

ᠴᠠᠭᠤᠯᠠᠷᠢᠯ ᠰᠣᠯᠢᠭ᠍ᠳᠠᠵᠤ᠂ ᠢᠷᠠᠭᠤ ᠬᠠᠭᠤᠳᠠᠰᠤ ᠡᠳᠦᠷᠪᠦᠷᠢ ᠱᠢᠨᠡᠳᠦᠨᠡ᠃ ᠳᠡᠯᠡᠬᠡᠶ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠥᠬᠡᠶ ᠶᠡᠬᠡ ᠬᠤᠪᠢᠰᠤᠯᠲᠠ ᠲᠦᠷᠭᠡᠰᠴᠦ᠍ ᠪᠠᠢᠭ᠎ᠠ ᠠᠬᠤᠶ ᠪᠠᠢᠳᠠᠯ ᠳᠤᠤᠷ᠎ᠠ᠂ ᠥᠪᠥᠷ ᠮᠣᠩᠭᠣᠯ 2025 ᠣᠨ᠎ᠳᠤ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠪᠠᠳᠤ ᠡᠵᠡᠮᠳᠡᠵᠦ᠂ ᠵᠣᠷᠢᠭ᠍ᠲᠠᠶ ᠱᠢᠪᠲᠤᠯᠤᠯᠳᠠ ᠬᠢᠵᠦ ᠵᠣᠷᠢᠭ᠍ᠲᠠᠶ ᠲᠤᠷᠱᠢᠬᠤ᠂ ᠪᠣᠳᠠᠲᠠᠶ ᠠᠵᠢᠯᠯᠠᠵᠤ ᠪᠠᠳᠤᠳᠠᠢ ᠦᠢᠯᠡᠳᠦᠯᠬᠡᠵᠢᠬᠦᠯᠬᠦ ᠣᠪᠣᠷ ᠪᠠᠢᠳᠠᠯ᠎ᠢᠶᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠤᠷᠤᠯᠳᠤᠭᠠᠨ᠎ᠤ ᠵᠠᠮ ᠳᠡᠭᠡᠷ᠎ᠡ ᠯᠠᠪᠳᠠᠭᠤᠨ᠎ᠢᠶᠠᠷ ᠬᠣᠯᠠ ᠠᠶᠠᠯᠠᠪᠠ᠃ 2025 ᠣᠨ᠎ᠳᠤ ᠥᠪᠥᠷ ᠮᠣᠩᠭᠣᠯ᠎ᠤᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 26710 ᠳ᠋ᠦᠩᠱᠢᠭᠤᠷ ᠲᠥᠭᠥᠷᠢᠭ᠎ᠲᠦ ᠬᠦᠷᠴᠦ᠍᠂ ᠥᠯᠥ᠍ ᠬᠤᠪᠢᠰᠭᠤ ᠦᠨ᠎ᠡ᠎ᠪᠡᠷ ᠪᠤᠳᠤᠪᠠᠯ᠂ ᠲᠡᠭᠡᠷ᠎ᠠ ᠵᠢᠯ᠎ᠦᠨ᠎ᠬᠢ᠎ᠡᠴᠡ ᠪᠠᠨ 4.7 % ᠪᠠᠷ ᠨᠡᠮᠡᠭ᠌ᠳᠡᠪᠡ᠃
ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠵᠠᠮ᠎ᠢᠶᠠᠷ ᠭᠤᠢᠪᠢᠰᠢ ᠦᠭᠡᠢ ᠵᠠᠮᠨᠠᠪᠠ᠃ 2025 ᠣᠨ᠎ᠳᠤ ᠥᠪᠥᠷ ᠮᠣᠩᠭᠣᠯ᠎ᠤᠨ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠱᠢᠨ᠎ᠡ ᠠᠮᠵᠢᠯᠲᠠ ᠣᠯᠵᠤ᠂ ᠪᠦᠬᠦ᠌ ᠵᠢᠯ᠎ᠳᠦ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠤᠢ ᠱᠢᠭᠤᠢ ᠨᠤᠲᠤᠭ ᠪᠡᠯᠴᠢᠭᠡᠷ᠎ᠦᠨ ᠲᠤᠰᠭᠠᠢ ᠪᠡᠯᠡ ᠮᠥᠩᠭᠥ᠎ᠶ᠋ᠢ 321.05 ᠳ᠋ᠦᠩᠱᠢᠭᠤᠷ ᠲᠥᠭᠥᠷᠢᠭ ᠪᠣᠳᠠᠲᠠᠢᠵᠢᠭᠤᠯᠵᠤ᠂ 5062 ᠲᠦᠮᠡᠨ ᠮᠦ᠍᠎ᠶ᠋ᠢᠨ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠪᠡ᠂ ᠡᠭᠦᠨ᠎ᠳᠦ ᠡᠯᠡᠰᠦᠷᠬᠡᠭᠵᠢᠯ ᠢ᠋ ᠰᠡᠷᠭᠡᠢᠯᠡᠵᠤ ᠡᠯᠡᠰᠦ᠎ᠶ᠋ᠢ ᠵᠠᠰᠠᠭ᠍ᠰᠠᠨ ᠲᠠᠯᠠᠪᠠᠢ 2368 ᠲᠦᠮᠡᠨ ᠮᠦ᠍ ᠪᠠᠢᠵᠤ᠂ ᠬᠡᠪᠴᠢᠶ᠎ᠡ ᠨᠢ ᠦᠷᠭᠦᠯᠵᠢᠯᠡᠨ ᠪᠦᠬᠦ᠌ ᠤᠯᠤᠰ᠎ᠲᠤ ᠲᠦᠷᠦᠭᠦᠯᠡᠪᠡ᠃

