ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶ᠎ᠠ ᠬᠤᠷᠠᠯ ᠬᠤᠷᠠᠯᠳᠤᠭᠤᠯᠪᠠ
2026-01-31 11:15:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠬᠤᠷᠢᠶ᠎ᠠ᠎ᠵᠢᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠲᠦᠷᠦ᠎ᠶᠢᠨ ᠶᠠᠪᠤᠳᠠᠯ᠎ᠤᠨ ᠬᠣᠷᠢᠶ᠎ᠠ  ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ ᠠᠷᠠᠳ᠎ᠤᠨ ᠳᠡᠭᠡᠳᠦ ᠰᠢᠭᠦᠬᠦ ᠬᠣᠷᠢᠶ᠎ᠠ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠠ ᠲᠥᠪ᠎ᠦᠨ ᠱᠦᠵᠢ ᠨᠠᠷ᠎ᠦᠨ ᠭᠠᠵᠠᠷ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠢᠳᠠᠯ᠎ᠤᠨ ᠮᠡᠳᠡᠭᠦᠯᠦᠯᠲᠡ 》 ᠶ᠋ᠢ ᠬᠢᠨᠠᠨ ᠵᠥᠪᠯᠡᠪᠡ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠥᠷᠥ᠎ᠶᠢᠨ ᠲᠣᠪᠴᠢᠶ᠎ᠠ 1 ᠰᠠᠷ᠎ᠠ᠎ᠶᠢᠨ 30 ᠎ᠤ᠋ ᠡᠳᠦᠷ ᠬᠤᠷᠠᠯ ᠬᠤᠷᠠᠯᠳᠤᠭᠤᠯᠵᠤ᠂ 《ᠨᠠᠮ᠎ᠤᠨ ᠲᠥᠪ ᠬᠤᠷᠢᠶ᠎ᠠ᠎ᠵᠢᠨ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶ᠎ᠠ᠎ᠵᠢᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠠ ᠲᠥᠪ᠎ᠦᠨ ᠱᠦᠵᠢ ᠨᠠᠷ᠎ᠦᠨ ᠭᠠᠵᠠᠷ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠢᠳᠠᠯ᠎ᠤᠨ ᠮᠡᠳᠡᠭᠦᠯᠦᠯᠲᠡ》 ᠶ᠋ᠢ ᠬᠢᠨᠠᠨ ᠵᠦᠪᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ᠃

ᠬᠤᠷᠠᠯ᠎ᠡᠴᠡ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠨᠠᠮ᠎ᠤᠨ ᠤᠳᠤᠷᠢᠳᠬᠤ ᠳᠤᠭᠤᠢᠯᠠᠩ ᠪᠣᠯᠣᠨ ᠲᠥᠪ᠎ᠦᠨ ᠱᠦᠵᠢ ᠨᠠᠷ᠎ᠦᠨ ᠭᠠᠵᠠᠷ᠎ᠤᠨ 2025 ᠣᠨ᠎ᠤ ᠠᠵᠢᠯ᠎ᠢ ᠭᠦᠢᠴᠡᠳ ᠨᠤᠲᠠᠯᠠᠵᠤ᠂ 2026 ᠣᠨ᠎ᠤ ᠠᠵᠢᠯ᠎ᠤᠨ ᠲᠣᠬᠢᠷᠠᠭᠤᠯᠤᠯᠲᠠ᠎ᠶᠢ ᠨᠢ ᠵᠥᠪᠰᠢᠶᠡᠷᠡᠪᠡ᠃ ᠬᠤᠷᠠᠯ᠎ᠡᠴᠡ᠂ ᠥᠩᠭᠡᠷᠡᠭᠰᠡᠨ ᠨᠢᠭᠡ ᠵᠢᠯ᠎ᠳᠦ 5 ᠨᠠᠮ᠎ᠤᠨ ᠤᠳᠤᠷᠢᠳᠬᠤ ᠳᠤᠭᠤᠢᠯᠠᠩ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠎ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠣᠯᠣᠨ ᠤᠯᠤᠰ᠎ᠤᠨ ᠠᠵᠢᠯ᠎ᠤᠨ ᠶᠡᠬᠡ ᠲᠠᠯ᠎ᠠ᠎ᠶᠢᠨ ᠲᠣᠭᠣᠷᠢᠨ᠎ᠳᠤ ᠡᠭᠦᠷᠭᠡ ᠲᠤᠰᠢᠶᠠᠯ ᠦᠢᠯᠡᠳᠦᠯ᠎ᠢᠶᠡᠨ ᠪᠠᠳᠠᠷᠠᠭᠤᠯᠵᠤ᠂ ᠨᠠᠮ᠎ᠤᠨ ᠤᠳᠤᠷᠢᠳᠬᠤ ᠳᠤᠭᠤᠢᠯᠠᠩ᠎ᠤᠨ ᠲᠣᠰ ᠪᠡᠶ᠎ᠡ᠎ᠶᠢᠨ ᠪᠠᠢᠭᠤᠯᠤᠯᠲᠠ᠎ᠶᠢ ᠦᠨᠡᠨ ᠬᠦ᠌ ᠴᠢᠩᠭᠠᠳᠬᠠᠵᠤ᠂ ᠪᠥᠬᠥ ᠵᠢᠯ᠎ᠦᠨ ᠭᠣᠣᠯ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠬᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠲᠥᠪ᠎ᠤᠨ ᠱᠦᠵᠢ ᠨᠠᠷ᠎ᠦᠨ ᠭᠠᠵᠠᠷ᠎ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶ᠎ᠠ᠂ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠬᠤᠷᠢᠶ᠎ᠠ᠎ᠵᠢᠨ ᠤᠳᠤᠷᠢᠳᠤᠯᠭ᠎ᠠ ᠳᠣᠣᠷ᠎ᠠ᠂ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠬᠡᠵᠦ᠂ ᠨᠠᠮ᠎ᠤᠨ ᠲᠥᠪ ᠬᠤᠷᠢᠶ᠎ᠠ᠎ᠵᠢᠨ ᠭᠦᠢᠴᠡᠳᠬᠡᠯᠬᠡᠬᠦ᠎ᠪᠡᠷ ᠲᠤᠰᠢᠶᠠᠭᠰᠠᠨ ᠡᠭᠦᠷᠭᠡ᠎ᠶᠢ ᠪᠡᠶᠡᠯᠡᠭᠦᠯᠬᠦ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠴᠢᠩᠭᠠᠳᠬᠠᠬᠤ᠂ ᠤᠯᠠᠨ ᠲᠦᠮᠡᠨᠴᠢ ᠴᠢᠨᠠᠷᠳᠠᠢ ᠪᠦᠯᠬᠦᠮ᠎ᠦᠨ ᠠᠵᠢᠯ᠎ᠢ ᠵᠢᠯᠣᠭᠣᠳᠤᠨ ᠠᠬᠢᠭᠤᠯᠬᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠦ ᠠᠵᠢᠯ ᠬᠢᠵᠡᠢ ᠭᠡᠵᠦ ᠦᠵᠡᠪᠡ᠃

ᠬᠤᠷᠠᠯ᠎ᠡᠴᠡ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ ᠪᠣᠯᠣᠨ᠎ᠠ᠃ 5 ᠨᠠᠮ᠎ᠤᠨ ᠤᠳᠤᠷᠢᠳᠬᠤ ᠳᠤᠭᠤᠢᠯᠠᠩ ᠨᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠤᠷᠢᠶ᠎ᠠ᠎ᠵᠢᠨ ᠡᠨᠡ ᠵᠢᠯ᠎ᠦᠨ ᠠᠵᠢᠯ᠎ᠤᠨ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃ ᠲᠣᠭᠲᠠᠭᠤᠨ᠎ᠤ ᠳᠤᠮᠳᠠ ᠠᠬᠢᠯᠲᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠤᠨᠢᠯᠠᠵᠤ᠂ ᠰᠠᠢᠨ ᠡᠬᠢᠯᠡᠯᠲᠡ ᠵᠢ ᠪᠡᠶᠡᠯᠡᠬᠦᠯᠬᠦ ᠪᠠᠷ ᠴᠢᠷᠮᠠᠢᠬᠤ ᠬᠡᠷᠡᠭᠲᠡᠢ᠃ ᠨᠠᠮ᠎ᠤᠨ ᠤᠳᠤᠷᠢᠳᠬᠤ ᠳᠤᠭᠤᠢᠯᠠᠩ᠎ᠤᠨ ᠲᠤᠰ ᠪᠡᠶ᠎ᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠲᠦᠷᠦᠭᠦᠯᠡᠨ ᠪᠤᠢ ᠪᠣᠯᠭᠠᠵᠤ ᠦᠢᠯᠡᠳᠦᠯᠭᠡᠵᠢᠭᠦᠯᠬᠦ ᠬᠡᠷᠡᠭᠲᠡᠢ᠃ ᠲᠥᠪ ᠤ᠋ᠨ ᠱᠦᠵᠢ ᠨᠠᠷ᠎ᠦᠨ ᠭᠠᠵᠠᠷ᠎ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶ᠎ᠠ᠂ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠬᠤᠷᠢᠶ᠎ᠠ᠎ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶᠢᠨ ᠲᠣᠭᠣᠷᠢᠨ᠎ᠳᠤ᠂ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ ᠭᠣᠣᠯᠳᠠᠯᠭ᠎ᠠ᠎ᠲᠠᠢ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠵᠤ᠂ ᠨᠠᠮ᠎ᠤᠨ ᠲᠥᠪ ᠬᠤᠷᠢᠶ᠎ᠠ᠎ᠵᠢᠨ ᠭᠦᠢᠴᠡᠳᠬᠡᠯᠭᠡᠬᠦ᠎ᠪᠡᠷ ᠲᠤᠰᠢᠶᠠᠭᠰᠠᠨ ᠡᠯ᠎ᠡ ᠵᠦᠢᠯ᠎ᠦᠨ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 1 ᠰᠠᠷ᠎ᠠ᠎ᠶᠢᠨ 30 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号