— ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠤᠷᠢᠶ᠎ᠠ ᠵᠢᠨ ᠱᠦᠵᠢ᠂ ᠲᠢᠩᠬᠢᠮ᠎ᠦᠨ ᠳᠠᠷᠤᠭ᠎ᠠ ᠪᠠᠶ ᠶᠦᠩ ᠫᠢᠩ᠎ᠢ ᠰᠤᠷᠪᠤᠯᠵᠢᠯᠠᠬᠰᠠᠨ ᠨᠢ
ᠱᠢᠨ᠎ᠡ ᠭᠠᠷᠤᠭ᠎ᠠ᠎ᠳᠤ ᠰᠠᠭᠤᠷᠢᠯᠠᠨ᠂ ᠱᠢᠨ᠎ᠡ ᠵᠢᠷᠤᠭ ᠲᠥᠰᠦᠪ᠎ᠢ ᠵᠢᠷᠤᠭ᠍ᠯᠠᠨ᠎ᠠ᠃ 2025 ᠣᠨ᠎ᠤ 12 ᠰᠠᠷ᠎ᠠ᠎ᠶ᠋ᠢᠨ 29 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ《1571》ᠠᠵᠢᠯ᠎ᠤᠨ ᠪᠠᠢᠷᠢᠯᠠᠭᠤᠯᠤᠯᠲᠠ᠎ᠶ᠋ᠢ ᠳᠤᠷᠠᠳᠴᠤ᠌᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢ ᠵᠢᠭᠠᠵᠡᠢ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠣᠢᠷ᠎ᠠ᠎ᠳᠤ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠤᠷᠢᠶ᠎ᠠ ᠵᠢᠨ ᠱᠦᠵᠢ᠂ ᠲᠢᠩᠬᠢᠮ᠎ᠦᠨ ᠳᠠᠷᠤᠭ᠎ᠠ ᠪᠠᠶ ᠶᠦᠩ ᠫᠢᠩ᠎ᠢ ᠰᠤᠷᠪᠤᠯᠵᠢᠯᠠᠪᠠ᠃
《ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ᠎ᠨᠢ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ᠂ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠡᠷᠬᠡᠪᠰᠢ ᠬᠠᠤᠯᠢ᠎ᠪᠠᠷ ᠵᠠᠰᠠᠬᠤ᠎ᠶ᠋ᠢᠨ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠲᠦ᠍᠎ᠳᠦ ᠠᠱᠢᠭ᠍ᠲᠠᠶ ᠪᠠᠢᠬᠤ ᠪᠠᠲᠤᠯᠠᠭ᠎ᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠠᠤᠯᠢ᠎ᠪᠠᠷ ᠵᠠᠰᠠᠬᠤ ᠬᠢᠭᠡᠳ ᠥᠭᠡᠷᠡᠴᠢᠯᠡᠯᠲᠡ᠂ ᠬᠥᠭ᠌ᠵᠢᠯᠲᠡ᠂ ᠲᠣᠭ᠍ᠲᠠᠭᠤᠨ᠎ᠤ ᠵᠣᠬᠢᠴᠠᠯᠳᠤᠯ᠎ᠢ ᠨᠠᠩ ᠴᠢᠬᠤᠯᠠᠴᠢᠯᠠᠵᠤ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠠᠩ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠠᠮᠤᠷ ᠲᠦᠪᠱᠢᠨ ᠲᠣᠭ᠍ᠲᠠᠭᠤᠨ ᠨᠡᠢᠭᠡᠮ᠎ᠦᠨ ᠣᠷᠴᠢᠨ ᠨᠦᠬᠦᠴᠡᠯ ᠪᠠ ᠰᠠᠢᠨ ᠰᠠᠢᠬᠠᠨ ᠬᠠᠤᠯᠢ᠎ᠪᠠᠷ ᠵᠠᠰᠠᠬᠤ ᠣᠷᠴᠢᠨ ᠨᠦᠬᠦᠴᠡᠯ᠎ᠢ ᠴᠢᠷᠮᠠᠢᠨ ᠬᠠᠩᠭᠠᠨ᠎ᠠ》 ᠭᠡᠵᠦ᠍ ᠪᠠᠢ ᠶᠦᠩ ᠫᠢᠩ ᠬᠡᠯᠡᠪᠡ᠃
ᠨᠢᠭᠡ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠭᠣᠣᠯ ᠱᠢᠵᠢᠮ ᠳ᠋ᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠪᠡᠷ ᠵᠠᠰᠠᠬᠤ ᠪᠠᠲᠤᠯᠠᠭ᠎ᠠ᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ ᠪᠦᠬᠦ᠌ ᠲᠠᠯ᠎ᠠ᠎ᠪᠠᠷ ᠬᠦᠴᠦᠯᠡᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠡᠴᠡ ᠬᠢᠨᠠᠨ ᠵᠥᠪᠯᠡᠵᠦ᠍ ᠪᠠᠲᠤᠯᠠᠭ᠍ᠰᠠᠨ《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠰᠠᠨᠠᠭᠤᠯᠭ᠎ᠠ》ᠳ᠋ᠡᠬᠢ《ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠬᠠᠤᠯᠢ᠎ᠪᠠᠷ ᠵᠠᠰᠠᠬᠤ᠎ᠪᠠᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠨ᠂ ᠪᠦᠯᠬᠦᠮᠳᠡᠯ᠎ᠢ ᠰᠠᠬᠢᠨ ᠬᠠᠮᠠᠭᠠᠯᠠᠬᠤ ᠬᠡᠷᠡᠭ᠌ᠲᠡᠶ》ᠭᠡᠬᠦ ᠱᠠᠭᠠᠷᠳᠠᠯᠭ᠎ᠠ ᠶᠤᠰᠤᠭᠠᠷ᠂ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠭᠣᠣᠯ ᠱᠢᠵᠢᠮ ᠱᠠᠭᠠᠷᠳᠠᠯᠭ᠎ᠠ᠎ᠯᠤᠭ᠎ᠠ ᠭᠦᠨᠵᠡᠭᠡᠢ ᠠᠭᠤᠰᠤᠯᠴᠠᠭᠤᠯᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠬᠠᠤᠯᠢ ᠴᠠᠭᠠᠵᠠ ᠵᠠᠰᠠᠭ ᠵᠠᠬᠢᠷᠭᠠᠨ᠎ᠤ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠤᠨ᠎ᠠ᠃ ᠭᠤᠤᠯ ᠱᠢᠵᠢᠮ᠎ᠦᠨ ᠤᠬᠠᠮᠰᠠᠷ᠎ᠢᠶᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠪᠥᠬᠥ᠌ ᠱᠢᠰᠲ᠋ᠧᠮ᠎ᠦᠨ ᠪᠠᠢᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠤᠬᠠᠭᠤᠯᠭ᠎ᠠ ᠬᠥᠮᠦᠵᠢᠯ᠎ᠦᠨ ᠲᠣᠭ᠍ᠲᠠᠴᠠ᠎ᠶ᠋ᠢ ᠪᠦᠷᠢᠨᠱᠢᠭᠦᠯᠵᠦ᠍᠂《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》ᠣᠯᠠᠨ ᠲᠦᠮᠡᠨ᠎ᠦ ᠬᠥᠮᠦᠵᠢᠯ᠎ᠢ ᠦᠷᠭᠦᠯᠵᠢᠯᠡᠨ ᠥᠷᠨᠢᠭᠦᠯᠵᠦ᠍᠂《ᠭᠤᠷᠪᠠᠨ ᠰᠠᠯᠵᠤ ᠴᠢᠳᠠᠬᠤ ᠥᠬᠡᠶ》᠂《ᠳᠥᠷᠪᠡᠨ ᠬᠠᠮᠲᠤ》᠂《ᠳᠥᠷᠪᠡᠨ ᠬᠠᠮᠳᠤᠳᠬᠠᠬᠤ》᠂《 ᠲᠠᠪᠤᠨ ᠬᠠᠮᠲᠤ᠎ᠶ᠋ᠢᠨ ᠲᠠᠨᠢᠯᠲᠠ》 ᠵᠡᠷᠭᠡ ᠵᠢᠨ ᠣᠢᠯᠠᠭᠠᠭ᠍ᠳᠠᠬᠤᠨ ᠪᠠ ᠱᠠᠭᠠᠷᠳᠠᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠥᠷᠭᠡᠨ᠎ᠢᠶᠡᠷ ᠥᠷᠨᠢᠭᠦᠯᠵᠦ᠍᠂ ᠵᠢᠱ᠌ᠢᠶᠡᠴᠢ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠠᠤᠯᠢ᠎ᠪᠠᠷ ᠵᠠᠰᠠᠬᠤ ᠠᠵᠢᠯ᠎ᠤᠨ ᠳᠤᠮᠳᠠ ᠭᠣᠣᠯ ᠱᠢᠵᠢᠮ᠎ᠢ ᠲᠤᠭᠤᠱᠢᠯᠠᠭᠤᠯᠬᠤ ᠲᠦᠷᠢᠮ ᠲᠣᠭ᠍ᠲᠠᠴᠠ᠎ᠶ᠋ᠢ ᠤᠯᠠᠮ ᠲᠡᠭᠦᠯᠳᠡᠷᠵᠢᠭᠦᠯᠦᠨ᠂ ᠦᠨᠳᠦᠰᠦᠲᠡᠨ᠎ᠦ ᠪᠦᠯᠬᠦᠮᠳᠡᠯ᠎ᠳᠦ ᠬᠣᠯᠪᠣᠭ᠍ᠳᠠᠬᠤ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠬᠤ ᠠᠵᠢᠯ᠎ᠢ ᠢᠳᠡᠪᠬᠢᠲᠡᠢ ᠥᠷᠨᠢᠭᠦᠯᠵᠦ᠍᠂ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠱᠢᠨ᠎ᠡ᠎ᠪᠡᠷ ᠲᠣᠭ᠍ᠲᠠᠭᠠᠭ᠍ᠰᠠᠨ ᠬᠠᠤᠯᠢ ᠲᠣᠭ᠍ᠲᠠᠭᠠᠯ ᠲᠦᠷᠢᠮ ᠲᠣᠭ᠍ᠲᠠᠭᠠᠯ᠎ᠢ ᠤᠷᠢᠳᠴᠢᠯᠠᠨ ᠬᠢᠨᠠᠨ ᠬᠠᠷᠭᠤᠭᠤᠯᠬᠤ᠂ ᠲᠠᠨᠭᠰᠠᠯᠠᠵᠤ ᠬᠢᠨᠠᠨ ᠪᠠᠢᠴᠠᠭᠠᠬᠤ ᠠᠵᠢᠯ᠎ᠢ ᠴᠢᠩᠭᠠᠳᠭᠠᠵᠤ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠢᠯᠭᠠᠷᠠᠭᠤᠯᠤᠨ ᠲᠢᠭ᠌ᠯᠡᠨᠠ᠃ ᠭᠣᠣᠯ ᠱᠢᠵᠢᠮ᠎ᠦᠨ ᠨᠠᠢᠳᠠᠪᠤᠷᠢᠵᠢᠭᠤᠯᠤᠯᠲᠠ᠎ᠶ᠋ᠢ ᠪᠦᠬᠦ᠌ ᠲᠠᠯ᠎ᠠ᠎ᠪᠠᠷ ᠪᠠᠲᠤᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠣᠣᠯ ᠰᠡᠳᠦᠪᠲᠦ ᠬᠠᠤᠯᠢ ᠪᠡᠷ ᠵᠠᠰᠠᠬᠤ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 《ᠬᠤᠪᠢᠰᠭᠠᠯ᠎ᠤᠨ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠰᠠᠭᠤᠷᠢᠨ》᠎ᠢ᠋ ᠪᠠᠢᠭᠤᠯᠵᠤ᠂ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠤᠯᠤᠰ᠎ᠤᠨ ᠤᠬᠠᠮᠰᠠᠷ᠂ ᠠᠷᠠᠳ ᠢᠷᠭᠡᠨ᠎ᠦ ᠤᠬᠠᠮᠰᠠᠷ᠂ ᠬᠠᠤᠯᠢ ᠪᠡᠷ ᠵᠠᠰᠠᠬᠤ ᠤᠬᠠᠮᠰᠠᠷ᠎ᠢ ᠦᠨᠡᠨ ᠬᠦ᠌ ᠳᠡᠭᠡᠭ᠌ᠰᠢᠯᠡᠭᠦᠯᠦᠨ᠎ᠡ᠃
ᠬᠣᠶᠠᠷ᠎ᠲᠤ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ᠎ᠪᠠᠷ ᠵᠠᠰᠠᠬᠤ᠎ᠶ᠋ᠢ ᠴᠢᠩᠭᠠᠳᠭᠠᠨ ᠠᠶᠠᠯᠠᠯ᠎ᠢ ᠬᠠᠮᠠᠭᠠᠯᠠᠬᠤ ᠲᠠᠯ᠎ᠠ᠎ᠪᠠᠷ ᠪᠦᠬᠦ᠌ ᠲᠠᠯ᠎ᠠ᠎ᠪᠠᠷ ᠬᠦᠴᠦᠯᠡᠬᠦ᠌ ᠬᠡᠷᠡᠭ᠌ᠲᠡᠢ᠃ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠪᠦᠲᠦᠭᠡᠨ ᠪᠠᠢᠭᠤᠯᠬᠤ᠎ᠳᠤ ᠰᠠᠨᠠᠭᠠᠴᠢᠯᠠᠭ᠎ᠠ᠎ᠡᠴᠡ᠎ᠪᠠᠨ ᠦᠶ᠋ᠯᠡᠴᠢᠯᠡᠵᠦ᠍᠂ ᠠᠷᠭ᠎ᠠ ᠬᠡᠮᠵᠢᠶ᠎ᠡ᠎ᠪᠡᠨ ᠤᠯᠠᠮ ᠲᠡᠭᠦᠯᠳᠡᠷᠵᠢᠭᠦᠯᠦᠨ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ᠂ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠨ᠎ᠠ᠃ ᠠᠮᠢ ᠠᠬᠤᠢ᠎ᠶ᠋ᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠨᠤᠲᠤᠭ ᠪᠡᠯᠴᠢᠭᠡᠷ᠎ᠢ ᠬᠠᠮᠠᠭᠠᠯᠠᠬᠤ ᠵᠡᠷᠭᠡ ᠬᠠᠤᠯᠢ ᠲᠣᠭ᠍ᠲᠠᠭᠠᠬᠤ ᠵᠦᠢᠯᠡᠰ᠎ᠢ ᠲᠦᠷᠭᠡᠪᠴᠢᠯᠡᠨ ᠠᠬᠢᠭᠤᠯᠵᠤ᠂ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠣᠷᠴᠢᠨ ᠲᠤᠭᠤᠷᠢᠨ ᠤ᠋ ᠬᠣᠬᠢᠷᠠᠯ᠎ᠤᠨ ᠲᠤᠬᠠᠢ ᠬᠠᠤᠯᠢ ᠪᠠᠷᠢᠬᠤ ᠬᠢᠨᠠᠨ ᠲᠣᠭ᠍ᠲᠠᠭᠠᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ᠎ᠪᠠᠷ ᠵᠠᠰᠠᠬᠤ᠎ᠪᠠᠷ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠵᠡᠷᠭᠡ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠬᠥᠮᠦᠵᠢᠭᠦᠯᠦᠨ ᠥᠭᠡᠷᠡᠴᠢᠯᠡᠬᠦ᠌᠂ ᠨᠡᠢᠭᠡᠮ ᠲᠣᠭᠣᠷᠢᠭ᠎ᠡᠴᠡ ᠵᠠᠯᠠᠷᠠᠭᠤᠯᠬᠤ᠂ ᠬᠠᠪᠰᠤᠷᠤᠨ ᠰᠤᠷᠭᠠᠬᠤ᠎ᠶ᠋ᠢ ᠵᠣᠯᠭᠠᠭᠤᠯᠬᠤ᠂ ᠵᠠᠭᠤᠷᠠᠯᠳᠤᠭᠠᠨ᠎ᠢ ᠡᠶᠡᠳᠡᠭᠦᠯᠬᠦ᠌᠂ ᠬᠠᠤᠯᠢ ᠪᠡᠷ ᠵᠠᠰᠠᠬᠤ ᠤᠬᠠᠭᠤᠯᠭ᠎ᠠ ᠬᠢᠬᠦ᠌ ᠵᠡᠷᠭᠡ 5 ᠵᠦᠶ᠋ᠯ᠎ᠦᠨ ᠠᠵᠢᠯ᠎ᠢ ᠨᠢᠭᠡ ᠴᠤᠭ᠍ᠴᠠᠵᠢᠭᠤᠯᠤᠨ ᠠᠬᠢᠭᠤᠯᠵᠤ᠂ ᠬᠠᠤᠯᠢ ᠪᠡᠷ ᠵᠠᠰᠠᠬᠤ ᠦᠶ᠋ᠯᠡᠳᠦᠯᠭᠡ᠎ᠪᠡᠷ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ᠃ ᠤᠳᠤ ᠦᠶ᠎ᠡ᠎ᠶ᠋ᠢᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠲᠡᠶ ᠤᠶᠠᠯᠳᠤᠭᠤᠯᠤᠨ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠪᠠ ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ 《ᠬᠠᠤᠯᠢᠴᠢ᠎ᠵᠢᠨ ᠬᠡᠷᠡᠭ ᠡᠷᠬᠢᠯᠡᠬᠦ ᠭᠠᠵᠠᠷ ᠪᠠ ᠬᠤᠳᠠᠯᠳᠤᠭᠠᠴᠢᠳ᠎ᠤᠨ ᠡᠪᠯᠡᠯ᠎ᠤᠨ ᠬᠠᠮᠲᠤᠷᠠᠯᠴᠠᠭ᠎ᠠ》᠂ 《ᠬᠠᠤᠯᠢ᠎ᠪᠠᠷ ᠵᠠᠰᠠᠬᠤ ᠪᠡᠶ᠎ᠡ᠎ᠶ᠋ᠢᠨ ᠪᠠᠢᠴᠠᠭᠠᠯᠲᠠ》 ᠵᠡᠷᠭᠡ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠬᠠᠤᠯᠢ᠎ᠪᠠᠷ ᠵᠠᠰᠠᠬᠤ ᠱᠢᠮᠡᠳᠦ ᠬᠥᠷᠥᠰᠥ᠎ᠶ᠋ᠢ ᠭᠦᠨ ᠬᠠᠭᠠᠯᠪᠤᠷᠢᠯᠠᠵᠤ᠂ ᠤᠯᠤᠰ᠎ᠤᠨ ᠴᠢᠬᠤᠯᠠ ᠡᠨᠧᠷᠭᠢ᠎ᠶ᠋ᠢᠨ ᠰᠤᠷᠪᠤᠯᠵᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠬᠤ ᠬᠠᠷᠠᠯᠲᠠ᠎ᠶ᠋ᠢ ᠲᠣᠭ᠍ᠲᠠᠭᠠᠵᠤ᠂ ᠬᠠᠤᠯᠢ᠎ᠪᠠᠷ ᠵᠠᠰᠠᠬᠤ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠤᠯᠤᠰ᠎ᠤᠨ ᠲᠡᠰ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬ ᠵᠢᠱ᠌ᠢᠶ᠎ᠡ ᠦᠵᠡᠭᠦᠯᠬᠦ᠌ ᠲᠣᠰᠭᠣᠨ (ᠨᠡᠢᠭᠡᠮ ᠲᠣᠭᠣᠷᠢᠭ) ᠪᠠ ᠮᠠᠯᠵᠢᠬᠤ ᠲᠠᠷᠢᠶᠠᠯᠠᠬᠤ ᠣᠷᠣᠨ᠎ᠤ ᠬᠠᠤᠯᠢ᠎ᠶ᠋ᠢ ᠰᠤᠷᠴᠤ᠌ ᠬᠠᠤᠯᠢ᠎ᠶ᠋ᠢ ᠬᠡᠷᠡᠭ᠌ᠯᠡᠬᠦ᠌ ᠵᠢᠱ᠌ᠢᠶ᠎ᠡ ᠦᠵᠡᠭᠦᠯᠬᠦ᠌ ᠡᠷᠦᠬᠡ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠢᠷᠡᠭᠦᠯᠵᠦ᠍᠂ 《ᠲᠦᠮᠡᠨ ᠬᠠᠤᠯᠢᠴᠢ᠎ᠶ᠋ᠢ ᠬᠥᠳᠡᠭᠡ ᠲᠣᠰᠭᠣᠨ᠎ᠳᠤ ᠣᠷᠣᠭᠤᠯᠬᠤ 》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ 《ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ 《 ᠰᠠᠭᠠᠳ ᠦᠭᠡᠢ ᠨᠡᠪᠲᠡᠷᠡᠬᠦ᠌ ᠵᠠᠮ 》 ᠢ᠋ ᠱᠢᠯᠤᠭᠤᠳᠭᠠᠵᠤ᠂ ᠬᠠᠤᠯᠢ᠎ᠪᠠᠷ ᠵᠠᠰᠠᠬᠤ᠎ᠪᠠᠷ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠪᠠᠲᠤᠯᠠᠨ᠎ᠠ᠃ ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ᠎ᠶ᠋ᠢᠨ ᠲᠣᠭᠣᠷᠢᠨ᠎ᠳᠤ᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠢ ᠨᠡᠪᠲᠡᠷᠬᠡᠶ ᠮᠡᠳᠡᠳᠡᠭ ᠭᠠᠳᠠᠭᠠᠳᠤ᠎ᠳᠤ ᠬᠣᠯᠪᠣᠭ᠍ᠳᠠᠬᠤ ᠨᠠᠩ ᠣᠯᠠᠨ ᠬᠠᠤᠯᠢ᠎ᠪᠠᠷ ᠵᠠᠰᠠᠬᠤ ᠴᠢᠳᠠᠪᠤᠷᠢᠲᠠᠨ ᠪᠠ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢ ᠪᠤᠢᠵᠢᠭᠤᠯᠬᠤ ᠶ᠋ᠢ ᠳᠡᠮᠵᠢᠵᠦ᠍᠂ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ ᠥᠷᠭᠡᠳᠭᠡᠨ᠂ ᠬᠠᠤᠯᠢ᠎ᠪᠠᠷ ᠵᠠᠰᠠᠬᠤ᠎ᠪᠠᠷ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠠᠮᠠᠭᠠᠯᠠᠨ᠎ᠠ᠃
ᠭᠤᠷᠪᠠ᠎ᠳᠤ ᠥᠪᠡᠷᠲᠡᠭᠡᠨ ᠵᠠᠰᠠᠬᠤ ᠣᠷᠣᠨ᠎ᠤ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠬᠠᠤᠯᠢ᠎ᠪᠠᠷ ᠵᠠᠰᠠᠬᠤ ᠦᠶ᠋ᠯᠡᠴᠢᠯᠡᠭᠡ ᠬᠠᠩᠭᠠᠬᠤ ᠲᠠᠯ᠎ᠠ᠎ᠪᠠᠷ ᠪᠥᠬᠥ᠌ ᠲᠠᠯ᠎ᠠ᠎ᠪᠠᠷ ᠬᠦᠴᠦᠯᠡᠨ᠎ᠡ᠃ ᠬᠠᠤᠯᠢ᠎ᠪᠠᠷ ᠵᠠᠰᠠᠬᠤ᠎ᠵᠢᠨ ᠬᠥᠲᠥᠯᠥᠨ ᠳᠠᠭᠠᠭᠤᠯᠬᠤ᠂ ᠵᠢᠷᠤᠮᠵᠢᠭᠤᠯᠬᠤ᠂ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠠᠮᠤᠷ ᠲᠦᠪᠱᠢᠨ ᠲᠣᠭ᠍ᠲᠠᠭᠤᠨ᠎ᠤ ᠬᠣᠷᠢᠭ᠎ᠠ ᠱᠤᠭᠤᠮ᠎ᠢ ᠰᠠᠢᠲᠤᠷ ᠰᠠᠬᠢᠭ᠍ᠰᠠᠨᠦ ᠰᠠᠭᠤᠷᠢᠨ ᠳᠡᠭᠡᠷ᠎ᠡ᠂ ᠴᠢᠨᠠᠷ ᠰᠠᠢᠲᠠᠶ ᠬᠥᠭ᠌ᠵᠢᠯᠲᠡ᠎ᠳᠦ ᠬᠠᠤᠯᠢ᠎ᠪᠠᠷ ᠵᠠᠰᠠᠬᠤ ᠠᠵᠢᠯ᠎ᠤᠨ ᠠᠷᠭ᠎ᠠ ᠵᠠᠮ᠎ᠢ ᠲᠣᠳᠣᠷᠬᠠᠢᠯᠠᠨᠡ᠃ 《ᠬᠠᠤᠯᠢ᠎ᠪᠠᠷ ᠵᠠᠰᠠᠬᠤ ᠪᠣᠯ ᠬᠠᠮᠤᠭ᠎ᠤᠨ ᠰᠠᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠮᠥᠨ》 ᠭᠡᠬᠦ᠌ ᠤᠢᠯᠠᠭᠠᠭᠳᠠᠬᠤᠨ᠎ᠢ ᠪᠠᠲᠤ ᠪᠣᠶ ᠪᠣᠯᠭᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ 》 ᠤ᠋ᠨ ᠤᠬᠠᠭᠤᠯᠭ᠎ᠠ ᠬᠥᠮᠦᠵᠢᠯ᠎ᠢ ᠴᠢᠩᠭᠠᠳᠭᠠᠨ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠰᠠᠭᠤᠳᠠᠯ᠎ᠤᠨ ᠰᠦᠪᠡᠭ᠌ᠴᠢ᠎ᠶ᠋ᠢ ᠱᠢᠯᠵᠢᠭᠦᠯᠦᠨ ᠬᠦᠷᠭᠡᠬᠦ᠌᠂ ᠰᠦᠪᠡᠭ᠌ᠴᠢ᠎ᠶ᠋ᠢ ᠲᠠᠰ ᠳᠡᠪᠱᠢᠭᠦᠯᠵᠦ᠍ ᠱᠠᠯᠠᠪᠳᠠᠭᠤᠯᠤᠨ ᠭᠦᠶ᠋ᠴᠡᠳᠭᠡᠬᠦ᠌ ᠵᠡᠷᠭᠡ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠵᠦ᠍᠂ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》ᠲᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ᠎ᠢ ᠵᠢᠯᠣᠭᠣᠳᠴᠤ᠌ ᠨᠠᠩ ᠣᠯᠠᠨ ᠵᠠᠰᠠᠭ ᠵᠠᠬᠢᠷᠭᠠᠨ᠎ᠤ ᠪᠠᠢᠴᠠᠭᠠᠬᠤ ᠵᠦᠶ᠋ᠯᠡᠰ᠎ᠢ 《ᠶᠡᠷᠦᠩᠬᠡᠢᠯᠡᠨ ᠨᠢᠭᠡ ᠯᠡ ᠤᠳᠠᠭ᠎ᠠ ᠪᠠᠢᠴᠠᠭᠠᠬᠤ》 ᠨᠠᠷᠢᠨ ᠳᠠᠨᠭᠰᠠ᠎ᠳᠤ ᠣᠷᠣᠭᠤᠯᠤᠨ᠎ᠠ᠃ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠢᠳᠪᠦᠷᠢᠯᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠠᠷᠠᠳ᠎ᠤᠨ ᠡᠶᠡᠳᠡᠭᠦᠯᠭᠡ᠎ᠪᠡᠷ ᠰᠠᠭᠤᠷᠢ ᠪᠣᠯᠭᠠᠭ᠍ᠰᠠᠨ᠂ ᠡᠯ᠎ᠡ ᠲᠥᠷᠥᠯ᠎ᠦᠨ ᠡᠶᠡᠳᠡᠭᠦᠯᠭᠡ᠎ᠶ᠋ᠢ ᠵᠣᠯᠭᠠᠭᠤᠯᠤᠨ ᠬᠣᠯᠪᠣᠯᠳᠤᠭᠤᠯᠤᠭ᠍ᠰᠠᠨ ᠡᠶᠡᠳᠡᠭᠦᠯᠬᠦ᠌ ᠠᠵᠢᠯ᠎ᠤᠨ ᠪᠠᠢᠷᠢᠱᠢᠯ᠎ᠢ ᠭᠦᠨᠵᠡᠭᠡᠢᠷᠡᠭᠦᠯᠵᠦ᠍᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠱᠢᠢᠳᠪᠦᠷᠢᠯᠡᠬᠦ᠌ ᠲᠤᠰᠭᠠᠢ ᠠᠵᠢᠯᠯᠠᠭ᠎ᠠ᠎ᠶ᠋ᠢ ᠥᠷᠨᠢᠭᠦᠯᠵᠦ᠍᠂ ᠭᠡᠷ ᠪᠦᠯᠢ᠂ ᠬᠥᠷᠰᠢ ᠵᠡᠷᠭᠡᠯᠡᠳᠡᠭᠡ ᠵᠡᠷᠭᠡ ᠵᠥᠷᠢᠴᠡᠯ ᠵᠠᠭᠤᠷᠠᠯᠳᠤᠭᠠᠨ᠎ᠢ ᠴᠠᠭ ᠲᠤᠬᠠᠢᠳᠤᠨᠢ ᠪᠠᠢᠴᠠᠭᠠᠨ ᠱᠢᠢᠳᠪᠦᠷᠢᠯᠡᠵᠦ᠍᠂ ᠵᠥᠷᠢᠴᠡᠯ ᠵᠠᠭᠤᠷᠠᠯᠳᠤᠭᠠᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠦᠨᠳᠦᠰᠦᠨ ᠱᠠᠲᠤᠨ᠎ᠳᠤ ᠪᠠ ᠴᠤᠬᠤᠢᠵᠤ ᠪᠠᠢᠭ᠎ᠠ ᠦᠶ᠎ᠡ᠎ᠳᠤ᠎ᠨᠢ ᠠᠷᠢᠯᠭᠠᠨ᠎ᠠ᠃ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠯᠤᠭ᠎ᠠ ᠢᠳᠡᠪᠬᠢᠲᠡᠶ ᠬᠠᠮᠵᠢᠯᠴᠠᠨ᠂ ᠶᠡᠷᠦᠩᠬᠡᠢᠯᠡᠨ ᠵᠠᠰᠠᠬᠤ ᠲᠥᠪ᠎ᠦᠨ ᠨᠢᠭᠡᠳᠦᠯᠲᠡᠶ ᠲᠥᠯᠥᠪᠵᠢᠭᠦᠯᠭᠡ ᠳᠣᠣᠷ᠎ᠠ ᠵᠥᠷᠢᠴᠡᠯ ᠵᠠᠭᠤᠷᠠᠯᠳᠤᠭᠠᠨ᠎ᠢ ᠨᠡᠩ ᠰᠠᠢᠲᠤᠷ ᠦᠨᠡᠨ ᠪᠣᠳᠠᠲᠠᠶ᠎ᠪᠠᠷ ᠱᠢᠶ᠋ᠳᠪᠦᠷᠢᠯᠡᠨ᠎ᠡ᠃ ᠬᠠᠤᠯᠢ ᠴᠠᠭᠠᠵᠠ᠎ᠶ᠋ᠢᠨ ᠭᠠᠵᠠᠷ᠂ ᠱᠢᠶᠠᠩ ᠪᠠᠯᠭᠠᠰᠤ᠎ᠶ᠋ᠢᠨ ᠵᠡᠭᠡᠯᠢ ᠭᠤᠳᠤᠮᠵᠢ᠂ ᠲᠣᠰᠭᠣᠨ ᠭᠠᠴᠠᠭ᠎ᠠ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠥᠷᠲᠡᠭᠡ ᠴᠡᠭ ᠪᠠᠢᠭᠤᠯᠵᠤ᠂ ᠬᠣᠲᠠ ᠬᠥᠳᠡᠭᠡ᠎ᠶ᠋ᠢᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶ᠋ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠦᠨ᠎ᠡ᠃
ᠳᠥᠷᠪᠡ᠎ᠳᠦ ᠤᠯᠤᠰ ᠲᠥᠷᠥ᠎ᠶ᠋ᠢᠨ ᠦᠨᠡᠨᠴᠢ ᠱᠢᠳᠤᠷᠭᠤ᠎ᠶ᠋ᠢ ᠪᠠᠲᠤ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠳᠠᠬᠢ ᠨᠠᠮ᠎ᠤᠨ ᠬᠠᠷᠢᠴᠠᠯᠠᠱᠢᠭᠦᠶ ᠤᠳᠤᠷᠢᠳᠤᠯᠭ᠎ᠠ᠎ᠶ᠋ᠢ ᠴᠢᠩᠭᠠᠳᠭᠠᠬᠤ ᠳᠡᠭᠡᠷ᠎ᠡ ᠪᠥᠬᠥ᠌ ᠲᠠᠯ᠎ᠠ᠎ᠪᠠᠷ ᠬᠦᠴᠦᠯᠡᠨ᠎ᠡ᠃ ᠪᠦᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮᠱᠢᠨᠡ ᠴᠠᠭ ᠦᠶ᠎ᠡ᠎ᠶ᠋ᠢᠨ ᠬᠠᠤᠯᠢ ᠪᠡᠷ ᠵᠠᠰᠠᠬᠤ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠭ᠌ᠯᠡᠯ᠂ ᠠᠵᠢᠯ᠎ᠤᠨ ᠪᠠᠢᠷᠢᠱᠢᠭᠤᠯᠤᠯᠲᠠ᠂ ᠭᠣᠣᠯᠳᠠᠯᠭ᠎ᠠ᠎ᠲᠠᠶ ᠡᠭᠦᠷᠭᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠡᠵᠡᠮᠳᠡᠵᠦ᠍᠂ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠬᠥᠮᠦᠵᠢᠯ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠤᠬᠠᠮᠰᠠᠷ᠎ᠤᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠮ᠎ᠤᠨ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠰᠠᠬᠢᠵᠤ᠂ ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠᠢᠬᠤ᠎ᠪᠠᠨ ᠦᠷᠭᠦᠯᠵᠢᠯᠡᠨ ᠪᠡᠬᠢᠵᠢᠭᠦᠯᠵᠦ᠍᠂ ᠨᠠᠮ᠎ᠤᠨ ᠲᠥᠪ ᠬᠣᠷᠢᠶ᠎ᠠ᠎ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠃
ᠠᠤᠭ᠎ᠠ ᠬᠦᠰᠡᠯᠡᠩ ᠠᠤᠭ᠎ᠠ ᠵᠣᠷᠢᠭ᠎ᠢᠶᠠᠷ ᠱᠢᠨ᠎ᠡ ᠠᠶᠠᠨ᠎ᠢᠶᠠᠨ ᠡᠷᠡᠰ ᠰᠢᠭᠤᠷᠬᠠᠢ ᠡᠬᠢᠯᠡᠭᠦᠯᠰᠦᠭᠡᠢ᠃ ᠪᠠᠢ ᠶᠦᠩ ᠫᠢᠩ᠂ 2026 ᠣᠨ ᠵᠢᠴᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠪᠦᠬᠦ᠌ ᠲᠠᠯ᠎ᠠ᠎ᠳᠤ ᠦᠢᠯᠡᠴᠢᠯᠡᠬᠦ᠌᠎ᠳᠦ ᠰᠠᠭᠤᠷᠢᠯᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠲᠡᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠨ᠎ᠠ ᠭᠡᠵᠦ᠍ ᠢᠯᠡᠳᠭᠡᠪᠡ᠃