ᠥᠪᠥᠷ ᠮᠣᠩᠭᠣᠯ 《ᠤᠯᠤᠰ᠎ᠤᠨ ᠶᠡᠬᠡ ᠶᠠᠪᠤᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠦᠨ ᠪᠠᠢᠭᠤᠯᠤᠯᠲᠠ᠂ ᠬᠥᠨᠥᠭᠡᠯᠲᠦ ᠠᠮᠢᠳᠤ ᠪᠣᠳᠠᠰ᠎ᠢ ᠰᠡᠷᠭᠡᠢᠯᠡᠨ ᠵᠠᠰᠠᠬᠤ ᠵᠡᠷᠭᠡ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ 《ᠭᠤᠷᠪᠠ᠎ᠶ᠋ᠢ ᠦᠷᠭᠦᠯᠵᠢᠯᠡᠨ ᠰᠠᠢᠵᠢᠷᠠᠭᠤᠯᠬᠤ》 ᠶ᠋ᠢ ᠪᠡᠶᠡᠯᠡᠭᠦᠯᠪᠡ — ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠲᠦᠪᠱᠢᠨ ᠦᠷᠭᠦᠯᠵᠢᠯᠡᠨ ᠰᠠᠢᠵᠢᠷᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠦᠷ᠎ᠡ ᠪᠦᠲᠦᠮᠵᠢ ᠦᠷᠭᠦᠯᠵᠢᠯᠡᠨ ᠰᠠᠢᠵᠢᠷᠠᠵᠤ᠂ ᠠᠮᠢ ᠠᠬᠤᠶ᠎ᠶ᠋ᠢᠨ ᠪᠣᠯᠪᠠᠰᠤᠨ᠎ᠤ ᠲᠦᠷᠢᠮ᠎ᠦᠨ ᠪᠠᠢᠭᠤᠯᠤᠯᠲᠠ ᠦᠷᠭᠦᠯᠵᠢᠯᠡᠨ ᠰᠠᠢᠵᠢᠷᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠪᠠ᠃
ᠬᠠᠳᠤᠨ ᠭᠤᠤᠯ᠎ᠤᠨ ᠤᠰᠤ ᠨᠠᠮ ᠵᠢᠮ ᠤᠷᠤᠰ᠎ᠤᠨ ᠪᠣᠷᠣᠲᠣᠬᠣᠶ᠎ᠶ᠋ᠢᠨ ᠲᠠᠯ᠎ᠠ ᠭᠠᠵᠠᠷ᠎ᠲᠤ ᠬᠦᠷᠴᠦ᠍᠂ ᠲᠦᠮᠡᠨ ᠴᠢᠩ ᠰᠠᠢᠨ ᠲᠠᠷᠢᠶ᠎ᠠ᠎ᠶ᠋ᠢ ᠰᠢᠮᠡᠵᠢᠭᠦᠯᠦᠨᠠ᠃ ᠵᠢᠯ ᠪᠦᠷᠢ᠎ᠶ᠋ᠢᠨ ᠨᠠᠮᠤᠷ᠎ᠤᠨ ᠬᠤᠷᠢᠶᠠᠯᠲᠠ᠎ᠶ᠋ᠢᠨ ᠦᠶ᠎ᠡ᠎ᠳᠦ᠂ ᠲᠠᠯ᠎ᠠ ᠭᠠᠵᠠᠷ᠎ᠲᠤ ᠮᠠᠱᠢᠨ ᠬᠦᠷᠴᠢᠭᠢᠨᠡᠵᠦ᠍᠂ ᠠᠯᠳᠠᠨ ᠱᠢᠷᠭᠠᠯ ᠡᠷᠳᠡᠨᠢ ᠱᠢᠰᠢ᠎ᠶ᠋ᠢᠨ ᠲᠦᠷᠦᠭᠦᠦ ᠳᠣᠷᠣᠭ᠍ᠰᠢ ᠲᠤᠬᠢᠯᠵᠠᠨᠠ᠃ ᠪᠣᠷᠣᠲᠣᠬᠣᠶ᠎ᠶ᠋ᠢᠨ ᠲᠠᠯ᠎ᠠ ᠭᠠᠵᠠᠷ᠎ᠲᠡᠬᠢ ᠲᠠᠷᠢᠶᠠᠯᠠᠩ᠎ᠤᠨ ᠲᠣᠮᠣ ᠬᠣᠱᠢᠭᠤ ᠪᠣᠯᠤᠭ᠍ᠰᠠᠨ᠎ᠤ ᠬᠤᠪᠢ᠎ᠳᠤ᠂ 2025 ᠣᠨ᠎ᠳᠤ ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠡᠷᠳᠡᠨᠢ ᠱᠢᠰᠢ ᠳᠠᠷᠢᠬᠤ ᠠᠵᠢᠯ ᠲᠠᠬᠢᠨᠳᠠ ᠠᠮᠵᠢᠯᠳᠠᠤᠯᠪᠠ — ᠡᠷᠳᠡᠨᠢᠪᠤᠯᠠᠭ ᠰᠤᠮᠤ᠎ᠶ᠋ᠢᠨ ᠠᠷᠴᠠ ᠭᠠᠴᠠᠭ᠎ᠠ᠎ᠶ᠋ᠢᠨ 1022 ᠮᠥ᠍ ᠡᠷᠳᠡᠨᠢ ᠱᠢᠰᠢ᠎ᠶ᠋ᠢᠨ ᠵᠢᠱ᠌ᠢᠶ᠎ᠡ ᠦᠵᠡᠭᠦᠯᠬᠦ᠌ ᠲᠠᠷᠢᠶᠠᠨ ᠭᠠᠵᠠᠷ᠎ᠤᠨ ᠮᠥ᠍ ᠳᠤᠮᠳᠠᠴᠢ ᠵᠢᠨ ᠤᠨᠠᠯᠲᠠ᠎ᠨᠢ 1421.77 ᠺᠢᠯᠣᠭ᠌ᠷᠠᠮ᠎ᠳᠤ ᠬᠦᠷᠴᠦ᠍᠂ ᠥᠪᠥᠷ ᠮᠣᠩᠭᠣᠯ᠎ᠤᠨ ᠡᠷᠳᠡᠨᠢ ᠱᠢᠰᠢ᠎ᠶ᠋ᠢᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭ᠌ᠯᠡᠯ᠎ᠢ ᠱᠢᠨᠡᠳᠭᠡᠪᠡ᠃

