— 2025 ᠣᠨ᠎ᠳᠤ ᠥᠪᠥᠷ ᠮᠣᠩᠭᠣᠯ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ ᠦᠶ᠋ᠯᠡᠰ ᠱᠢᠨ᠎ᠡ ᠬᠠᠭᠤᠳᠠᠰᠤ᠎ᠶ᠋ᠢ ᠪᠢᠴᠢᠭᠯᠡᠪᠡ
ᠦᠩᠬᠡᠷᠡᠨ ᠤᠳᠬᠤ ᠣᠨ ᠵᠢᠯ ᠲᠡᠮᠡᠴᠡᠯ᠎ᠦᠨ ᠤᠯᠠ ᠮᠥᠷ᠎ᠢ ᠲᠠᠮᠠᠭᠠᠯᠠᠨ᠎ᠠ ; ᠠᠶᠠᠨ ᠵᠠᠮ ᠳ᠋ᠠᠭᠠᠨ ᠤᠷᠤᠬᠰᠢᠯᠠᠯᠳᠠ ᠵᠢᠨ ᠢᠷᠠᠭᠤ ᠠᠶᠠᠰ᠎ᠢ ᠴᠤᠤᠷᠢᠶᠠᠳᠤᠭᠤᠯᠤᠨ᠎ᠠ᠃
2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠰᠡᠭᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠪᠠᠢᠷᠢᠯᠠᠭᠤᠯᠬᠤ ᠵᠠᠩᠭᠢᠯᠠᠭ᠎ᠠ᠎ᠶ᠋ᠢᠨ ᠵᠢᠯ ᠪᠣᠯᠤᠨ᠎ᠠ᠃ ᠤᠨᠤᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠡᠴᠡ ᠠᠪᠤᠭᠠᠳ ᠭᠣᠣᠯ ᠶᠠᠷᠢᠶ᠎ᠠ ᠬᠡᠯᠡᠯᠴᠡᠭᠡ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠬᠦᠷᠲᠡᠯ᠎ᠡ᠂ ᠴᠠᠭ ᠦᠶ᠎ᠡ᠎ᠶ᠋ᠢᠨ ᠱᠢᠨ᠎ᠡ ᠰᠤᠷᠲᠠᠯ ᠲᠥᠪ ᠰᠤᠷᠲᠠᠯ᠎ᠢᠶᠡᠷ ᠤᠮᠳᠠᠯᠠᠨ ᠨᠦᠯᠦᠭᠡᠯᠡᠬᠦ ᠡᠴᠡ ᠠᠪᠤᠭᠠᠳ ᠰᠣᠶᠣᠯ᠎ᠤᠨ ᠠᠵᠢᠯ ᠦᠢᠯᠡᠰ ᠰᠤᠶᠤᠯ᠎ᠤᠨ ᠠᠵᠤ ᠦᠢᠯᠡᠰ᠎ᠤᠨ ᠱᠢᠨᠡᠲᠡᠢᠰᠢ ᠰᠢᠯᠢᠳᠡᠭ ᠲᠡᠢᠰᠢ ᠬᠦᠭᠵᠢᠭᠰᠡᠨ ᠬᠦᠷᠲᠡᠯ᠎ᠡ ᠁ ᠱᠢᠨᠡᠲᠡᠢᠰᠢ ᠤᠷᠤᠭᠰᠢᠯᠠᠬᠤ ᠭᠠᠷᠤᠭ᠎ᠠ ᠵᠢᠨ ᠵᠠᠩᠭᠢᠯᠠᠭ᠎ᠠ᠎ᠶ᠋ᠢᠨ ᠴᠡᠭ ᠡᠴᠡ ᠡᠷᠬᠢᠨ ᠬᠠᠷᠠᠬᠤᠶ᠎ᠠ᠂ ᠥᠪᠥᠷ ᠮᠣᠩᠭᠣᠯ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠪᠣᠳᠠᠲᠠᠢ ᠠᠵᠢᠯᠯᠠᠵᠤ᠂ ᠤᠷᠤᠭᠰᠢᠯᠠᠯᠲᠠ ᠵᠢᠨ ᠠᠯᠬᠤᠭ᠎ᠠ ᠢᠳᠡᠷᠡᠭᠦᠨ ᠬᠦᠴᠦᠲᠡᠢ ᠪᠠᠢᠵᠤ᠂ ᠥᠪᠥᠷ ᠮᠣᠩᠭᠣᠯ᠎ᠤᠨ ᠡᠬᠡ ᠭᠠᠵᠠᠷ᠎ᠲᠤ ᠠᠮᠢᠵᠢᠷᠠᠯ᠎ᠤᠨ ᠬᠦᠴᠦᠨ ᠪᠠᠳᠠᠷᠠᠵᠤ᠂ ᠭᠠᠵᠠᠷ ᠪᠣᠯᠭᠠᠨ᠎ᠳᠤ ᠥᠷᠨᠢᠭᠦᠨ ᠬᠥᠭ᠌ᠵᠢᠩᠭᠦᠢ ᠰᠢᠨ᠎ᠠ ᠳᠦᠷᠰᠦ ᠪᠠᠢᠳᠠᠯ ᠪᠢᠯᠬᠠᠵᠤ᠂ ᠣᠮᠣᠭ ᠲᠡᠭᠦᠯᠳᠡᠷ ᠤᠷᠤᠭ᠍ᠰᠢᠯᠠᠨ ᠲᠠᠪᠱᠢᠬᠤ ᠰᠡᠳᠭᠢᠯ ᠬᠥᠳᠡᠯᠭᠡᠮ᠎ᠡ ᠦᠵᠡᠮᠵᠢᠳᠤ ᠵᠢᠷᠤᠭ᠎ᠢ ᠪᠦᠷᠢᠯᠳᠦᠭᠦᠯᠪᠡ᠃
ᠡᠨᠡ ᠨᠢᠭᠡ ᠵᠢᠯ᠎ᠳᠦ᠂ ᠥᠪᠥᠷ ᠮᠣᠩᠭᠣᠯ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠭᠣᠣᠯ ᠦᠷᠳᠡᠭ᠂ ᠭᠣᠣᠯ ᠶᠠᠷᠢᠶ᠎ᠠ ᠬᠡᠯᠡᠯᠴᠡᠭᠡ᠂ ᠭᠣᠣᠯ ᠰᠣᠶᠣᠯ᠎ᠢ ᠦᠷᠭᠦᠯᠵᠢᠯᠡᠨ ᠬᠥᠭ᠌ᠵᠢᠭᠦᠯᠦᠨ ᠪᠤᠵᠠᠭᠠᠢᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃
ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ ᠦᠵᠡᠯ ᠰᠠᠨᠠᠭᠠᠨ᠎ᠤ ᠦᠨᠳᠦᠰᠦ ᠰᠠᠭᠤᠷᠢ᠎ᠶ᠋ᠢ ᠪᠠᠲᠤᠳᠬᠠᠪᠠ
