦᠨ ᠰᠦᠨᠳᠡᠷᠯᠡᠨ᠎ᠡ ᠁ 》2025 ᠣᠨ᠎ᠤ 9 ᠰᠠᠷ᠎ᠠ᠎ᠶ᠋ᠢᠨ 2 ᠤ᠋ᠨ ᠡᠳᠦᠷ᠂ 15 ᠮᠢᠨᠦ᠋ᠲ᠎ᠤᠨ ᠤᠷᠳᠤ ᠴᠠᠭᠠᠨ ᠬᠡᠷᠡᠮ᠎ᠦᠨ ᠤᠬᠠᠭᠤᠯᠭ᠎ᠠ᠎ᠶ᠋ᠢᠨ ᠹᠢᠯᠢᠮ ᠨᠢ AI ᠪᠣᠯᠤᠨ 3D ᠮᠡᠷᠭᠡᠵᠢᠯ᠎ᠢ ᠬᠡᠷᠡᠭᠯᠡᠨ ᠤᠷᠳᠤ ᠴᠠᠭᠠᠨ ᠬᠡᠷᠡᠮ᠎ᠦᠨ ᠲᠡᠦᠬᠡ᠂ ᠰᠣᠶᠣᠯ᠎ᠤᠨ ᠦᠨ᠎ᠡ ᠦᠷᠳᠡᠭ ᠪᠣᠯᠤᠨ ᠤᠳᠤ ᠦᠶ᠎ᠡ᠎ᠶ᠋ᠢᠨ ᠠᠴᠢ ᠬᠣᠯᠪᠣᠭ᠍ᠳᠠᠯ᠎ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ 《ᠤᠷᠳᠤ ᠴᠠᠭᠠᠨ ᠬᠡᠷᠡᠮ᠎ᠦᠨ ᠰᠣᠶᠣᠯ᠎ᠤᠨ ᠦᠨ᠎ᠡ ᠦᠷᠳᠡᠭ᠎ᠢ ᠠᠭᠤᠳᠠᠯᠤᠨ ᠪᠠᠳᠠᠷᠠᠭᠤᠯᠵᠤ᠂ ᠲᠦᠷᠰᠦᠯᠢᠭ ᠰᠡᠳᠬᠢᠯᠬᠡ ᠲᠠᠢ ᠪᠦᠳᠦᠮᠵᠢᠳᠡᠢ ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠰᠭᠠᠢ ᠰᠡᠳᠦᠪᠲᠦ ᠵᠥᠪᠯᠡᠬᠦ᠌ ᠬᠤᠷᠠᠯ᠎ᠤᠨ ᠬᠥᠱᠢᠭᠡ᠎ᠶ᠋ᠢ ᠰᠡᠬᠦᠭ᠌ᠰᠡᠨ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ᠎ᠦ ᠪᠠᠢᠴᠠᠭᠠᠨ ᠰᠤᠳᠤᠯᠬᠤ ᠳᠤᠭᠤᠢᠯᠠᠩ ᠵᠥᠪᠯᠡᠬᠦ᠌ ᠵᠦᠢᠯ ᠲᠠᠢ ᠨᠢᠬᠳᠠ ᠤᠶᠠᠯᠳᠤᠭᠤᠯᠵᠤ᠂ ᠱᠢᠪᠲᠤᠯᠤᠯᠲᠠ᠎ᠶ᠋ᠢᠨ ᠴᠡᠭ ᠪᠣᠯᠤᠨ ᠵᠠᠩᠭᠢᠯᠠᠭ᠎ᠠ᠎ᠶ᠋ᠢᠨ ᠴᠡᠭ᠎ᠢ ᠣᠨᠣᠪᠴᠢᠲᠠᠢ ᠣᠯᠵᠤ᠂ 《ᠵᠢᠭᠤᠯᠴᠢᠯᠠᠯ᠎ᠢᠶᠠᠷ 〈ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ〉 ᠢ᠋ ᠠᠬᠢᠭᠤᠯᠬᠤ ᠵᠢᠭᠤᠯᠴᠢᠯᠠᠯ᠎ᠤᠨ ᠰᠣᠳᠣᠨ ᠵᠠᠮ ᠱᠤᠭᠤᠮ ᠪᠣᠯᠤᠨ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ ᠰᠠᠭᠤᠷᠢᠨ᠎ᠢ ᠰᠦᠪᠡᠭ᠌ᠴᠢᠯᠡᠨ ᠪᠠᠢᠭᠤᠯᠵᠤ᠂ ᠥᠪᠥᠷ ᠮᠣᠩᠭᠣᠯ᠎ᠤᠨ ᠤᠷᠳᠤ ᠴᠠᠭᠠᠨ ᠬᠡᠷᠡᠮ᠂ ᠬᠠᠳᠤᠨ ᠭᠣᠣᠯ᠎ᠤᠨ ᠦᠯᠢᠬᠡᠷ᠎ᠢ ᠰᠠᠢᠲᠤᠷ ᠶᠠᠷᠢᠨᠠᠮ》 ᠵᠡᠷᠭᠡ ᠦᠨᠳᠦᠰᠦᠨ ᠱᠠᠲᠤᠨ᠎ᠳᠤ ᠤᠢ᠍ᠢᠷᠠᠳᠤᠭ᠍ᠰᠠᠨ ᠪᠥᠭᠡᠳ ᠦᠨᠡᠨ ᠬᠦ᠌ ᠬᠡᠷᠡᠭ᠌ᠵᠢᠭᠦᠯᠵᠦ᠍ ᠪᠣᠯᠬᠤᠢᠴᠠ ᠤᠯᠠᠨ ᠰᠠᠨᠠᠭᠤᠯᠭ᠎ᠠ᠎ᠶ᠋ᠢ ᠳᠤᠷᠠᠳᠴᠠᠢ᠃ ᠬᠤᠷᠠᠯ᠎ᠳᠤ ᠣᠷᠣᠯᠴᠠᠭ᠍ᠰᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠤᠰᠭᠠᠶ ᠮᠡᠷᠭᠡᠵᠢᠯᠲᠡᠨ ᠡᠷᠳᠡᠮᠲᠡᠨ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠨᠥᠬᠥᠳ ᠲᠦᠷᠰᠦᠯᠢᠭ ᠰᠡᠳᠬᠢᠯᠬᠡ ᠲᠠᠢ ᠪᠦᠳᠦᠮᠵᠢᠳᠡᠢ ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ  ᠪᠠᠲᠤ ᠴᠣᠭ᠍ᠴᠠᠯᠠᠬᠤ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌᠎ᠳᠦ ᠢᠳᠡᠪᠬᠢᠲᠡᠶ᠎ᠪᠡᠷ ᠰᠠᠨᠠᠯ ᠵᠥᠪᠯᠡᠯᠭᠡ ᠦᠭᠴᠤ ᠠᠷᠭ᠎ᠠ ᠤᠬᠠᠭᠠᠨ ᠭᠠᠷᠭᠠᠪᠠ᠃

ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠭᠦᠨᠵᠡᠭᠡᠢ ᠵᠥᠪᠳᠡᠯᠴᠡᠨ ᠬᠤᠷᠱᠢᠯᠴᠠᠬᠤ᠎ᠪᠠᠷ ᠳᠠᠮᠵᠢᠵᠤ᠂ ᠰᠠᠨᠠᠯ᠎ᠢᠶᠠᠨ ᠭᠦᠢᠴᠡᠳ ᠢᠯᠡᠳᠭᠡᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠵᠥᠪᠯᠡᠬᠦ᠌ ᠲᠠᠪᠴᠠᠩ᠎ᠢ ᠪᠠᠢᠭᠤᠯᠪᠠ᠃《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠠᠮᠲᠤ᠎ᠪᠠᠷ ᠡᠭᠦᠳᠴᠦ᠍ ᠬᠠᠮᠲᠤ᠎ᠪᠠᠷ ᠪᠠᠢᠭᠤᠯᠬᠤ》 ᠠᠵᠢᠯᠯᠠᠭ᠎ᠠ᠎ᠶ᠋ᠢᠨ ᠲᠥᠷᠥᠯ ᠲᠡᠮᠳᠡᠭ᠎ᠢ ᠡᠭᠦᠳᠴᠦ᠍᠂ ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ ᠡᠷᠭᠢᠯᠡᠵᠦ᠍᠂《ᠬᠡᠷᠬᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠡᠷᠴᠢᠮ᠎ᠢᠶᠡᠨ ᠴᠢᠩᠭᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠵᠢᠱ᠌ᠢᠶᠡᠴᠢ᠎ᠪᠡᠷ ᠠᠬᠢᠭᠤᠯᠬᠤ》 ᠪᠠ 《ᠤᠯᠤᠰ ᠲᠥᠷᠥ᠎ᠶ᠋ᠢᠨ ᠵᠥᠪᠯᠡᠯᠭᠡᠨ᠎ᠦ ᠴᠥᠭᠡᠨ ᠲᠣᠭᠠᠲᠤ ᠦᠨᠳᠦᠰᠦᠲᠡᠨ ᠪᠠ ᠱᠠᠱᠢᠨ ᠰᠤᠷᠲᠠᠬᠤᠨ᠎ᠤ ᠡᠲᠡᠭᠡᠳ ᠢᠯᠭᠠᠯ᠎ᠤᠨ ᠭᠡᠱᠢᠭᠦᠳ᠎ᠦᠨ ᠳᠠᠪᠠᠭᠤᠯᠢᠭ ᠪᠠ ᠦᠶ᠋ᠯᠡᠳᠦᠯ᠎ᠢ ᠪᠠᠳᠠᠷᠠᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠲᠥᠭᠡᠨ ᠪᠠᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ》ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ ᠰᠤᠷᠤᠯᠴᠠᠵᠤ ᠱᠢᠨᠵᠢᠯᠡᠨ ᠪᠠᠢᠴᠠᠭᠠᠵᠤ᠂ ᠡᠲᠡᠭᠡᠳ ᠢᠯᠭᠠᠯ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌᠎ᠶ᠋ᠢ ᠠᠬᠢᠭᠤᠯᠪᠠ᠃

ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ  ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠪᠠ

2025 ᠣᠨ᠎ᠤ 8 ᠰᠠᠷ᠎ᠠ᠎ᠶ᠋ᠢᠨ 18 ᠎ᠤ᠋ ᠡᠳᠦᠷ᠂ 《ᠭᠠᠳᠠᠭᠠᠳᠤ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌》ᠵᠥᠪᠯᠡᠬᠦ᠌ ᠵᠦᠢᠯ᠎ᠳᠦ ᠠᠩᠬᠠᠷᠤᠯ᠎ᠢᠶᠡᠨ ᠲᠦᠪᠯᠡᠷᠡᠬᠦᠯᠦᠭᠰᠡᠨ ᠵᠥᠪᠯᠡᠬᠦ᠌ ᠬᠤᠷᠠᠯ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠳᠦ ᠬᠤᠷᠠᠯᠳᠤᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ ᠵᠢᠴᠢ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠥᠪᠥᠷ ᠮᠣᠩᠭᠣᠯ᠎ᠤᠨ ᠳᠡᠭᠡᠳᠦ ᠲᠠᠰ ᠳᠠᠪᠬᠤᠷᠭ᠎ᠠ᠎ᠶ᠋ᠢᠨ᠂ ᠪᠥᠬᠥ᠌ ᠲᠠᠯ᠎ᠠ᠎ᠪᠠᠷ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠤᠭᠤᠷᠢᠨ ᠳ᠋ᠤ ᠭᠦᠨᠵᠡᠭᠡᠶ ᠵᠥᠪᠳᠡᠯᠴᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠥᠪᠥᠷ ᠮᠣᠩᠭᠣᠯ᠎ᠤᠨ《ᠠᠵᠤ ᠠᠬᠤᠶ᠎ᠶ᠋ᠢᠨ ᠨᠡᠪᠲᠡᠷᠡᠬᠦ᠌ ᠵᠠᠮ》 ᠡᠴᠡ《ᠨᠡᠪᠲᠡᠷᠡᠬᠦ᠌ ᠵᠠᠮ᠎ᠤᠨ ᠠᠵᠤ ᠠᠬᠤᠶ》 ᠳᠡᠢᠰᠢ ᠱᠢᠯᠵᠢᠬᠦ᠌᠎ᠳᠦ ᠬᠦᠴᠦᠨ ᠨᠡᠮᠡᠷᠢᠯᠡᠪᠡ᠃

ᠡᠨᠡ ᠪᠣᠯ ᠶᠠᠭ ᠰᠠᠢᠬᠠᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ᠎ᠦ 《ᠭᠣᠣᠯ ᠠᠵᠢᠯ᠎ᠤᠨ ᠳᠤᠭᠤᠷᠢᠨ᠎ᠳᠦ ᠶᠡᠬᠡ ᠲᠠᠯ᠎ᠠ᠎ᠳᠤ ᠦᠢᠯᠡᠴᠢᠯᠡᠵᠦ᠍᠂ ᠭᠣᠣᠯ ᠠᠵᠢᠯ᠎ᠳᠦ ᠣᠷᠣᠯᠴᠠᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠭᠣᠣᠯ ᠠᠵᠢᠯ ᠳ᠋ᠤ ᠠᠭᠤᠰᠤᠯᠴᠠᠵᠤ᠂ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌》ᠠᠵᠢᠯ᠎ᠤᠨ ᠰᠡᠳᠭᠢᠮᠵᠢ᠎ᠶ᠋ᠢ ᠪᠠᠷᠢᠮᠲᠠᠯᠠᠭ᠍ᠰᠠᠨ ᠠᠮᠢᠳᠤᠯᠢᠭ ᠦᠢᠯᠡᠳᠦᠯᠭᠡ ᠪᠣᠯᠤᠨ᠎ᠠ᠃

ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ《ᠬᠣᠶᠠᠷ ᠬᠠᠯᠬᠠᠪᠴᠢ》 ᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ᠎ᠲᠠᠶ ᠨᠢᠭ᠍ᠲᠠ ᠤᠶᠠᠯᠳᠤᠭᠤᠯᠤᠨ ᠵᠥᠪᠯᠡᠯᠬᠡ ᠬᠢᠵᠤ ᠰᠠᠨᠠᠯ ᠰᠠᠨᠠᠭᠤᠯᠭ᠎ᠠ ᠳᠤᠷᠠᠳᠪᠠ᠃

《ᠪᠤᠬᠢᠷᠳᠤᠯ ᠦᠭᠡᠢ ᠪᠤᠳᠤᠯᠳᠠ᠎ᠶᠢᠨ ᠬᠦᠴᠦᠨ᠎ᠦ ᠳᠠᠪᠠᠭᠤᠯᠢᠭ᠎ᠢ ᠪᠠᠳᠠᠷᠠᠭᠤᠯᠵᠤ᠂ ᠵᠣᠬᠢᠶᠠᠮᠠᠯ ᠤᠶᠤᠨ ᠴᠢᠳᠠᠪᠤᠷᠢ ᠬᠢᠭᠡᠳ ᠬᠡᠷᠡᠭ᠌ᠯᠡᠭᠡᠨ᠎ᠦ ᠦᠵᠡᠭᠳᠡᠯ ᠪᠠᠢᠳᠠᠯ᠎ᠢ ᠤᠶᠠᠯᠳᠤᠭᠤᠯᠬᠤ᠎ᠶ᠋ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠪᠴᠢᠯᠡᠨ ᠪᠤᠢ ᠪᠣᠯᠭᠠᠬᠤ》ᠵᠢᠨ ᠳᠤᠭᠤᠷᠢᠨ᠎ᠳᠦ᠂ ᠲᠤᠰᠭᠠᠢ ᠰᠡᠳᠦᠪᠲᠦ ᠳᠦᠷᠦ᠎ᠶᠢᠨ ᠶᠠᠪᠤᠳᠠᠯ᠎ᠢ ᠵᠦᠪᠯᠡᠬᠦ ᠴᠢᠨᠠᠷᠳᠠᠢ ᠪᠠᠢᠩᠭᠤ᠎ᠶ᠋ᠢᠨ ᠬᠤᠷᠢᠶ᠎ᠠ᠎ᠶᠢᠨ ᠬᠤᠷᠠᠯ᠎ᠤᠨ ᠵᠦᠪᠯᠡᠯᠭᠡ ᠥᠷᠨᠢᠭᠦᠯᠵᠡᠢ;  ᠬᠦᠳᠡᠬᠡ ᠲᠤᠰᠬᠤᠨ ᠮᠠᠯᠵᠢᠬᠤ ᠣᠷᠣᠨ᠎ᠤ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢ ᠤᠷᠲᠤᠳᠭᠠᠨ ᠳᠠᠭᠠᠭᠠᠴᠢᠯᠠᠭᠤᠯᠬᠤ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ᠂ ᠱᠢᠨ᠎ᠡ ᠡᠨᠧᠷᠭᠢ᠎ᠶ᠋ᠢ ᠱᠢᠩᠭᠡᠭᠡᠬᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ 《ᠤᠮᠠᠷᠠᠲᠤ᠎ᠶᠢᠨ ᠭᠤᠷᠪᠠᠨ ᠤᠷᠤᠨ》 ᠤ᠋ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠢ ᠠᠬᠢᠭᠤᠯᠬᠤ᠂ ᠦᠬᠠᠶ᠎ᠶ᠋ᠢᠨ ᠡᠷᠬᠢᠨ ᠲᠣᠭᠣᠷᠢᠨ᠎ᠤ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠠᠬᠢᠭᠤᠯᠬᠤ᠂ ᠨᠡᠭᠡᠭᠡᠯᠲᠡ᠎ᠶ᠋ᠢ ᠲᠣᠭ᠍ᠲᠠᠭᠤᠨ᠎ᠢᠶᠠᠷ ᠥᠷᠭᠡᠳᠭᠡᠬᠦ᠌᠂ 《ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠢᠭᠤᠷᠠᠯᠳᠤᠭᠠᠨ᠎ᠢ ᠣᠯᠠᠨ ᠡᠱᠢᠵᠢᠬᠦᠯᠦᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠵᠡᠷᠭᠡ ᠵᠥᠪᠯᠡᠬᠦ᠌ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠰᠡᠳᠦᠪ᠎ᠢᠶᠡᠷ ᠵᠥᠪᠯᠡᠬᠦ᠌᠂ ᠠᠵᠢᠯ ᠲᠥᠷᠥᠯ᠎ᠢᠶᠡᠷ᠎ᠢᠶᠡᠨ ᠵᠥᠪᠯᠡᠬᠦ᠌ ᠪᠠ ᠡᠲᠡᠭᠡᠳ ᠢᠯᠭᠠᠯ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠵᠢ ᠰᠠᠢᠲᠤᠷ ᠪᠡᠶᠡᠯᠡᠭᠦᠯᠬᠦ᠌᠎ᠶ᠋ᠢ ᠠᠬᠢᠭᠤᠯᠪᠠ᠃ ᠪᠡᠭᠡᠵᠢᠩ ᠥᠪᠥᠷ ᠮᠣᠩᠭᠣᠯ᠎ᠤᠨ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠬᠤ ᠲᠤᠬᠠᠶ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍᠂ ᠬᠥᠭᠥᠷᠭᠡ ᠬᠣᠯᠪᠣᠭᠠᠰᠤ ᠪᠣᠯᠬᠤ ᠵᠡᠷᠭᠡ ᠠᠵᠢᠯ᠎ᠢ ᠢᠳᠡᠪᠬᠢᠲᠡᠶ ᠰᠠᠢᠲᠤᠷ ᠬᠢᠪᠠ᠃

2025 ᠣᠨ᠎ᠢ ᠡᠷᠭᠢᠴᠡᠭᠦᠯᠬᠦᠶ᠎ᠡ᠂ ᠢᠳᠡᠷᠡᠭᠦᠨ ᠠᠯᠬᠤᠭ᠎ᠠ᠎ᠪᠠᠷ ᠤᠷᠤᠭ᠍ᠰᠢᠯᠠᠵᠤ᠂ ᠦᠯᠡᠮᠵᠢ ᠦᠷ᠎ᠡ ᠪᠦᠲᠦᠭᠡᠯ ᠤᠯᠪᠠ; ᠢᠷᠡᠭᠡᠳᠦᠢ᠎ᠪᠡᠨ ᠪᠠᠷᠠᠯᠠᠬᠤᠶ᠎ᠠ᠂ ᠡᠭᠦᠷᠭᠡ ᠬᠠᠷᠢᠭᠤᠴᠠᠯᠭ᠎ᠠ ᠮᠥᠷᠥᠨ ᠲᠡᠬᠡᠷ᠎ᠡ ᠪᠤᠢ᠂ ᠢᠲᠡᠭᠡᠯ ᠵᠣᠷᠢᠭ ᠲᠡᠬᠦᠯᠳᠡᠷ ᠪᠠᠢᠨ᠎ᠠ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠦᠷᠭᠦᠯᠵᠢᠯᠡᠨ ᠡᠷᠡᠮᠡᠬᠡᠢᠯᠡᠨ ᠳᠡᠮᠡᠴᠡᠵᠦ᠂ ᠵᠤᠷᠢᠬᠳᠡᠢ ᠤᠷᠤᠭ᠍ᠰᠢᠯᠠᠨ᠂ ᠴᠢᠩ ᠰᠡᠳᠭᠢᠯ ᠡᠴᠡ ᠪᠠᠨ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ᠎ᠶ᠋ᠢ ᠠᠩᠬᠠᠷᠴᠤ᠌᠂ ᠲᠤᠱᠢᠶᠠᠯ ᠬᠠᠷᠢᠭᠤᠴᠠᠯᠭ᠎ᠠ ᠪᠠᠨ ᠭᠦᠨᠴᠡ᠎ᠲᠡᠶ᠂ ᠴᠢᠨᠠᠷ ᠴᠢᠨᠰᠠᠭ᠎ᠠ᠎ᠲᠠᠶ ᠭᠦᠢᠴᠡᠳᠭᠡᠭᠦ ᠦᠷ᠎ᠡ ᠪᠦᠲᠦᠭᠡᠯ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠠᠬᠢᠭᠤᠯᠬᠤ᠎ᠲᠤᠮᠳᠠ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡᠯᠡᠯ᠎ᠢ ᠢᠯᠡᠷᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号