《ᠰᠠᠢᠨ ᠲᠠᠷᠢᠶ᠎ᠠ + ᠰᠠᠢᠨ ᠮᠡᠷᠭᠡᠵᠢᠯ》ᠪᠣᠯ ᠡᠨᠳᠡᠬᠢ ᠭᠠᠷᠤᠯᠲᠠ᠎ᠶ᠋ᠢ ᠲᠣᠭ᠍ᠲᠠᠪᠤᠷᠢᠵᠢᠭᠤᠯᠵᠤ ᠭᠠᠷᠤᠯᠲᠠ᠎ᠶ᠋ᠢ ᠨᠡᠮᠡᠭ᠌ᠳᠡᠭᠦᠯᠦᠭᠰᠡᠨ ᠵᠠᠩᠭᠢᠯᠠᠭᠠᠪᠣᠯᠤᠨᠠ᠃ 2025 ᠣᠨ᠎ᠳᠤ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠮᠠᠯ ᠠᠵᠤ ᠠᠬᠤᠶ᠎ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠪᠠᠷ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠪᠥᠬᠥ᠌ ᠣᠷᠣᠨ᠎ᠤ ᠠᠮᠤ ᠪᠤᠳᠠᠭᠠᠨ᠎ᠤ ᠶᠡᠷᠦᠩᠬᠡᠶ ᠤᠨᠠᠯᠲᠠ 840.7 ᠳ᠋ᠦᠩᠱᠢᠭᠤᠷ ᠵᠢᠩ᠎ᠳᠦ ᠬᠦᠷᠴᠦ᠍᠂ ᠳᠡᠭᠡᠷ᠎ᠡ ᠵᠢᠯ᠎ᠦᠨ᠎ᠬᠢ᠎ᠡᠴᠡ ᠪᠠᠨ 2.5 % ᠪᠠᠷ ᠨᠡᠮᠡᠭ᠌ᠳᠡᠵᠦ᠍᠂ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠪᠡ᠃
ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ 2025 ᠣᠨ᠎ᠳᠤ ᠪᠥᠬᠥ᠌ ᠤᠯᠤᠰ ᠲᠸ᠋ ᠡᠩ ᠲᠠᠷᠢᠬᠦᠨ᠎ᠳᠤ 3 ᠳ᠋ᠦᠩᠱᠢᠭᠤᠷ ᠺᠢᠯᠦᠸᠠᠲ᠎ᠢ ᠳᠠᠪᠠᠵᠤ᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ 3500 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ 21 ᠵᠢᠯ ᠲᠠᠷᠠᠭᠠᠯᠠᠨ ᠪᠥᠬᠥ᠌ ᠤᠯᠤᠰ᠎ᠲᠤ ᠲᠦᠷᠦᠭᠦᠯᠡᠪᠡ᠃
ᠥᠪᠥᠷ ᠮᠣᠩᠭᠣᠯ《ᠰᠠᠯᠬᠢᠨ ᠬᠦᠴᠦᠨ ᠨᠠᠷᠠᠨᠦ ᠭᠡᠷᠡᠯ ᠲᠠᠢ᠂ ᠨᠡᠭᠦᠷᠡᠰᠦ᠎ᠲᠡᠶ᠂ ᠴᠠᠬᠢᠯᠭᠠᠨ ᠲᠤᠤᠷ᠎ᠲᠠᠶ》ᠪᠠᠢᠬᠤ ᠳᠠᠪᠠᠭᠤᠯᠢᠭ᠎ᠢᠶᠠᠨ ᠭᠦᠶ᠋ᠴᠡᠳ ᠠᠱᠢᠭ᠍ᠯᠠᠨ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠪᠠ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠵᠤᠬᠢᠴᠠᠭᠤᠯᠤᠨ ᠠᠬᠢᠭᠤᠯᠵᠤ ᠪᠠᠢᠨ᠎ᠠ᠃
ᠣᠷᠳᠣᠰ ᠬᠣᠲᠠ᠎ᠶ᠋ᠢᠨ ᠮᠸᠩ ᠰᠤ᠌ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ᠎ᠳᠦ᠂ ᠤᠯᠠᠭᠠᠨ ᠦᠩᠭᠡ ᠲᠠᠢ ᠤᠰᠤᠲᠥ᠋ᠷᠥᠭ᠌ᠴᠢ ᠡᠨᠧᠷᠭᠢ᠎ᠶ᠋ᠢᠨ ᠬᠦᠨᠳᠦ ᠠᠴᠢᠶᠠᠨ᠎ᠤ ᠮᠠᠰᠢᠨ ᠰᠦᠯᠵᠢᠯᠳᠦᠨᠠ᠃ ᠭᠦᠸᠧ ᠬᠣᠩ ᠤᠰᠤᠲᠥ᠋ᠷᠥᠭ᠌ᠴᠢ ᠡᠨᠧᠷᠭᠢ᠎ᠶ᠋ᠢᠨ ᠴᠠᠬᠢᠯᠭᠠᠨ ᠴᠡᠨᠡᠭ᠎ᠦᠨ ᠱᠢᠰᠲ᠋ᠧᠮ᠎ᠢ ᠠᠴᠢᠭ᠍ᠰᠠᠨ ᠡᠳᠡᠭᠡᠷ ᠲᠡᠷᠭᠡ ᠨᠤᠭᠦᠳ ᠵᠥᠪᠬᠡᠨ 8 ᠮᠢᠨᠦ᠋ᠲ᠎ᠤᠨ ᠲᠤᠳᠤᠷ᠎ᠠ ᠤᠰᠤᠲᠥ᠋ᠷᠥᠭ᠌ᠴᠢ ᠨᠡᠮᠡᠬᠦ᠎ᠶᠢ ᠪᠡᠶᠡᠯᠡᠭᠦᠯᠵᠦ᠂ ᠦᠷᠭᠦᠯᠵᠢᠯᠡᠨ ᠠᠶᠠᠯᠠᠬᠤ ᠵᠠᠶ ᠨᠢ 500 ᠺᠢᠯᠣᠮᠧᠲ᠋ᠷ᠎ᠢ ᠳᠠᠪᠠᠨ᠎ᠠ᠃ ᠳᠤᠷᠠᠳᠤᠭᠤᠱᠢᠲᠠᠶ᠎ᠨᠢ᠂ ᠡᠲᠡᠭᠡᠷ ᠲᠡᠷᠭᠡᠨ᠎ᠦ ᠭᠠᠳᠠᠭ᠍ᠰᠢᠯᠠᠭᠤᠯᠤᠭ᠍ᠰᠠᠨ ᠨᠢ ᠬᠠᠶᠠᠭ᠍ᠳᠠᠮᠠᠯ ᠬᠡᠶ ᠪᠢᠰᠢ᠂ ᠬᠠᠷᠢᠨ ᠴᠡᠪᠡᠷ ᠤᠰᠤ ᠪᠣᠯᠤᠨ᠎ᠠ᠃ ᠡᠨᠡ ᠬᠦ᠌ ᠥᠨᠳᠥᠷ ᠪᠦᠲᠦᠮᠵᠢᠲᠡᠶ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠲᠡᠭᠡᠭᠡᠪᠦᠷᠢ᠎ᠶ᠋ᠢᠨ ᠠᠬᠤᠶ ᠪᠠᠢᠳᠠᠯ᠎ᠨᠢ ᠲᠣᠰ ᠬᠦᠷᠢᠶᠡᠯᠡᠩ ᠲᠣᠭᠣᠷᠢᠭ᠎ᠤᠨ 《ᠰᠠᠯᠬᠢᠨ ᠬᠦᠴᠦᠨ ᠨᠠᠷᠠᠨ ᠤ᠋ ᠬᠡᠷᠡᠯ ᠤᠰᠤᠲᠥ᠋ᠷᠥᠭ᠌ᠴᠢ ᠡᠨ᠋ᠸᠷᠬᠢ ᠵᠢᠨ ᠨᠦᠬᠡᠴᠡ ᠲᠡᠷᠭᠡ》᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶᠡᠳ᠋ᠡᠬᠢ ᠪᠠᠢᠷᠢᠱᠢᠭᠤᠯᠤᠯᠲᠠ᠎ᠶ᠋ᠢᠨ ᠱᠢᠭᠤᠳ ᠢᠯᠡᠷᠡᠯ ᠪᠣᠯᠤᠨ᠎ᠠ᠃
《ᠬᠢᠵᠠᠭᠠᠯᠠᠰᠢ ᠦᠭᠡᠢ ᠰᠠᠯᠬᠢᠨ ᠬᠦᠴᠦᠨ ᠨᠠᠷᠠᠨ ᠤ᠋ ᠬᠡᠷᠡᠯ ᠤ᠋ᠨ ᠡᠨ᠋ᠸᠷᠬᠢ ᠲᠠᠢ》 ᠡᠴᠡ《ᠬᠢᠵᠠᠭᠠᠯᠠᠰᠢ ᠦᠭᠡᠢ ᠠᠵᠤ ᠦᠢᠯᠡᠰ ᠲᠠᠢ》 ᠪᠤᠯᠤᠭᠰᠠᠨ ᠬᠦᠷᠲᠡᠯ᠎ᠡ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠬᠥᠭ᠌ᠵᠢᠯᠲᠡ ᠬᠤᠷᠳᠤᠴᠠ᠎ᠪᠠᠨ ᠲᠦᠷᠭᠡᠳᠭᠡᠪᠡ᠃
2025 ᠣᠨ᠎ᠳᠤ ᠥᠪᠥᠷ ᠮᠣᠩᠭᠣᠯ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 3500 ᠲᠦᠮᠡᠨ ᠺᠢᠯᠦᠸᠠᠲ ᠱᠢᠨ᠎ᠡ᠎ᠪᠡᠷ ᠨᠡᠮᠡᠭ᠌ᠳᠡᠭᠦᠯᠵᠦ᠍᠂ ᠱᠢᠨ᠎ᠡ ᠡᠨᠧᠷᠭᠢ᠎ᠶ᠋ᠢᠨ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢ 1.7 ᠳ᠋ᠦᠩᠱᠢᠭᠤᠷ ᠺᠢᠯᠦᠸᠠᠲ᠎ᠡᠴᠡ ᠳᠡᠭᠡᠭ᠌ᠰᠢ᠎ᠳᠦ ᠬᠦᠷᠭᠡᠪᠡ᠂ ᠡᠭᠦᠨ᠎ᠳᠦ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ ᠨᠢ ᠪᠦᠬᠦ᠌ ᠤᠯᠤᠰ᠎ᠲᠤ ᠡᠩ ᠲᠡᠷᠢᠬᠦᠨ᠎ᠳᠤ ᠳ᠋ᠦᠩᠱᠢᠭᠤᠷ ᠺᠢᠯᠦᠸᠠᠲ᠎ᠢ ᠳᠠᠪᠠᠪᠠ᠃ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠲᠣᠨᠣᠭᠯᠠᠯ ᠦᠶ᠋ᠯᠡᠳᠬᠦ᠌ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ 1700 ᠳ᠋ᠦᠩᠱᠢᠭᠤᠷ ᠲᠥᠭᠥᠷᠢᠭ᠎ᠲᠦ ᠬᠦᠷᠴᠦ᠍᠂ 《ᠲᠠᠩ ᠴᠡᠭ᠎ᠡᠴᠡ ᠱᠢᠪᠲᠤᠯᠬᠤ》 ᠡᠴᠡ 《ᠴᠤᠭ᠍ᠯᠠᠷᠠᠯ ᠪᠦᠷᠢᠯᠳᠦᠬᠦ᠌ ᠬᠠᠨᠳᠤᠰᠢ》 ᠬᠦᠷᠲᠡᠯᠡᠬᠢ ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠪᠡ᠃
ᠡᠨᠡ ᠨᠢᠭᠡ ᠵᠢᠯ᠎ᠳᠦ᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠶ᠋ᠯᠡᠰ᠎ᠦᠨ ᠰᠠᠭᠤᠷᠢ᠎ᠳᠠᠭᠠᠨ ᠲᠦᠱᠢᠭ᠌ᠯᠡᠨ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠱᠢᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠥᠭ᠌ᠵᠢᠨ ᠪᠤᠵᠠᠭᠠᠢᠷᠠᠬᠤ᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠤᠷᠤᠯᠳᠤᠭᠠᠨ᠎ᠤ ᠵᠠᠮ᠎ᠢ ᠵᠠᠪᠳᠤᠨ ᠡᠵᠡᠯᠡᠬᠦ᠎ᠵᠢ ᠠᠬᠢᠭᠤᠯᠵᠤ᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ ᠲᠦᠷᠭᠡᠨ ᠰᠣᠯᠢᠭ᠍ᠳᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠥᠷᠨᠢᠨ ᠬᠥᠭ᠌ᠵᠢᠵᠦ᠍᠂ ᠪᠥᠬᠥ᠌ ᠣᠷᠣᠨ᠎ᠤ ᠠᠵᠤ ᠠᠬᠤᠶ᠎ᠶ᠋ᠢᠨ ᠲᠣᠭ᠍ᠲᠠᠭᠤᠨ ᠨᠡᠮᠡᠭ᠌ᠳᠡᠬᠦ᠌᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃
ᠡᠪᠦᠯ᠎ᠦᠨ ᠡᠳᠦᠷ᠂ ᠤᠯᠠᠭᠠᠨᠴᠠᠪ ᠬᠤᠲᠠ᠎ᠶ᠋ᠢᠨ ᠴᠠᠬᠠᠷ ᠳᠡᠭᠡᠳᠦ ᠱᠢᠨ᠎ᠡ ᠮᠡᠷᠭᠡᠵᠢᠯ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠲᠣᠭᠣᠷᠢᠭ᠎ᠤᠨ ᠵᠦᠩ ᠵᠢᠨ ᠲᠣᠭ᠎ᠠ ᠪᠠᠷᠢᠮᠲᠠ᠎ᠶ᠋ᠢᠨ ᠤᠯᠠᠭᠠᠨᠴᠠᠪ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠤᠳᠤᠯᠲᠠ᠎ᠵᠢᠨ ᠬᠦᠴᠦᠨ᠎ᠤ ᠰᠠᠭᠤᠷᠢᠨ᠎ᠳᠤ᠂ ᠬᠡᠳᠦᠨ ᠲᠦᠮᠡᠨ ᠦᠢᠯᠡᠴᠢᠯᠡᠭᠦᠷ᠎ᠤᠨ ᠵᠢᠭᠠᠯᠲᠠ ᠳ᠋ᠧᠩ ᠨᠠᠮ ᠵᠢᠮ ᠭᠢᠯᠠᠯᠵᠠᠨ᠎ᠠ — ᠪᠡᠭᠡᠵᠢᠩ᠂ ᠲᠢᠶᠠᠨᠵᠢᠨ ᠵᠡᠷᠭᠡ ᠭᠠᠵᠠᠷ᠎ᠡᠴᠡ ᠢᠷᠡᠭ᠌ᠰᠡᠨ ᠶᠡᠬᠡ ᠬᠡᠮᠵᠢᠶᠡᠨ᠎ᠦ ᠲᠣᠭ᠎ᠠ ᠪᠠᠷᠢᠮᠲᠠ᠎ᠵᠢ ᠡᠨᠳᠡ ᠴᠤᠭ᠍ᠯᠠᠭᠤᠯᠵᠤ᠂ ᠱᠢᠢᠳᠪᠦᠷᠢᠯᠡᠵᠦ᠂ ᠡᠷᠭᠢᠯᠳᠦᠭᠦᠯᠳᠡᠭ᠃ ᠰᠠᠭᠤᠷᠢᠨ᠎ᠤ ᠭᠠᠳᠠᠨ᠎ᠠ᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ ᠰᠠᠯᠬᠢᠨ᠎ᠤ ᠠᠶ᠎ᠠ᠎ᠪᠠᠷ ᠡᠷᠭᠢᠯᠳᠦᠵᠦ᠍᠂ ᠬᠡᠷᠡᠯᠴᠢ ᠴᠡᠨᠡᠭ᠎ᠦᠨ ᠲᠠᠯᠠᠪᠤᠷᠨᠡᠷᠡᠨ ᠵᠦᠭ ᠵᠢᠭᠳᠡᠷᠡᠨ᠂ ᠠᠷᠢᠭᠤᠨ ᠴᠡᠪᠡᠷ ᠴᠠᠬᠢᠯᠭᠠᠨ ᠬᠦᠴᠦᠨ ᠲᠤᠰᠭᠠᠶ ᠱᠤᠭᠤᠮ᠎ᠢᠶᠠᠷ ᠳᠠᠮᠵᠢᠨ ᠮᠠᠱᠢᠨ᠎ᠤ ᠥᠷᠥᠭᠡᠳᠤᠱᠢᠭᠤᠳ ᠬᠠᠩᠭᠠᠵᠤ᠂ 《 ᠪᠤᠬᠢᠷᠲᠤᠯ ᠦᠭᠡᠢ ᠴᠠᠬᠢᠯᠭᠠᠨ᠎ᠢᠶᠠᠷ ᠪᠤᠳᠤᠯᠲᠠ᠎ᠵᠢᠨ ᠬᠦᠴᠦᠨ᠎ᠳᠤ ᠡᠨ᠋ᠸᠷᠬᠢ ᠤᠯᠭᠤᠬᠤ》 ᠠᠮᠢᠳᠤᠯᠢᠭ ᠦᠵᠡᠮᠵᠢ᠎ᠶ᠋ᠢ ᠪᠦᠷᠢᠳᠤᠬᠦᠯᠵᠠᠢ᠃ ᠪᠤᠬᠢᠷᠲᠤᠯ ᠦᠭᠡᠢ ᠴᠠᠬᠢᠯᠭᠠᠨ ᠪᠣᠯᠤᠨ ᠪᠤᠳᠤᠯᠳᠠ ᠵᠢᠨ ᠬᠦᠴᠦᠨ᠎ᠢ ᠵᠤᠬᠢᠴᠠᠭᠤᠯᠤᠨ ᠬᠥᠭ᠌ᠵᠢᠬᠦᠯᠵᠦ᠍᠂ ᠪᠣᠳᠠᠲᠤ ᠦᠢᠯᠡᠳᠪᠦᠷᠢᠯᠡᠯ᠎ᠦᠨ ᠬᠦᠴᠦᠨ ᠪᠤᠯᠭᠠᠨ ᠬᠤᠪᠢᠷᠠᠭᠠᠵᠤ ᠪᠠᠢᠨ᠎ᠠ᠃ 《ᠵᠡᠭᠦᠨᠳᠡᠬᠢ ᠳ᠋ᠠᠢᠲ᠋ᠠ᠎ᠵᠢ ᠪᠠᠷᠠᠭᠤᠨᠳᠡᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠴᠢᠬᠤᠯᠠ ᠵᠠᠩᠭᠢᠯᠠᠭ᠎ᠠ᠎ᠶ᠋ᠢᠨ ᠬᠣᠲᠠ ᠬᠥᠬᠡᠬᠣᠲᠠ᠎ᠳᠤ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ ᠨᠢ ᠦᠶ᠋ᠯᠡᠳᠪᠦᠷᠢᠯᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠬᠣᠲᠠ᠎ᠶ᠋ᠢᠨ ᠵᠠᠰᠠᠯᠲᠠ ᠵᠡᠷᠭᠡ ᠣᠯᠠᠨ ᠳᠠᠪᠬᠤᠷᠭ᠎ᠠ᠎ᠳᠤ ᠦᠷᠡᠵᠢᠭᠦᠯᠬᠦ᠌ ᠦᠢᠯᠡᠳᠦᠯ ᠦᠵᠡᠭᠦᠯᠵᠦ᠍ ᠪᠠᠢᠨ᠎ᠠ᠃

ᠥᠪᠥᠷ ᠮᠣᠩᠭᠣᠯ᠎ᠢ ᠪᠠᠷᠠᠯᠠᠬᠤᠶ᠎ᠠ᠂ ᠲᠣᠭᠠᠴᠢᠯᠠᠭ᠍ᠰᠠᠨ ᠠᠵᠤ ᠠᠬᠤᠶ᠎ᠶ᠋ᠢᠨ ᠭᠤᠤᠯᠯᠠᠬᠤ ᠠᠵᠤ ᠦᠶ᠋ᠯᠡᠰ ᠶᠠᠭ ᠬᠦᠴᠦᠷᠬᠡᠭ᠌ᠵᠢᠨ ᠮᠠᠨᠳᠤᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠵᠠᠩᠭᠢᠯᠠᠭ᠎ᠠ᠎ᠶ᠋ᠢᠨ ᠲᠤᠯᠭᠠᠭᠤᠷᠢᠯᠠᠯ ᠪᠣᠯᠵᠣ ᠪᠠᠢᠨ᠎ᠠ᠃ 2025 ᠣᠨ᠎ᠳᠤ ᠥᠪᠥᠷ ᠮᠣᠩᠭᠣᠯ᠎ᠤᠨ ᠲᠣᠭᠠᠴᠢᠯᠠᠭ᠍ᠰᠠᠨ ᠠᠵᠤ ᠠᠬᠤᠶ᠎ᠶ᠋ᠢᠨ ᠭᠤᠤᠯᠯᠠᠬᠤ ᠠᠵᠤ ᠦᠶ᠋ᠯᠡᠰ᠎ᠦᠨ ᠬᠠᠤᠯᠢ᠎ᠶ᠋ᠢᠨ ᠡᠷᠬᠡᠲᠡᠨ᠎ᠦ ᠭᠤᠤᠯ ᠴᠣᠭ᠍ᠴᠠ 2.9 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 26.4% ᠪᠠᠷ ᠨᠡᠮᠡᠭ᠌ᠳᠡᠪᠡ᠃ ᠪᠤᠳᠤᠯᠲᠠ᠎ᠵᠢᠨ ᠬᠦᠴᠦᠨ᠎ᠦ ᠶᠡᠷᠦᠩᠬᠡᠶ ᠬᠡᠪᠴᠢᠶ᠎ᠡ 23.7 ᠲᠦᠮᠡᠨ P ᠳ᠋ᠤ ᠬᠦᠷᠴᠦ᠍᠂ ᠤᠶᠤᠨᠲᠤ ᠪᠣᠳᠣᠯᠳᠠ ᠶ᠋ᠢᠨ ᠬᠡᠪᠴᠢᠶ᠎ᠡ 22 ᠲᠦᠮᠡᠨ P ᠳ᠋ᠤ ᠬᠦᠷᠴᠦ᠍᠂ ᠬᠣᠶᠠᠷ ᠵᠦᠶ᠋ᠯ᠎ᠦᠨ ᠭᠦᠶ᠋ᠴᠡᠳᠭᠡᠯ ᠲᠣᠭ᠎ᠠ᠎ᠨᠢ ᠴᠥᠮ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
2025 ᠣᠨ᠎ᠳᠤ ᠥᠪᠥᠷ ᠮᠣᠩᠭᠣᠯ ᠴᠢᠬᠤᠯᠠ ᠶᠡᠬᠡ ᠲᠥᠷᠥᠯ ᠵᠦᠶ᠋ᠯ᠎ᠢᠶᠡᠷ ᠬᠥᠳᠡᠯᠭᠡᠭᠦᠷ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠪᠡᠷ ᠪᠥᠬᠥ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠦ᠍᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠪᠤᠳᠠᠳᠠᠢ ᠳ᠋ᠦ ᠨᠠᠢᠳᠠᠪᠤᠷᠢᠵᠢᠭᠤᠯᠵᠤ᠂ ᠣᠯᠠᠨ ᠬᠦᠷᠢᠶᠡᠨ᠎ᠳᠦ ᠪᠥᠬᠥ᠌ ᠲᠠᠯ᠎ᠠ᠎ᠪᠠᠷ ᠳᠡᠭᠡᠭ᠌ᠰᠢᠯᠡᠭ᠌ᠰᠡᠨ ᠭᠣᠢᠳᠠ ᠬᠠᠭᠤᠳᠠᠰᠤ᠎ᠶ᠋ᠢ ᠪᠢᠴᠢᠭ᠌ᠯᠡᠪᠡ᠃