ᠦᠵᠡᠯ ᠰᠠᠨᠠᠭ᠎ᠠ ᠵᠢᠨ ᠬᠡᠷᠡᠯ ᠢᠷᠡᠭᠡᠳᠦᠶ᠎ᠶ᠋ᠢ ᠬᠡᠢᠬᠦᠯᠦᠨᠡ; ᠣᠨᠣᠯ᠎ᠤᠨ ᠮᠡᠳᠡᠯᠬᠡ ᠰᠡᠳᠭᠢᠯ᠎ᠢ ᠤᠮᠳᠠᠯᠠᠵᠤ ᠦᠢᠯᠡᠳᠦᠯᠬᠡ ᠵᠢ ᠵᠢᠯᠤᠭᠤᠳᠤᠨ᠎ᠠ᠃
ᠥᠩᠭᠡᠷᠡᠭ᠌ᠰᠡᠨ ᠨᠢᠭᠡ ᠵᠢᠯ᠎ᠳᠦ᠂ ᠪᠦᠬᠦ᠌ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠨᠠᠮ᠎ᠤᠨ ᠱᠢᠨᠡᠡᠭᠦᠳᠦᠭᠰᠡᠨ ᠤᠨᠤᠯ᠎ᠢᠶᠠᠷ ᠰᠡᠳᠭᠢᠯ᠎ᠢ ᠨᠢᠭᠲᠠᠷᠠᠭᠤᠯᠤᠨ ᠰᠦᠭ ᠰᠦᠨᠡᠰᠦ᠎ᠶ᠋ᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠤᠨᠤᠯ᠎ᠤᠨ ᠰᠤᠷᠤᠯᠴᠠᠯᠭ᠎ᠠ᠂ ᠤᠬᠠᠭᠤᠯᠭ᠎ᠠ ᠤᠬᠠᠭᠤᠯᠤᠨ ᠲᠠᠢᠯᠪᠤᠷᠢᠯᠠᠯᠲᠠ ᠪᠠ ᠰᠤᠳᠤᠯᠤᠨ ᠲᠠᠢᠯᠪᠤᠷᠢᠯᠠᠯᠲᠠ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠨᠠᠮ᠎ᠤᠨ ᠱᠢᠨᠡᠡᠭᠦᠳᠦᠭᠰᠡᠨ ᠤᠨᠤᠯ᠎ᠢ ᠥᠪᠥᠷ ᠮᠣᠩᠭᠣᠯ᠎ᠤᠨ ᠡᠬᠡ ᠭᠠᠵᠠᠷ᠎ᠲᠤ ᠲᠤᠭᠤᠰᠢᠯᠠᠭᠤᠯᠤᠨ ᠨᠠᠢᠳᠠᠪᠦᠷᠢᠵᠢᠭᠤᠯᠵᠤ ᠦᠷ᠎ᠡ ᠪᠦᠲᠦᠮᠵᠢ ᠭᠠᠷᠭᠠᠪᠠ᠃
ᠰᠤᠷᠤᠯᠴᠠᠬᠤ ᠰᠡᠳᠭᠢᠬᠦ ᠦᠶ᠋ᠯᠡᠳᠦᠯᠭᠡᠵᠢᠭᠦᠯᠬᠦ ᠤᠬᠠᠪᠦᠷᠢᠯᠠᠬᠤ ᠨᠢ ᠬᠡᠪᠰᠢᠯ ᠪᠣᠯᠪᠠ —
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ 《 ᠨᠢᠭᠡᠳᠦᠭᠡᠷ ᠵᠥᠪᠯᠡᠬᠦ᠌ ᠵᠦᠢᠯ》᠎ᠤ᠋ᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠠᠮᠤᠭ᠎ᠤᠨ ᠱᠢᠨ᠎ᠡ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠴᠠᠭ ᠲᠤᠬᠠᠢᠳᠤᠨᠢ ᠲᠠᠭᠠᠵᠤ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠵᠤ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠰᠤᠷᠤᠯᠴᠠᠯᠭ᠎ᠠ ᠵᠢᠨ ᠠᠩᠭᠢ ᠵᠢ ᠡᠷᠭᠢᠯᠡᠵᠦ᠍᠂ 《ᠲᠦᠷᠦᠭᠦᠴᠢ ᠭᠠᠯᠠᠭᠤᠠᠶᠠᠯᠠᠯᠢ ᠲᠠᠭᠠᠭᠤᠯᠬᠤ》 ᠪᠡᠷ 《ᠰᠦᠷᠦᠭ ᠭᠠᠯᠠᠭᠤ ᠵᠡᠷᠭᠡ ᠪᠡᠷ ᠨᠢᠰᠬᠦ》 ᠶ᠋ᠢ ᠳᠠᠢᠴᠢᠯᠠᠪᠠ᠃ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠵᠡᠷᠭᠡ ᠵᠣᠬᠢᠶᠠᠯ᠎ᠢ ᠰᠤᠷᠤᠯᠴᠠᠵᠦ᠍ ᠬᠡᠷᠡᠭ᠌ᠯᠡᠬᠦ᠌ ᠠᠵᠢᠯ᠎ᠢ ᠨᠢᠮᠪᠠᠢ ᠵᠣᠬᠢᠶᠠᠨ ᠪᠠᠢᠭᠤᠯᠵᠤ᠂ ᠨᠠᠮ᠎ᠤᠨ ᠱᠢᠨᠡᠡᠭᠦᠳᠦᠭᠰᠡᠨ ᠤᠨᠤᠯ᠎ᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠤ᠂ ᠨᠠᠮ᠎ᠤᠨ ᠭᠡᠱᠢᠭᠦᠨ ᠺᠠᠳ᠋ᠷ᠎ᠤᠨ ᠪᠡᠶ᠎ᠡ᠎ᠪᠡᠨ ᠵᠠᠰᠠᠵᠤ ᠲᠦᠪ ᠰᠤᠷᠲᠠᠯ᠎ᠢ ᠪᠤᠢ ᠪᠣᠯᠭᠠᠬᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠵᠡᠯ ᠰᠠᠨᠠᠭᠠᠨ᠎ᠤ ᠵᠦᠭ᠌ᠯᠡᠭᠦᠷ ᠪᠣᠯᠭᠠᠪᠠ᠃
