ᠸᠠᠩ ᠸᠧᠢ ᠵᠦᠩ ᠪᠦᠦ ᠭᠠᠩ ᠸᠠᠩ ᠱᠢᠶᠠᠩ ᠮᠢᠩ ᠸᠠᠩ ᠼᠦᠢ ᠵᠢᠶᠦ᠋ᠨ ᠭᠠᠷᠤᠨ ᠦᠰᠦᠭ ᠵᠢᠷᠤᠬᠤ᠎ᠶ᠋ᠢ ᠭᠡᠷᠡᠴᠢᠯᠡᠪᠡ
1 ᠰᠠᠷ᠎ᠠ᠎ᠶ᠋ᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠬᠤᠸᠠ ᠷᠦᠨ ᠪᠦᠯᠦᠭ᠌ᠯᠡᠯ ᠬᠥᠬᠡᠬᠣᠲᠠ᠎ᠳᠤ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠬᠤᠸᠠ ᠷᠦᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠱᠢᠶᠠᠩ ᠮᠢᠩ᠂ ᠶᠡᠷᠦᠩᠬᠡᠶ ᠳᠠᠭᠠᠭᠠᠮᠠᠯ ᠸᠠᠩ ᠼᠦᠢ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠢᠦᠶ ᠯᠢ ᠱᠢᠨ ᠭᠠᠷᠤᠨ ᠥᠰᠥᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠬᠤᠸᠠ ᠷᠦᠨ ᠪᠦᠯᠦᠭ᠌ᠯᠡᠯ᠎ᠦᠨ ᠳᠡᠳ᠋ ᠶᠡᠷᠦᠩᠬᠡᠢ ᠳᠠᠭᠠᠭᠠᠮᠠᠯ ᠬᠠᠨ ᠶᠤᠸᠠᠢ ᠸᠧᠢ ᠬᠣᠶᠠᠷ ᠲᠠᠯ᠎ᠠ᠎ᠶ᠋ᠢ ᠲᠥᠯᠥᠭᠡᠯᠡᠨ ᠵᠥᠪᠯᠡᠯᠴᠡᠭᠡᠷ᠎ᠲᠦ ᠭᠠᠷᠤᠨ ᠦᠰᠦᠭ ᠵᠢᠷᠤᠪᠠ᠃ ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠨᠧᠷᠭᠢ᠂ ᠬᠣᠲᠠ᠎ᠶ᠋ᠢᠨ ᠪᠥᠲᠥᠭᠡᠨ ᠪᠠᠢᠭᠤᠯᠤᠯᠲᠠ ᠡᠵᠡᠩᠨᠡᠯᠲᠡ᠂ ᠬᠠᠮ ᠡᠷᠡᠭᠦᠯ ᠮᠡᠨᠳᠦ᠂ ᠬᠠᠮ ᠬᠡᠷᠡᠭ᠌ᠯᠡᠭᠡ᠂ ᠠᠵᠤ ᠦᠶ᠋ᠯᠡᠰ᠎ᠤᠨ ᠮᠥᠩᠭᠥᠨ ᠭᠦᠶ᠋ᠯᠭᠡᠭᠡᠨ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠬᠦᠷᠢᠶᠡᠨ᠎ᠳᠦ ᠬᠠᠮᠲᠤᠷᠠᠯᠴᠠᠭ᠎ᠠ᠎ᠪᠠᠨ ᠤᠯᠠᠮ ᠭᠦᠨᠵᠡᠭᠡᠢᠷᠡᠭᠦᠯᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号