2025 ᠣᠨ᠎ᠳᠤ ᠥᠪᠥᠷ ᠮᠣᠩᠭᠣᠯ 3343 ᠴᠢᠬᠤᠯᠠ ᠶᠡᠬᠡ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠨᠢᠭᠡᠨᠲᠡ 9800 ᠭᠠᠷᠤᠶ ᠳ᠋ᠦᠩᠱᠢᠭᠤᠷ ᠲᠥᠭᠥᠷᠢᠭ᠎ᠦᠨ ᠪᠥᠲᠥᠭᠡᠨ ᠪᠠᠢᠭᠤᠯᠤᠯᠲᠠ᠎ᠶ᠋ᠢᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠪᠠᠷᠤᠭ 7% ᠪᠠᠷ ᠨᠡᠮᠡᠭ᠌ᠳᠡᠪᠡ᠃ ᠨᠢᠭᠡ ᠪᠦᠯᠦᠭ ᠴᠢᠨᠠᠷ ᠰᠠᠢᠲᠠᠶ ᠬᠥᠭ᠌ᠵᠢᠯᠲᠡ᠎ᠳᠦ ᠬᠦᠴᠦ᠍᠎ᠪᠡᠨ ᠲᠥᠪᠯᠡᠷᠡᠭᠦᠯᠦᠭ᠌ᠰᠡᠨ ᠭᠤᠤᠯᠳᠠᠯᠭ᠎ᠠ᠎ᠲᠠᠶ ᠲᠥᠷᠥᠯ ᠵᠦᠶ᠋ᠯ᠂ ᠴᠢᠬᠤᠯᠠ ᠶᠡᠬᠡ ᠲᠥᠷᠥᠯ ᠵᠦᠶ᠋ᠯ᠎ᠨᠢ ᠪᠠᠯᠠ ᠣᠷᠣᠭᠤᠯᠤᠯᠲᠠ᠎ᠶ᠋ᠢᠨ ᠲᠣᠭ᠍ᠲᠠᠭᠤᠨ ᠨᠡᠮᠡᠭ᠌ᠳᠡᠬᠦ᠌᠎ᠶ᠋ᠢ ᠳᠠᠢᠴᠢᠯᠠᠪᠠ᠃ 2025 ᠣᠨ᠎ᠳᠤ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ(ᠲᠠᠷᠢᠶᠠᠯᠠᠬᠤ ᠡᠷᠦᠬᠡ᠎ᠶ᠋ᠢ ᠪᠠᠭ᠍ᠲᠠᠭᠠᠬᠤ ᠥᠬᠡᠶ)ᠲᠡᠭᠡᠷ᠎ᠠ ᠵᠢᠯ᠎ᠦᠨ᠎ᠬᠢ᠎ᠡᠴᠡ 4.0% ᠵᠢᠡᠷ ᠨᠡᠮᠡᠭ᠌ᠳᠡᠪᠡ᠃ ᠥᠪᠥᠷ ᠮᠣᠩᠭᠣᠯ᠎ᠤᠨ ᠠᠵᠤ ᠠᠬᠤᠶ᠎ᠶ᠋ᠢᠨ ᠠᠵᠢᠯᠯᠠᠭᠠᠨ ᠱᠢᠨᠡᠳᠴᠦ ᠰᠠᠢᠵᠢᠷᠠᠪᠠ᠃

2025 ᠣᠨ᠎ᠳᠤ ᠥᠪᠥᠷ ᠮᠣᠩᠭᠣᠯ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠲᠡᠭᠡᠷ᠎ᠠ ᠵᠢᠯ᠎ᠦᠨ᠎ᠬᠢ᠎ᠡᠴᠡ ᠪᠠᠨ 6.7% ᠪᠠᠷ ᠨᠡᠮᠡᠭ᠌ᠳᠡᠪᠡ᠃ ᠡᠭᠦᠨ᠎ᠳᠦ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠂ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ ᠲᠡᠭᠡᠷ᠎ᠠ ᠵᠢᠯ᠎ᠦᠨ᠎ᠬᠢ᠎ᠡᠴᠡ ᠪᠠᠨ ᠲᠣᠰ ᠲᠣᠰ 9.4%᠂ 17.5%᠂ 39.6% ᠪᠠ 32.0% ᠢᠶᠡᠷ ᠨᠡᠮᠡᠭ᠌ᠳᠡᠵᠦ᠍᠂ 90 ᠭᠠᠷᠤᠢ ᠵᠦᠶ᠋ᠯ᠎ᠦᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠦᠶ᠋ᠯᠡᠳᠪᠦᠷᠢᠯᠡᠬᠦ᠌ ᠴᠢᠳᠠᠪᠤᠷᠢ᠎ᠶ᠋ᠢᠨ ᠬᠡᠪᠴᠢᠶᠡᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠥᠪᠥᠷ ᠮᠣᠩᠭᠣᠯ᠎ᠤᠨ ᠱᠢᠨ᠎ᠡ ᠮᠠᠶᠢᠭ᠎ᠤᠨ ᠠᠵᠤ ᠦᠶ᠋ᠯᠡᠳᠪᠦᠷᠢᠵᠢᠯᠲᠡ ᠢᠳᠡᠷᠡᠭᠦᠨ ᠬᠦᠭᠵᠢᠪᠠ᠃