ᠤᠬᠠᠭᠤᠯᠭ᠎ᠠ ᠤᠬᠠᠭᠤᠯᠤᠨ ᠲᠠᠢᠯᠪᠦᠷᠢᠯᠠᠯᠲᠠ ᠵᠢᠨ ᠰᠢᠨ᠎ᠡ ᠵᠢ ᠡᠭᠦᠳᠴᠦ ᠭᠢᠯᠠᠯᠵᠠᠬᠰᠠᠨ ᠠᠮᠵᠢᠯᠲᠠ ᠤᠯᠪᠠ —
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠡᠷᠭᠡ ᠴᠢᠬᠤᠯᠠ ᠶᠡᠬᠡ ᠭᠣᠣᠯ ᠰᠡᠳᠦᠪ᠎ᠲᠤ ᠤᠬᠠᠭᠤᠯᠤᠨ ᠲᠠᠢᠯᠪᠤᠷᠢᠯᠠᠯᠲᠠ ᠵᠢ 6 ᠲᠦᠮᠡ ᠭᠠᠷᠤᠢ ᠲᠠᠯᠠᠪᠤᠷ ᠤᠳᠠᠭ᠎ᠠ ᠭᠦᠨᠵᠡᠭᠡᠢ ᠥᠷᠨᠢᠭᠦᠯᠵᠦ᠍᠂ 356 ᠲᠦᠮᠡ ᠭᠠᠷᠤᠢ ᠬᠥᠮᠦᠨ ᠤᠳᠠᠭ᠎ᠠ᠎ᠶ᠋ᠢ ᠬᠠᠮᠤᠷᠪᠠ᠃《ᠱᠢᠨ᠎ᠡ ᠠᠶᠠᠨ ᠳ᠋ᠤ ᠤᠨᠤᠯ᠎ᠢ ᠰᠠᠢᠳᠤᠷ ᠤᠬᠠᠭᠤᠯᠤᠶᠠ》ᠤᠨᠤᠯ᠎ᠤᠨ ᠤᠬᠠᠭᠤᠯᠤᠨ ᠲᠠᠢᠯᠪᠤᠷᠢᠯᠠᠬᠤ ᠤᠷᠤᠯᠳᠤᠭᠠᠨ ᠵᠡᠷᠭᠡ ᠲᠦᠷᠦᠯ ᠲᠡᠮᠳᠡᠭᠳᠤ ᠠᠵᠢᠯᠯᠠᠭ᠎ᠠ᠎ᠶ᠋ᠢ ᠡᠷᠬᠢᠯᠡᠪᠠ᠃ ᠨᠠᠮ᠎ᠤᠨ ᠱᠢᠨᠡᠡᠭᠦᠳᠦᠯᠲᠡ ᠵᠢᠨ ᠤᠨᠤᠯ᠎ᠤᠨ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠰᠤᠳᠤᠯᠭᠠᠨ᠎ᠤ ᠲᠤᠷᠱᠢᠯᠲᠠ᠎ᠶ᠋ᠢᠨ ᠲᠠᠰᠤᠭ᠎ᠢ ᠪᠠᠢᠭᠤᠯᠵᠤ᠂ 《ᠶᠣᠰᠣᠨ ᠳ᠋ᠠᠭᠠᠨ ᠡᠢᠮᠦ᠍ ᠪᠠᠢᠪᠠᠯ ᠵᠣᠬᠢᠨ᠎ᠠ》᠂ 《ᠦᠵᠡᠯ ᠰᠠᠨᠠᠭ᠎ᠠ·ᠬᠠᠮᠲᠤ ᠪᠡᠷ ᠡᠳ᠋ᠯᠡᠬᠦ᠌ ᠲᠤᠭᠤᠷᠠᠭ ᠱᠢᠷᠡᠭᠡᠨ᠎ᠦ ᠬᠤᠷᠠᠯ》 ᠵᠡᠷᠭᠡ ᠤᠨᠤᠯ᠎ᠤᠨ ᠪᠤᠯᠤᠩ᠎ᠤᠨ ᠰᠢᠨ᠎ᠡ ᠵᠢ ᠡᠭᠦᠳᠴᠦ ᠱᠢᠨ᠎ᠡ ᠠᠮᠵᠢᠯᠲᠠ ᠪᠦᠲᠦᠮᠵᠢ ᠤᠯᠵᠤ᠂《ᠰᠠᠷᠠᠭᠤᠯ ᠵᠠᠮ᠎ᠢᠶᠠᠷ ᠬᠠᠮᠲᠤᠳᠠ ᠠᠶᠠᠯᠠᠶ᠎ᠠ》ᠵᠡᠷᠭᠡ ᠤᠨᠤᠯ᠎ᠤᠨ ᠲᠤᠰᠭᠠᠢ ᠰᠡᠳᠦᠪᠲᠦ ᠹᠢᠯᠢᠮ᠂ 《ᠥᠭᠡᠷᠡᠴᠢᠯᠡᠯᠲᠡ ᠨᠡᠭᠡᠭᠡᠯᠳᠠ ᠵᠢᠨ ᠱᠢᠨ᠎ᠡ ᠬᠠᠭᠤᠳᠠᠰᠤ ᠵᠢ ᠪᠢᠴᠢᠭᠯᠡᠨ᠎ᠡ》 ᠵᠡᠷᠭᠡ ᠱᠢᠷᠢᠰ ᠰᠦᠯᠵᠢᠶᠡᠨ᠎ᠤ ᠬᠠᠮ ᠮᠡᠳᠡᠭᠡᠯᠡᠯ᠎ᠤᠨ ᠦᠢᠯᠡᠳᠬᠦᠨ᠎ᠢ ᠭᠤᠤᠯᠳᠠᠯᠭ᠎ᠠ ᠲᠠᠢ ᠨᠡᠢᠲᠡᠯᠡᠵᠦ᠍᠂ ᠲᠦᠬᠦᠮ ᠣᠢᠯᠠᠭᠠᠮᠵᠢᠲᠠᠢ᠂ ᠠᠮᠢᠳᠤᠯᠢᠭ ᠪᠣᠳᠠᠲᠠᠢ ᠪᠡᠷ ᠦᠨᠡᠨ ᠶᠣᠰᠣᠨ᠎ᠤ ᠬᠦᠴᠦᠨ ᠴᠢᠳᠠᠯ᠎ᠢ ᠲᠠᠢᠯᠪᠤᠷᠢᠯᠠᠵᠤ᠂ ᠱᠢᠨᠵᠢᠯᠡᠬᠦ᠌ ᠤᠬᠠᠭᠠᠨᠴᠢ ᠤᠨᠤᠯ᠎ᠢ ᠤᠯᠠᠨ ᠲᠦᠮᠡᠨ᠎ᠳᠦ ᠬᠦᠷᠬᠡᠬᠦ ᠬᠥᠭᠥᠷᠭᠡ ᠬᠤᠯᠪᠤᠭᠠᠰᠤ᠎ᠶ᠋ᠢ ᠪᠤᠰᠬᠠᠪᠠ᠃
ᠣᠨᠣᠯ᠎ᠤᠨ ᠰᠤᠳᠤᠯᠭᠠᠨ᠎ᠤ ᠦᠷ᠎ᠡ ᠪᠦᠲᠦᠭᠡᠯ ᠡᠯᠪᠡᠭ ᠳᠡᠯᠪᠡᠭ ᠪᠤᠯᠪᠠ —
ᠮᠠᠷᠺᠰ᠎ᠤᠨ ᠦᠵᠡᠯ᠎ᠦᠨ ᠤᠨᠤᠯ᠎ᠤᠨ ᠰᠤᠳᠤᠯᠭᠠᠨ ᠪᠠ ᠪᠠᠢᠭᠤᠯᠤᠯᠲᠠ᠎ᠶᠢᠨ ᠢᠨᠵᠧᠨᠧᠷᠢᠩ ᠢ ᠰᠢᠨ᠎ᠡ᠎ᠶᠢ ᠡᠭᠦᠳᠦᠨ ᠬᠡᠷᠡᠭᠵᠢᠭᠦᠯᠪᠡ᠃ 《ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠵᠢᠨ ᠥᠪᠥᠷ ᠮᠣᠩᠭᠣᠯ᠎ᠳᠠᠬᠢ ᠠᠮᠢᠳᠤᠯᠢᠭ᠋ ᠦᠢᠯᠡᠳᠦᠯᠭᠡ》 ᠶ᠋ᠢᠨ ᠰᠡᠳᠦᠪ᠎ᠦᠨ ᠰᠤᠳᠤᠯᠭᠠᠨ᠎ᠢ ᠥᠷᠨᠢᠭᠦᠯᠪᠡ᠃
