ᠸᠠᠩ ᠸᠧᠶ ᠵᠥᠩ ᠬᠤᠷᠠᠯ ᠢ ᠡᠷᠭᠢᠯᠡᠪᠡ
1 ᠰᠠᠷ᠎ᠠ᠎ᠶ᠋ᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠂ ᠪᠦᠬᠦ᠌ ᠤᠯᠤᠰ᠎ᠤᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠂ ᠪᠦᠬᠦ᠌ ᠤᠯᠤᠰ᠎ᠤᠨ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠬᠣᠯᠪᠣᠭ᠍ᠳᠠᠯ ᠪᠦᠬᠦᠢ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠯᠪᠣᠭ᠍ᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠲᠤᠭᠤᠱᠢᠯᠠᠭᠤᠯᠬᠤ ᠲᠦᠷᠢᠮ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠤᠬᠠᠭᠤᠯᠭ᠎ᠠ ᠬᠥᠮᠦᠵᠢᠯ᠎ᠢ ᠨᠢᠳᠦᠨ᠎ᠳᠤ ᠦᠵᠡᠭᠳᠠᠵᠤ ᠭᠠᠷ ᠲᠤ᠌ ᠪᠠᠷᠢᠭᠳᠠᠵᠤ ᠰᠡᠳᠭᠢᠯ᠎ᠳᠤ ᠰᠠᠭᠤᠭᠳᠠᠮ᠎ᠠ ᠥᠷᠨᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ 《ᠲᠠᠪᠤᠨ ᠬᠠᠮᠲᠤ᠎ᠶ᠋ᠢᠨ ᠲᠠᠨᠢᠯᠲᠠ》 ᠵᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ ᠠᠷᠠᠳᠴᠢᠯᠠᠭ᠍ᠰᠠᠨ ᠨᠠᠮ ᠪᠦᠯᠦᠭ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠨ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠣᠯ ᠳᠠᠢᠨ᠎ᠦ ᠲᠠᠯᠠᠪᠤᠷ᠎ᠲᠤ ᠢᠳᠡᠪᠬᠢᠲᠡᠶ ᠣᠷᠣᠯᠴᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠪᠠᠢᠴᠠᠭᠠᠨ ᠰᠤᠳᠤᠯᠤᠯᠲᠠ ᠪᠠ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠴᠢᠨᠠᠷ ᠰᠠᠢᠲᠠᠶ᠎ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠲᠡᠪᠰᠢᠬᠦᠯᠬᠦ ᠬᠡᠷᠡᠭ᠌ᠲᠡᠶ᠃ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢᠵᠢᠯᠲᠠ᠎ᠶ᠋ᠢ ᠴᠢᠩᠭᠠᠳᠭᠠᠵᠤ᠂ ᠨᠠᠮ᠎ᠤᠨ ᠭᠠᠳᠠᠨᠠᠬᠢ ᠰᠡᠬᠡᠭᠡᠲᠡᠨ᠂ ᠨᠡᠢᠭᠡᠮ᠎ᠦᠨ ᠱᠢᠨ᠎ᠡ ᠳᠠᠪᠬᠤᠷᠭ᠎ᠠ᠎ᠶ᠋ᠢᠨ ᠬᠥᠮᠦᠰ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠮᠦᠰ᠎ᠦᠨ ᠨᠢᠭᠡᠳᠦᠮᠡᠯ ᠹᠷᠣᠨᠲ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠬᠤ ᠬᠡᠷᠡᠭ᠌ᠲᠡᠢ᠃ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠤᠨ ᠵᠣᠬᠢᠶᠠᠨ ᠪᠠᠢᠭᠤᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠨᠠᠮ᠎ᠤᠨ ᠭᠡᠱᠢᠭᠦᠨ᠂ ᠺᠠᠳ᠋ᠷᠴᠤᠳ᠎ᠤᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠬᠤ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢᠨ ᠬᠥᠮᠦᠵᠢᠯ᠎ᠢ ᠴᠢᠩᠭᠠᠳᠭᠠᠵᠤ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯᠶᠤᠰᠤᠭᠠᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠴᠢᠩᠭ᠎ᠠ ᠪᠣᠳᠠᠲᠠᠢ ᠰᠠᠢᠲᠤᠷ ᠠᠳᠭᠤᠵᠤ᠂ ᠡᠯ᠎ᠡ ᠱᠠᠲᠤᠨ᠎ᠤ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ ᠠᠵᠢᠯ᠎ᠢ ᠨᠠᠷᠢᠯᠢᠭ ᠰᠠᠢᠲᠤᠷ ᠬᠢᠵᠦ᠍᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠪᠠᠷ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠦᠢᠯᠡᠳᠦᠯ ᠴᠢᠳᠠᠮᠵᠢ ᠪᠣᠯᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ ᠴᠢᠳᠠᠮᠵᠢ᠎ᠶ᠋ᠢ ᠬᠦᠴᠦᠯᠡᠨ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠶ᠋ᠢ ᠠᠳᠭᠤᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠬᠥᠭ᠌ᠵᠢᠯᠲᠡ ᠵᠢᠨ ᠱᠠᠭᠠᠷᠳᠠᠯᠭ᠎ᠠ᠎ᠳᠤ ᠠᠩᠬᠠᠷᠤᠯ᠎ᠢᠶᠡᠨ ᠲᠦᠪᠯᠡᠷᠡᠭᠦᠯᠵᠦ ᠱᠢᠯᠢᠳᠡᠭ ᠴᠢᠳᠠᠪᠤᠷᠢᠲᠠᠨ᠎ᠢ ᠲᠦᠪᠯᠡᠷᠡᠬᠦᠯᠦᠨ ᠴᠤᠭ᠍ᠯᠠᠷᠠᠭᠤᠯᠬᠤ ᠬᠡᠷᠡᠭ᠌ᠲᠡᠢ᠃ ᠤᠯᠤᠰ ᠲᠦᠷᠦ᠍᠎ᠶ᠋ᠢᠨ ᠲᠠᠯ᠎ᠠ᠎ᠪᠠᠷ ᠬᠠᠷᠢᠴᠠᠯᠠᠱᠢᠭᠦᠢ ᠨᠠᠢᠳᠠᠪᠤᠷᠢᠲᠠᠢ᠂ ᠨᠠᠮ᠎ᠳᠠᠭᠠᠨ ᠬᠠᠷᠢᠴᠠᠯᠠᠱᠢᠭᠦᠢ ᠦᠨᠡᠨᠴᠢ ᠱᠢᠳᠤᠷᠭᠤ ᠪᠠᠢᠬᠤ ᠵᠣᠬᠢᠶᠠᠨ ᠪᠠᠢᠭᠤᠯᠬᠤ ᠠᠵᠢᠯ᠎ᠤᠨ ᠺᠠᠳ᠋ᠷ᠎ᠤᠨ ᠡᠩᠨᠡᠭᠡ᠎ᠶ᠋ᠢ ᠦᠷᠭᠦᠯᠵᠢᠯᠡᠨ ᠴᠤᠭᠴᠠᠯᠠᠵᠤ᠂ ᠵᠣᠬᠢᠶᠠᠨ ᠪᠠᠢᠭᠤᠯᠬᠤ ᠠᠵᠢᠯ᠎ᠢ ᠰᠠᠢᠲᠤᠷ ᠬᠢᠬᠦ᠌ ᠴᠢᠳᠠᠪᠤᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠥ ᠤᠯᠤᠰ᠎ᠤᠨ ᠨᠡᠢᠭᠡᠮ᠎ᠦᠨ ᠠᠵᠢᠯ᠎ᠤᠨ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠡᠯ᠎ᠡ ᠵᠦᠢᠯ᠎ᠦᠨ ᠡᠭᠦᠷᠭᠡ ᠠᠷᠭ᠎ᠠ ᠬᠡᠮᠵᠢᠶ᠎ᠡ᠎ᠶᠢ ᠪᠣᠳᠠᠲᠠᠢᠵᠢᠭᠤᠯᠵᠤ᠂ ᠨᠡᠢᠭᠡᠮ᠎ᠦᠨ ᠠᠵᠢᠯ᠎ᠤᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢ ᠬᠦᠴᠦᠯᠡᠨ ᠰᠠᠢᠲᠤᠷ ᠠᠳᠬᠤᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢ ᠪᠦᠷᠬᠦᠬᠦᠯᠬᠦ ᠪᠠ ᠠᠵᠢᠯ᠎ᠢ ᠪᠦᠷᠬᠦᠬᠦᠯᠬᠦ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠡᠯ᠎ᠡ ᠲᠥᠷᠥᠯ᠎ᠦᠨ ᠬᠦᠮᠦᠰ᠎ᠤᠨ ᠭᠤᠢᠪᠢᠰᠢ ᠦᠭᠡᠢ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠵᠤ ᠤᠷᠤᠬᠰᠢᠯᠠᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠵᠢᠯᠤᠭᠣᠳᠬᠤ᠎ᠶᠢ ᠭᠦᠨᠵᠡᠭᠡᠢ ᠠᠬᠢᠭᠤᠯᠵᠤ᠂ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠤ᠋《ᠨᠠᠮ᠎ᠤᠨ ᠡᠭᠦᠷ ᠠᠷᠠᠳ᠎ᠤᠨ ᠵᠦᠪᠯᠡᠯ》 ᠤ᠋ᠨ ᠬᠤᠭᠤᠴᠠᠭ᠎ᠠ ᠰᠣᠯᠢᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠠᠳᠬᠤᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠵᠦ ᠡᠨ᠋ᠸᠷᠬᠢ ᠣᠯᠭᠣᠬᠤ ᠦᠷ᠎ᠡ ᠪᠦᠲᠦᠮᠵᠢ᠎ᠶᠢ ᠪᠡᠬᠢᠵᠢᠭᠦᠯᠦᠨ ᠭᠦᠨᠵᠡᠭᠡᠢᠷᠡᠭᠦᠯᠬᠦ ᠬᠡᠷᠡᠭᠲᠡᠢ᠃ ᠵᠠᠬᠢᠳᠠᠯ ᠰᠣᠷᠪᠤᠯᠵᠢᠯᠠᠯ᠎ᠤᠨ ᠠᠵᠢᠯ᠎ᠤᠨ ᠬᠠᠤᠯᠢᠵᠢᠯᠲᠠ᠎ᠶᠢ ᠭᠦᠨᠵᠡᠭᠡᠢ ᠠᠬᠢᠭᠤᠯᠵᠤ᠂ ᠣᠯᠠᠨ ᠲᠦᠮᠡᠨ᠎ᠦ ᠰᠠᠨᠠᠭᠤᠯᠭ᠎ᠠ᠎ᠶᠢ ᠬᠣᠷᠢᠶᠠᠨ ᠴᠤᠭᠯᠠᠭᠤᠯᠵᠤ ᠰᠢᠢᠳᠪᠦᠷᠢᠯᠡᠬᠦ ᠲᠣᠭᠲᠡᠴᠡ᠎ᠶᠢ ᠲᠡᠭᠦᠯᠳᠡᠷᠵᠢᠭᠦᠯᠵᠦ᠂ ᠣᠨᠣᠴᠠᠲᠠᠢ ᠥᠨᠳᠥᠷ ᠪᠦᠲᠦᠮᠵᠢᠲᠡᠢ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠣᠯᠠᠨ ᠲᠦᠮᠡᠨ᠎ᠢ ᠨᠢᠭ᠍ᠲᠠᠷᠠᠭᠤᠯᠤᠨ ᠣᠯᠠᠨ ᠲᠦᠮᠡᠨ᠎ᠳᠦ ᠦᠢᠯᠡᠴᠢᠯᠡᠬᠦ ᠠᠵᠢᠯ᠎ᠢ ᠰᠡᠳᠬᠢᠯ ᠲᠠᠯᠪᠢᠨ ᠰᠠᠢᠲᠤᠷ ᠬᠢᠬᠦ ᠬᠡᠷᠡᠭᠲᠡᠢ᠃ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ᠎ᠦᠨ ᠲᠤᠰ ᠪᠡᠶ᠎ᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠨᠡᠢᠭᠡᠮ᠎ᠦᠨ ᠠᠵᠢᠯ᠎ᠤᠨ ᠺᠠᠳ᠋ᠷ ᠤᠯᠠᠨ ᠲᠦᠮᠡᠨ᠎ᠦ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠵᠦ᠂ ᠨᠡᠢᠭᠡᠮ᠎ᠦᠨ ᠠᠵᠢᠯ᠎ᠤᠨ ᠪᠦᠬᠦᠯᠢ ᠴᠣᠭᠴᠠ᠎ᠶᠢᠨ ᠦᠷ᠎ᠡ ᠪᠦᠲᠦᠮᠵᠢ ᠴᠢᠳᠡᠪᠦᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ 2025 ᠣᠨ᠎ᠤ ᠪᠥᠬᠥ ᠣᠷᠣᠨ᠎ᠤ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠡᠯ᠎ᠡ ᠱᠠᠲᠤᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠶᠡᠷᠦᠩᠬᠡᠢ ᠱᠦᠵᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠣᠲᠣᠭᠠᠳᠤ᠎ᠶᠢ ᠬᠠᠮᠠᠭᠠᠯᠠᠬᠤ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ᠎ᠶᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠠᠶᠤᠯ ᠲᠦᠭᠰᠢᠭᠦᠷᠢ᠎ᠶᠢ ᠰᠡᠷᠭᠡᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭᠠᠯᠠᠬᠤ᠂ ᠬᠥᠭᠵᠢᠯᠲᠡ᠎ᠶᠢ ᠠᠬᠢᠭᠤᠯᠬᠤ ᠡᠯ᠎ᠡ ᠵᠦᠢᠯ᠎ᠦᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠪᠥᠬᠥ ᠣᠷᠣᠨ᠎ᠤ 2025 ᠣᠨ᠎ᠤ ᠣᠶ᠎ᠶᠢᠨ ᠳᠠᠷᠤᠭ᠎ᠠ᠎ᠶᠢᠨ ᠳᠦᠷᠢᠮ᠎ᠦᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ 《ᠥᠪᠡᠷᠲᠡᠭᠡᠨ ᠵᠠᠰᠠᠬᠤ ᠣᠷᠣᠨ᠎ᠤ 2026 ᠣᠨ᠎ᠤ ᠣᠶ᠎ᠶᠢᠨ ᠳᠠᠷᠤᠭ᠎ᠠ᠎ᠶᠢᠨ ᠳᠦᠷᠢᠮ᠎ᠦᠨ ᠠᠵᠢᠯ᠎ᠤᠨ ᠭᠣᠣᠯᠳᠠᠯᠭ᠎ᠠ》 ᠶ᠋ᠢ ᠬᠢᠨᠠᠨ ᠵᠥᠪᠯᠡᠵᠦ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠦᠨ᠂ ᠳᠠᠷᠤᠯᠲᠠ ᠵᠢ ᠨᠡᠮᠡᠭᠳᠡᠭᠦᠯᠤᠨ ᠬᠦᠴᠦᠯᠠᠴᠠ ᠵᠢ ᠴᠢᠨᠭᠭᠠᠷᠠᠭᠤᠯᠵᠤ 《ᠤᠮᠠᠷᠠᠲᠤ᠎ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠴᠢᠩᠭᠠᠳᠬᠠᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠶ ᠰᠢᠭᠤᠢ ᠨᠤᠲᠤᠭ ᠪᠡᠯᠴᠢᠭᠡᠷ᠎ᠤᠨ ᠠᠵᠤ ᠦᠢᠯᠡᠰ᠎ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠬᠣᠯᠪᠣᠭᠳᠠᠯ ᠪᠦᠬᠦᠢ ᠬᠠᠤᠯᠢ ᠲᠣᠭᠲᠠᠭᠠᠬᠤ᠂ ᠵᠥᠪᠯᠡᠬᠦ ᠲᠥᠯᠥᠪᠯᠡᠭᠡ᠎ᠶᠢᠨ ᠲᠤᠬᠠᠢ 2025 ᠣᠨ᠎ᠳᠤ ᠭᠦᠢᠴᠡᠳᠭᠡᠭᠰᠡᠨ (ᠬᠡᠷᠡᠭᠵᠢᠭᠦᠯᠦᠭᠰᠡᠨ) ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ 2026 ᠣᠨ᠎ᠤ ᠬᠣᠯᠪᠣᠭᠳᠠᠯ ᠪᠦᠬᠦᠢ ᠬᠠᠤᠯᠢ ᠲᠣᠭᠲᠠᠭᠠᠬᠤ᠂ ᠵᠥᠪᠯᠡᠬᠦ ᠲᠥᠯᠥᠪᠯᠡᠭᠡ᠎ᠶᠢ ᠬᠢᠨᠠᠨ ᠵᠥᠪᠯᠡᠵᠦ᠂ ᠬᠣᠯᠪᠣᠭᠳᠠᠯ ᠪᠦᠬᠦᠢ ᠠᠵᠢᠯ᠎ᠢ ᠰᠠᠢᠲᠤᠷ ᠬᠢᠬᠦ᠎ᠳᠦ ᠲᠣᠳᠣᠷᠬᠠᠢ ᠱᠠᠭᠠᠷᠳᠠᠯᠭ᠎ᠠ ᠳᠤᠷᠠᠳᠪᠠ᠃
ᠬᠤᠷᠠᠯ᠎ᠡᠴᠡ《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶᠢᠨ ᠬᠤᠷᠢᠶ᠎ᠠ᠎ᠵᠢᠨ 2026 ᠣᠨ᠎ᠤ ᠠᠵᠢᠯ᠎ᠤᠨ ᠭᠣᠣᠯᠳᠠᠯᠭ᠎ᠠ》 ᠂ 《ᠬᠣᠷᠢᠨᠭᠡᠷ ᠳ᠋ᠠᠢᠲ᠋ᠠ᠎ᠶᠢᠨ ᠲᠥᠪ᠎ᠦᠨ ᠪᠦᠯᠦᠭᠵᠢᠯ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠵᠦ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ》᠂《ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ ᠲᠤᠬᠠᠢ ᠰᠠᠨᠠᠯ》᠂ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠬᠤ ᠠᠵᠢᠯ᠎ᠤᠨ ᠬᠡᠷᠡᠭᠵᠢᠭᠦᠯᠬᠦ ᠠᠷᠭ᠎ᠠ》 ᠶ᠋ᠢ ᠬᠢᠨᠠᠨ ᠵᠥᠪᠯᠡᠪᠡ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