2025 ᠣᠨ᠎ᠳᠤ ᠥᠪᠥᠷ ᠮᠣᠩᠭᠣᠯ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠨᠡᠮᠡᠭ᠌ᠳᠡᠯ ᠥᠷᠲᠡᠭ ᠲᠡᠭᠡᠷ᠎ᠠ ᠵᠢᠯ᠎ᠦᠨ᠎ᠬᠢ᠎ᠡᠴᠡ᠎ᠪᠡᠨ 4.0% ᠪᠡᠷ ᠨᠡᠮᠡᠭ᠌ᠳᠡᠪᠡ᠃ ᠥᠪᠥᠷ ᠮᠣᠩᠭᠣᠯ ᠭᠠᠢᠯᠢ᠎ᠵᠢ ᠪᠠᠭᠠᠰᠬᠠᠵᠤ ᠰᠦᠶ᠋ᠳᠭᠡᠯ᠎ᠢ ᠪᠠᠭᠤᠷᠠᠭᠤᠯᠬᠤ ᠵᠢᠴᠢ ᠳᠤᠮᠳᠠ᠂ ᠪᠠᠭ᠎ᠠ᠂ ᠵᠢᠵᠢᠭ ᠠᠵᠤ ᠠᠬᠤᠢᠯᠠᠯ᠎ᠢ ᠬᠥᠭ᠌ᠵᠢᠬᠦᠯᠦᠨ ᠪᠤᠵᠠᠭᠠᠢᠷᠠᠭᠤᠯᠠᠠᠸ᠋ ᠠᠯᠢ ᠣᠯᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠪᠠᠷ ᠳᠠᠮᠵᠢᠨ᠂ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠳᠡᠭᠡᠳᠦ ᠳᠡᠰᠵᠢᠬᠦ ᠪᠠ ᠲᠤᠰᠭᠠᠢᠵᠢᠬᠤ ᠴᠢᠭ᠌ᠯᠡᠯ ᠳᠠᠢᠰᠢ ᠬᠥᠭ᠌ᠵᠢᠬᠦ᠌᠂ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠶᠠᠰᠤ ᠴᠢᠨᠠᠷᠵᠢᠬᠤ ᠪᠠ ᠣᠯᠠᠨ ᠶᠠᠩᠵᠤᠵᠢᠬᠤ ᠴᠢᠭ᠌ᠯᠡᠯ ᠳᠠᠢᠰᠢ ᠳᠡᠭᠡᠭ᠌ᠰᠢᠯᠡᠬᠦ᠌᠎ᠶ᠋ᠢ ᠶᠡᠬᠡᠪᠡᠷ ᠠᠬᠢᠭᠤᠯᠵᠤ᠂ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠠᠮᠢᠵᠢᠷᠠᠯ᠎ᠤᠨ ᠬᠦᠴᠦᠨ᠎ᠢ ᠲᠦᠷᠭᠡᠳᠭᠡᠨ ᠪᠠᠳᠠᠷᠠᠭᠤᠯᠪᠠ᠃
ᠴᠠᠭ ᠮᠥᠴᠡ ᠲᠡᠮᠡᠴᠡᠯ᠎ᠦᠨ ᠤᠯᠠ ᠮᠥᠷ᠎ᠢ ᠰᠡᠢᠯᠵᠦ᠍᠂ ᠣᠨ ᠵᠢᠯ ᠬᠥᠭ᠌ᠵᠢᠯᠲᠡ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠡ᠃ ᠣᠯᠠᠨ ᠬᠦᠷᠢᠶᠡᠨ᠎ᠳᠡᠬᠢ ᠡᠷᠪᠡᠬᠡᠶᠬᠤᠪᠢᠷᠠᠯᠲᠠ ᠪᠠ ᠦᠰᠦᠷᠦᠯᠲᠡ ᠨᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢᠳᠤ ᠰᠣᠷᠭᠣᠭ ᠵᠢᠷᠤᠭ ᠲᠥᠰᠦᠪ᠎ᠢ ᠵᠢᠷᠤᠭ᠍ᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠶ᠋ᠯᠡᠳᠦᠯᠭᠡ᠎ᠶ᠋ᠢᠨ ᠣᠮᠣᠭ ᠲᠡᠭᠦᠯᠳᠡᠷ ᠠᠶᠠᠰ᠎ᠢ ᠴᠢᠪᠬᠠᠳᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠤᠬᠠᠢ ᠢᠲᠡᠭᠡᠯ ᠵᠣᠷᠢᠭ ᠨᠠᠩ ᠬᠥᠪᠴᠢᠯᠡᠭ᠌ᠳᠡᠪᠡ᠃
ᠢᠷᠡᠭᠡᠳᠦᠶ᠎ᠪᠡᠨ ᠪᠠᠷᠠᠯᠠᠬᠤᠶ᠎ᠠ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠵᠢ ᠭᠦᠨᠵᠡᠭᠡᠢ ᠨᠠᠢᠳᠠᠪᠤᠷᠢᠵᠢᠭᠤᠯᠤᠨ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠦᠲᠦᠭᠡᠨ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠳᠣᠯᠣᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠰᠠᠢᠲᠤᠷ ᠠᠳᠬᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠡᠷᠡᠯᠬᠡᠭ᠌ᠯᠡᠨ ᠤᠷᠤᠭ᠍ᠰᠢᠯᠠᠨ᠎ᠠ᠃