ᠦᠭᠡ ᠬᠡᠯᠡ᠂ ᠬᠠᠭᠤᠴᠢ ᠰᠤᠳᠤᠯᠤᠯ᠂ ᠣᠷᠣᠨ ᠪᠦᠰᠡ᠎ᠶᠢᠨ ᠤᠯᠤᠰ᠎ᠤᠨ ᠢᠯᠭᠠᠯ᠎ᠤᠨ ᠰᠤᠳᠤᠯᠭᠠᠨ ᠵᠡᠷᠭᠡ 3 ᠶᠡᠷᠦᠩᠬᠡᠢᠯᠡᠭᠰᠡᠨ ᠲᠤᠷᠰᠢᠯᠲᠠ᠎ᠶᠢᠨ ᠲᠠᠰᠤᠭ᠎ᠢ ᠲᠤᠷᠰᠢᠯᠳᠠ ᠵᠢᠨ ᠴᠡᠭ᠎ᠢᠶᠡᠷ ᠪᠠᠢᠭᠤᠯᠵᠤ᠂ 78 ᠵᠦᠢᠯ᠎ᠦᠨ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠰᠡᠳᠦᠪ ᠲᠣᠭᠲᠠᠭᠠᠬᠤ᠎ᠶᠢ ᠵᠥᠪᠰᠢᠶᠡᠷᠡᠪᠡ᠃ ᠮᠡᠳᠡᠯᠭᠡ ᠮᠡᠳᠡᠴᠡ ᠭᠦᠨ᠂ ᠦᠨ᠎ᠡ ᠦᠷᠳᠡᠭ ᠥᠨᠳᠥᠷ ᠠᠯᠢ ᠤᠯᠠᠨ ᠰᠤᠳᠤᠯᠭᠠᠨ᠎ᠤ ᠦᠷ᠎ᠡ ᠪᠦᠲᠦᠭᠡᠯ ᠨᠢ ᠪᠦᠬᠦ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠤᠨᠤᠯ᠎ᠤᠨ ᠲᠤᠯᠭᠠᠭᠤᠷᠢᠯᠠᠯ ᠪᠠ ᠤᠶᠤᠨ᠎ᠤ ᠪᠠᠲᠤᠯᠠᠭ᠎ᠠ ᠬᠠᠩᠭᠠᠪᠠ᠃
《ᠰᠤᠷᠤᠯᠴᠠᠵᠤ》 ᠰᠢᠨ᠎ᠡ ᠤᠳᠬ᠎ᠠ ᠵᠢ ᠢᠯᠡᠷᠡᠬᠦᠯᠵᠤ᠂《ᠤᠬᠠᠭᠤᠯᠵᠤ》 ᠥᠪᠡᠷᠮᠢᠴᠡ ᠣᠨᠴᠠᠯᠢᠭ᠋ᠢᠢᠯᠡᠷᠡᠬᠦᠯᠵᠦ᠂《ᠶᠠᠷᠢᠵᠤ》ᠬᠠᠮᠲᠤ᠎ᠶᠢᠨ ᠴᠤᠤᠷᠢᠶ᠎ᠠ ᠵᠢ ᠡᠬᠦᠰᠬᠡᠵᠤ᠂ 《ᠰᠤᠳᠤᠯᠵᠤ》 ᠭᠦᠨᠴᠡ ᠵᠢ ᠢᠯᠡᠷᠡᠬᠦᠯᠪᠡ ᠁ ᠨᠠᠮ᠎ᠤᠨ ᠰᠢᠨ᠎ᠡ ᠡᠭᠦᠳᠦᠯᠳᠠ ᠵᠢᠨ ᠤᠨᠤᠯ ᠤᠷᠢᠬᠠᠨ ᠰᠠᠯᠬᠢ ᠥᠭᠭᠢᠶᠡᠮᠦᠷ ᠬᠤᠷ᠎ᠠ ᠪᠤᠯᠵᠤ᠂ ᠲᠦᠮᠡᠨ ᠪᠣᠳᠠᠰ᠎ᠢ ᠤᠮᠳᠠᠯᠠᠬᠤ ᠳᠤᠮᠳᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠠᠵᠢᠯᠯᠠᠭᠠᠨ᠎ᠤ ᠵᠦᠭᠯᠡᠭᠦᠷ ᠪᠣᠯᠪᠠ᠃
ᠭᠣᠣᠯ ᠰᠢᠵᠢᠮ᠎ᠢᠶᠡᠷ 《ᠬᠥᠲᠥᠯᠪᠦᠷᠢ》 ᠪᠣᠯᠭᠠᠬᠤ᠎ᠶᠢ ᠪᠠᠷᠢᠮᠲᠠᠯᠠᠵᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ
ᠡᠨᠡ ᠨᠢᠭᠡ ᠵᠢᠯ᠎ᠳᠦ᠂ ᠪᠦᠬᠦ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠠᠢᠩᠭᠤᠵᠢᠭ᠍ᠰᠠᠨ ᠤᠬᠠᠭᠤᠯᠭ᠎ᠠ ᠬᠥᠮᠦᠵᠢᠯ᠎ᠦᠨ ᠠᠵᠢᠯ᠎ᠤᠨ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠣᠶᠣᠯ᠎ᠢᠶᠠᠷ ᠬᠥᠮᠥᠨ᠎ᠢ ᠤᠬᠠᠭᠠᠷᠠᠭᠤᠯᠵᠤ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠵᠦᠭᠡᠯᠡᠨ ᠪᠤᠷᠤᠭᠠᠨ ᠲᠦᠮᠡᠨ ᠪᠤᠳᠠᠰ᠎ᠢ ᠤᠮᠳᠠᠯᠠᠨ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠪᠠ᠃
ᠰᠤᠳᠤᠯᠤᠨ ᠲᠠᠢᠯᠪᠤᠷᠢᠯᠠᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠪᠠ —
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ᠎ᠤᠨ ᠵᠠᠰᠠᠯᠲᠠ᠎ᠶᠢᠨ ᠰᠤᠳᠤᠯᠭᠠᠨ᠎ᠤ ᠲᠥᠪ᠎ᠢ ᠪᠠᠢᠭᠤᠯᠵᠤ᠂ 19 ᠥᠪᠡᠷᠲᠡᠭᠡᠨ ᠵᠠᠰᠠᠬᠤ ᠣᠷᠣᠨ᠎ᠤ ᠰᠤᠳᠤᠯᠭᠠᠨ᠎ᠤ ᠰᠠᠭᠤᠷᠢᠨ᠎ᠢ ᠨᠡᠷᠡᠢᠳᠴᠦ᠂ ᠨᠥᠯᠥᠭᠡᠯᠡᠬᠦ ᠬᠦᠴᠦᠨ᠎ᠪᠦᠬᠦᠢ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠲᠠᠪᠴᠠᠩ᠎ᠢ ᠪᠠᠢᠭᠤᠯᠪᠠ᠃ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠶ᠎ᠠ》᠂ 《ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠳᠣᠲᠣᠷᠠᠬᠢ ᠥᠪᠥᠷ ᠮᠣᠩᠭᠣᠯ》 ᠵᠡᠷᠭᠡ ᠣᠨᠣᠯ᠎ᠤᠨ ᠤᠩᠰᠢᠬᠤ ᠪᠢᠴᠢᠭ᠎ᠢ ᠨᠠᠷᠢᠨ ᠨᠢᠮᠪᠠᠢ ᠨᠠᠢᠷᠠᠭᠤᠯᠤᠨ ᠪᠢᠴᠢᠵᠦ᠂ ᠮᠡᠳᠡᠭᠡᠯᠡᠯ᠎ᠦᠨ ᠤᠷᠠᠨ ᠵᠣᠬᠢᠶᠠᠯ 《ᠤᠮᠠᠷᠠᠰᠢ ᠨᠡᠭᠡᠭᠡᠯᠲᠡ ᠬᠢᠨ᠎ᠡ》᠂ ᠶᠡᠷᠦᠩᠬᠡᠢᠯᠡᠭᠰᠡᠨ ᠤᠷᠠᠨ ᠰᠠᠢᠬᠠᠨ᠎ᠤ ᠫᠷᠣᠭ᠌ᠷᠠᠮ 《ᠳᠤᠮᠳᠠᠳᠤ᠎ᠶᠢᠨ ᠯᠤᠤ》 ᠵᠡᠷᠭᠡ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠠᠮᠢᠳᠤᠯᠢᠭ᠋ ᠰᠠᠢᠬᠠᠨ ᠥᠯᠢᠭᠡᠷ᠎ᠢᠶᠡᠷ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠰᠠᠢᠲᠤᠷ ᠶᠠᠷᠢᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ ᠨᠢᠭᠡᠳᠦᠨ ᠭᠠᠷ ᠬᠤᠯᠪᠤᠨ ᠤᠷᠤᠬᠰᠢᠯᠠᠬᠤ᠎ᠶᠢ ᠬᠥᠲᠥᠯᠥᠨ ᠵᠢᠯᠣᠭᠣᠳᠪᠠ᠃
ᠤᠬᠠᠭᠤᠯᠤᠨ ᠲᠠᠢᠯᠪᠤᠷᠢᠯᠠᠬᠤ ᠵᠢ ᠰᠡᠳᠬᠢᠯᠬᠡ ᠲᠠᠢ ᠦᠷᠨᠢᠬᠦᠯᠵᠤ ᠵᠦᠢ ᠶᠣᠰᠣᠨ᠎ᠳᠤ ᠨᠡᠢᠴᠡᠬᠦᠯᠪᠡ —
《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠵᠤ ᠤᠷᠤᠬᠰᠢᠯᠠᠬᠤ》ᠣᠯᠠᠨ ᠲᠦᠮᠡᠨᠴᠢ ᠬᠥᠮᠦᠵᠢᠯ᠎ᠲᠠᠢ ᠤᠶᠠᠯᠳᠤᠭᠤᠯᠤᠨ᠂《ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ》᠂ 《ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶᠢᠨ ᠭᠠᠷᠠᠭ》᠎ᠢ᠋ ᠨᠠᠷᠢᠨ ᠨᠢᠮᠪᠠᠢ ᠵᠣᠬᠢᠶᠠᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪᠲᠦ ᠲᠠᠢᠯᠪᠤᠷᠢᠯᠠᠯᠲᠠ᠎ᠶᠢ 2.13 ᠲᠦᠮᠡ ᠭᠠᠷᠤᠢ ᠲᠠᠯᠠᠪᠤᠷ ᠤᠳᠠᠭ᠎ᠠ ᠥᠷᠨᠢᠭᠦᠯᠵᠦ᠂ 104.2 ᠲᠦᠮᠡ ᠭᠠᠷᠤᠢ ᠬᠥᠮᠥᠨ ᠤᠳᠠᠭ᠎ᠠ᠎ᠶᠢ ᠬᠠᠮᠤᠷᠪᠠ᠃ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠨᠢᠭᠡ ᠭᠡᠷᠮᠡᠲᠦ ᠳᠣᠲᠣᠨᠣ᠌》ᠵᠡᠷᠭᠡ ᠥᠪᠡᠷᠮᠢᠴᠡ ᠣᠨᠴᠠᠯᠢᠭ᠋᠎ᠪᠦᠬᠦᠢ ᠲᠤᠰᠬᠠᠢ ᠪᠤᠯᠤᠩ᠎ᠢ ᠦᠷᠭᠦᠯᠵᠢᠯᠡᠨ ᠰᠠᠢᠲᠤᠷ ᠡᠷᠭᠢᠯᠡᠵᠦ᠂ 《ᠨᠠᠢᠷᠠᠮᠳᠠᠭᠤ ᠦᠵᠡᠰᠭᠦᠯᠡᠨᠭᠲᠦ ᠤᠮᠠᠷᠠᠲᠤ ᠬᠢᠯᠢ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠶ᠎ᠠ》 ᠦᠨᠳᠦᠰᠦᠨ ᠱᠠᠲᠤᠨᠳ᠋ᠡᠬᠢ ᠠᠶᠠᠯᠠᠯ ᠵᠡᠷᠭᠡ ᠠᠵᠢᠯᠯᠠᠭ᠎ᠠ᠎ᠶᠢ ᠥᠷᠨᠢᠭᠦᠯᠵᠦ᠂ 《ᠠᠨᠠᠷ᠎ᠤᠨ ᠴᠡᠴᠡᠭᠡᠰ ᠳᠡᠯᠭᠡᠷᠡᠭᠰᠡᠨ ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠭᠡᠬᠦ ᠰᠢᠷᠢᠰ ᠦᠢᠯᠡᠳᠭᠦᠨ᠎ᠢ ᠵᠤᠬᠢᠶᠠᠨ ᠪᠦᠳᠦᠬᠡᠵᠤ᠂ 《ᠲᠠᠪᠤᠨ ᠬᠠᠮᠲᠤ᠎ᠶᠢᠨ ᠲᠠᠨᠢᠯᠲᠠ》᠂《ᠳᠦᠷᠪᠡ ᠵᠢ ᠬᠠᠮᠳᠤᠳᠬᠠᠬᠤ》ᠵᠡᠷᠭᠡ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ᠎ᠪᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ᠎ᠢ ᠤᠮᠳᠠᠯᠠᠪᠠ᠃
ᠰᠣᠶᠣᠯ᠎ᠵᠢᠡᠷ ᠰᠦᠭ ᠰᠦᠨᠡᠰᠦ ᠵᠢ ᠱᠤᠭᠤᠪᠠ —
ᠯᠢᠶᠣᠤᠨᠢᠩ᠂ ᠾᠧᠪᠧᠢ ᠵᠡᠷᠭᠡ ᠮᠤᠵᠢ ᠣᠷᠣᠨ᠎ᠲᠠᠢ ᠬᠠᠮᠲᠤᠷᠠᠨ ᠬᠤᠩᠱᠠᠨ ᠰᠣᠶᠣᠯ᠎ᠤᠨ ᠣᠯᠠᠨ ᠤᠯᠤᠰ᠎ᠲᠠᠬᠢ ᠳᠠᠮᠵᠢᠭᠤᠯᠭ᠎ᠠ᠎ᠶᠢᠨ ᠶᠡᠬᠡ ᠬᠤᠷᠠᠯ᠂ ᠪᠠᠷᠠᠭᠤᠨ ᠯᠢᠶᠣᠤᠾᠧ ᠭᠣᠣᠯ᠎ᠤᠨ ᠰᠠᠯ᠎ᠤᠨ ᠵᠡᠷᠭᠡ ᠵᠢ ᠡᠷᠬᠢᠯᠡᠪᠡ᠃ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠨᠡᠢᠳᠡᠮ ᠪᠠᠢᠴᠠᠭᠠᠯᠲᠠ᠎ᠳᠤ 2086 ᠭᠠᠵᠠᠷ ᠲᠤ᠌ ᠲᠡᠦᠬᠡ᠎ᠶᠢᠨ ᠳᠤᠷᠠᠰᠬᠠᠯᠲᠤ ᠵᠦᠢᠯᠡᠰ᠎ᠢ ᠰᠢᠨ᠎ᠡ᠎ᠪᠡᠷ ᠢᠯᠡᠷᠡᠭᠦᠯᠵᠦ᠂ ᠬᠣᠷᠢᠨᠭᠡᠷ ᠲᠦ ᠴᠸᠩ ᠽᠢ᠎ᠶᠢᠨ ᠪᠠᠭᠤᠷᠢ᠂ ᠰᠢᠷᠠᠠᠤᠰᠤᠨ ᠪᠠᠭᠤᠷᠢᠤᠯᠤᠰᠤᠨ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ᠎ᠢᠶᠡᠷ ᠦᠨᠡᠯᠡᠭᠳᠡᠵᠤ᠂ ᠶᠤᠸᠠᠨ᠎ᠤ ᠳᠡᠭᠡᠳᠦ ᠨᠡᠢᠰᠯᠡᠯ ᠵᠡᠷᠭᠡ ᠪᠠᠭᠤᠷᠢ᠎ᠶᠢ ᠰᠢᠰᠲᠧᠮᠲᠦ ᠴᠢᠨᠠᠷᠲᠠᠢ᠎ᠪᠠᠷ ᠬᠠᠮᠠᠭᠠᠯᠠᠨ ᠰᠡᠯᠪᠢᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠣᠣᠯ᠂ ᠣᠷᠳᠣ᠌ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ ᠳᠠᠬᠢᠨᠲᠠ ᠰᠢᠨ᠎ᠡ ᠬᠠᠭᠤᠳᠠᠰᠤ᠎ᠶᠢ ᠪᠢᠴᠢᠭᠯᠡᠪᠡ᠃ ᠰᠣᠶᠣᠯ᠎ᠤᠨ ᠡᠬᠡ ᠤᠯᠤᠰ ᠲᠡᠬᠢ ᠠᠶᠠᠯᠠᠯ᠂ 《ᠮᠧᠩ ᠮᠠᠨᠢ ᠳᠠᠭᠠᠵᠤ ᠥᠪᠥᠷ ᠮᠣᠩᠭᠣᠯᠵᠢᠡᠷ ᠠᠶᠠᠯᠠᠨ ᠵᠢᠭᠤᠯᠴᠢᠯᠠᠶ᠎ᠠ》᠂《ᠠᠷᠪᠠᠨ ᠬᠣᠶᠠᠷ ᠠᠢᠮᠠᠭ ᠬᠤᠳᠠ᠎ᠶᠢᠨ ᠰᠣᠶᠣᠯ᠎ᠤᠨ ᠰᠤᠳᠠᠰᠤ᠎ᠶᠢᠨ ᠦᠨᠡᠯᠡᠯᠲᠡ》᠁ ᠠᠯᠢ ᠤᠯᠠᠨ ᠳᠤᠮᠳᠠᠳᠤ᠎ᠶᠢᠨ ᠰᠣᠶᠣᠯ᠎ᠤᠨ ᠲᠡᠮᠳᠡᠭ ᠪᠣᠳᠠᠲᠠᠢ᠎ᠳᠤ ᠨᠠᠢᠳᠠᠪᠤᠷᠢᠵᠢᠭᠤᠯᠤᠭᠳᠠᠵᠤ᠂ ᠬᠥᠮᠥᠰ᠎ᠦᠨ ᠰᠡᠳᠬᠢᠯ᠎ᠳᠦ ᠬᠠᠳᠠᠩᠰᠢᠵᠤ᠂ ᠰᠣᠶᠣᠯ᠎ᠤᠨ ᠰᠦᠭ ᠰᠦᠨᠡᠰᠦ᠎ᠶᠢ ᠱᠤᠭᠤᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠪᠠ᠃
ᠭᠣᠣᠯ ᠶᠠᠷᠢᠶ᠎ᠠ ᠬᠡᠯᠡᠯᠴᠡᠭᠡ᠎ᠶᠢ ᠪᠤᠵᠠᠭᠠᠢᠷᠠᠭᠤᠯᠵᠤ ᠬᠥᠭᠵᠢᠯᠲᠡ᠎ᠶᠢᠨ ᠬᠦᠭ ᠠᠶᠠᠰ᠎ᠢ ᠴᠢᠪᠬᠠᠳᠠᠪᠠ
ᠰᠢᠨ᠎ᠡ ᠴᠠᠭ ᠦᠶ᠎ᠡ᠎ᠳᠦ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠬᠦᠯᠵᠤ᠂ ᠰᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭᠰᠢᠯᠠᠨ᠎ᠠ᠃ ᠡᠨᠡ ᠨᠢᠭᠡ ᠵᠢᠯ᠎ᠳᠦ᠂ ᠪᠦᠬᠦ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶᠢ ᠪᠠᠭᠲᠠᠭᠠᠵᠤ᠂ ᠶᠡᠬᠡ ᠬᠠᠨᠳᠤᠰᠢ᠎ᠶᠢ ᠡᠵᠡᠮᠳᠡᠵᠦ᠂ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠎ᠶᠢ ᠪᠠᠷᠢᠮᠲᠠᠯᠠᠵᠤ᠂ ᠵᠥᠪ ᠲᠠᠯ᠎ᠠ᠎ᠶᠢᠨ ᠤᠬᠠᠭᠤᠯᠭ᠎ᠠ ᠪᠣᠯᠣᠨ ᠶᠠᠷᠢᠶ᠎ᠠ ᠬᠡᠯᠡᠯᠴᠡᠭᠡᠨ᠎ᠦ ᠵᠢᠯᠣᠭᠣᠳᠤᠮᠵᠢ᠎ᠶᠢ ᠴᠢᠩᠭᠠᠳᠬᠠᠵᠤ᠂ ᠭᠣᠣᠯ ᠬᠦᠭ ᠠᠶᠠᠰ᠎ᠢ ᠴᠢᠪᠬᠠᠳᠠᠵᠤ᠂ ᠡᠷᠴᠢ ᠵᠣᠷᠢᠭ᠋᠎ᠢᠶᠠᠨ ᠬᠥᠪᠴᠢᠯᠡᠪᠡ᠃
ᠭᠣᠣᠯ ᠰᠡᠳᠦᠪᠲᠦ ᠮᠡᠳᠡᠭᠡᠯᠡᠯ᠎ᠢ ᠬᠦᠨᠴᠠ ᠲᠠᠢ ᠦᠷᠨᠢᠬᠦᠯᠪᠡ —
ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ ᠪᠣᠯᠣᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ ᠵᠡᠷᠭᠡ᠎ᠶᠢ ᠤᠬᠠᠭᠤᠯᠤᠨ ᠮᠡᠳᠡᠭᠡᠯᠡᠬᠦ ᠠᠵᠢᠯ᠎ᠢ ᠨᠢᠮᠪᠠᠢ ᠰᠠᠢᠲᠤᠷ ᠬᠢᠪᠡ᠃ 《〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠲᠠᠪᠤᠨ ᠵᠢᠯ᠎ᠦᠨ ᠰᠢᠯᠢᠳᠡᠭ ᠠᠮᠵᠢᠯᠳᠠ ᠵᠢᠨ ᠬᠠᠭᠤᠳᠠᠰᠤ᠎ᠶᠢ ᠳᠡᠯᠭᠡᠨ ᠦᠵᠡᠭᠦᠯᠵᠦ᠂ ᠢᠲᠡᠭᠡᠯ ᠵᠣᠷᠢᠭ᠋᠎ᠢ ᠬᠦᠪᠴᠢᠯᠡᠵᠤ᠂ ᠲᠡᠮᠡᠴᠡᠯ᠎ᠦᠨ ᠵᠣᠷᠢᠭ᠋᠎ᠢ ᠨᠠᠩ ᠬᠦᠭᠵᠢᠬᠡᠪᠡ᠃《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》᠎ᠶ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ《ᠬᠤᠶᠠᠷ ᠲᠠᠯ᠎ᠠ ᠪᠡᠷ ᠪᠦᠬᠦ ᠤᠯᠤᠰ᠎ᠤᠨ ᠳᠡᠭᠡᠲᠦ ᠲᠦᠪᠰᠢᠨ ᠳ᠋ᠤ ᠲᠤᠭᠲᠠᠭᠤᠨ ᠪᠠᠢᠬᠤ》᠂ 《ᠬᠣᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》ᠲᠤᠬᠠᠢ ᠲᠠᠢᠯᠤᠮᠵᠢᠬᠢᠵᠤ᠂ ᠰᠢᠷᠢᠰ ᠭᠣᠣᠯ ᠰᠡᠳᠦᠪᠲᠦ ᠰᠣᠷᠪᠤᠯᠵᠢᠯᠠᠭ᠎ᠠ ᠪᠠ ᠬᠠᠮ ᠵᠠᠭᠤᠴᠢᠯᠠᠭᠤᠷ᠎ᠤᠨ ᠮᠡᠳᠡᠭᠡᠯᠡᠯ᠎ᠢ ᠶᠠᠪᠤᠬᠳᠠᠭᠤᠯᠵᠤ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠠᠢᠨ ᠰᠠᠢᠬᠠᠨ ᠲᠦᠷᠰᠦ ᠪᠠᠢᠳᠠᠯ ᠪᠠ ᠥᠪᠥᠷ ᠮᠣᠩᠭᠣᠯ᠎ᠤᠨ ᠬᠦᠭᠵᠢᠯ ᠪᠠᠳᠠᠷᠠᠯ᠎ᠤᠨ ᠦᠵᠡᠮᠵᠢᠳᠤ ᠵᠢᠷᠤᠭ᠎ᠢ ᠲᠡᠯᠬᠡᠨ ᠦᠵᠡᠬᠦᠯᠦᠭᠰᠡᠨ ᠨᠢ ᠬᠥᠮᠥᠰ᠎ᠢ ᠵᠣᠷᠢᠭ᠍ᠵᠢᠭᠤᠯᠤᠮ᠎ᠠ ᠶᠤᠮ᠃
ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠪᠠ —
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠦᠶ᠋ᠯᠡᠳᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠬᠢᠯᠢ ᠲᠠᠭᠠᠵᠤ ᠳᠤᠮᠳᠠᠳᠤ ᠤᠯᠤᠰ᠎ᠢ ᠬᠠᠷᠠᠬᠤᠢ》 ᠬᠠᠮ ᠵᠠᠭᠤᠴᠢᠯᠠᠭᠤᠷ᠎ᠤᠨ ᠮᠡᠳᠡᠭᠡᠯᠡᠯ᠂ 《ᠠᠮᠢᠵᠢᠷᠠᠯ᠎ᠤᠨ ᠬᠦᠴᠦᠨ᠎ᠳᠤ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶ᠋ᠢᠨ ᠠᠶᠠᠯᠠᠯ》ᠥᠪᠥᠷ ᠮᠣᠩᠭᠣᠯ᠎ᠤᠨ ᠭᠤᠤᠯ ᠰᠡᠳᠦᠪᠲᠦ ᠰᠤᠷᠪᠤᠯᠵᠢᠯᠠᠭ᠎ᠠ ᠵᠡᠷᠭᠡ ᠱᠢᠷᠢᠰ ᠰᠤᠷᠪᠤᠯᠵᠢᠯᠠᠭ᠎ᠠ ᠵᠢᠨ ᠮᠡᠳᠡᠭᠡᠯᠡᠯ᠎ᠢ ᠨᠠᠷᠢᠨ ᠨᠢᠮᠪᠠᠶ ᠵᠣᠬᠢᠶᠠᠨ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠭᠤᠴᠢᠯᠠᠭᠤᠷ《ᠡᠬᠡ ᠤᠯᠤᠰ᠎ᠤᠨ ᠤᠮᠠᠷᠠᠲᠤ ᠬᠢᠯᠢ᠎ᠶ᠋ᠢᠨ ᠥᠩᠭᠡ ᠦᠵᠡᠮᠵᠢ ᠬᠢᠵᠠᠭᠠᠯᠠᠰᠢ ᠥᠬᠡᠶ ᠰᠠᠢᠬᠠᠨ》ᠵᠡᠷᠭᠡ ᠬᠠᠮ ᠵᠠᠭᠤᠴᠢᠯᠠᠭᠤᠷ᠎ᠤᠨ ᠱᠢᠭᠤᠳ ᠨᠡᠪᠲᠡᠷᠡᠭᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ ᠱᠢᠷᠢᠰ ᠴᠢᠬᠤᠯᠠ ᠮᠡᠳᠡᠭᠡᠯᠡᠯ᠂ ᠤᠨᠤᠯ ᠱᠢᠭᠦᠮᠵᠢ ᠪᠠ ᠬᠠᠮ ᠵᠠᠭᠤᠴᠢᠯᠠᠭᠤᠷ᠎ᠤᠨ ᠪᠦᠲᠦᠭᠡᠯ᠎ᠢ ᠵᠤᠬᠢᠶᠠᠨ ᠪᠦᠳᠦᠬᠡᠵᠤ᠂ ᠪᠥᠬᠥ᠌ ᠰᠦᠯᠵᠢᠶ᠎ᠡ᠎ᠪᠡᠷ ᠨᠡᠪᠳᠡᠷᠡᠬᠦᠯᠦᠭᠰᠡᠨ ᠬᠠᠮᠢᠶ᠎ᠠ ᠪᠥᠬᠥᠶ ᠮᠡᠳᠡᠭᠡ ᠵᠠᠩᠭᠢ 622 ᠲᠦᠮᠡ ᠭᠠᠷᠤᠶ ᠵᠤᠷᠪᠤᠰ ᠲᠤ᠌ ᠬᠦᠷᠴᠦ᠍᠂ ᠶᠡᠷᠦᠩᠬᠡᠶ ᠳᠠᠮᠵᠢᠭᠤᠯᠭ᠎ᠠ᠎ᠶ᠋ᠢᠨ ᠬᠡᠮᠵᠢᠶ᠎ᠡ 290 ᠳ᠋ᠦᠩᠱᠢᠭᠤᠷ ᠤᠳᠠᠭ᠎ᠠ᠎ᠶ᠋ᠢ ᠳᠠᠪᠠᠵᠤ᠂ ᠨᠠᠩ ᠦᠨᠡᠨ ᠪᠣᠳᠠᠲᠠᠶ ᠪᠦᠭᠡᠳ ᠪᠣᠰᠣᠭ᠎ᠠ ᠴᠣᠭ᠍ᠴᠠ᠎ᠳᠤ ᠥᠪᠥᠷ ᠮᠣᠩᠭᠣᠯ᠎ᠤᠨ ᠳᠦᠷᠢ ᠲᠥᠷᠬᠦ᠌ ᠵᠢ ᠢᠯᠡᠷᠡᠬᠦᠯᠪᠡ᠃
ᠣᠯᠠᠨ ᠤᠯᠤᠰ᠎ᠤᠨ ᠳᠠᠮᠵᠢᠭᠤᠯᠭ᠎ᠠ᠎ᠶᠢᠨ ᠶᠠᠰᠤ ᠴᠢᠨᠠᠷ ᠦᠷ᠎ᠡ ᠪᠦᠳᠦᠮᠵᠢ ᠵᠢᠨ ᠬᠤᠤᠰ ᠳᠡᠭᠡᠭ᠌ᠰᠢᠯᠡᠯᠳᠠ ᠵᠢ ᠪᠡᠶᠡᠯᠡᠬᠦᠯᠪᠡ —
ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠂ ᠬᠥᠪᠴᠢᠣᠯᠠᠨ ᠤᠯᠤᠰ᠎ᠤᠨ ᠡᠯᠡᠰᠦᠨ ᠤ᠋ ᠶᠠᠷᠢᠶᠠᠨ᠎ᠤ ᠲᠠᠪᠴᠠᠩ᠂ ᠶᠠᠫᠣᠨ᠎ᠤ ᠤᠤᠰᠠᠺᠠ᠎ᠶ᠋ᠢᠨ ᠳᠡᠯᠡᠬᠡᠶ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠤ ᠳᠤᠮᠳᠠᠳᠤ ᠤᠯᠤᠰ᠎ᠤᠨ ᠣᠷᠳᠣᠨ᠎ᠤ 《ᠥᠪᠥᠷ ᠮᠣᠩᠭᠣᠯ᠎ᠤᠨ ᠠᠵᠢᠯᠯᠠᠭ᠎ᠠ᠎ᠶ᠋ᠢᠨ ᠡᠳᠦᠷ》 ᠵᠡᠷᠭᠡ ᠴᠢᠬᠤᠯᠠ ᠶᠡᠬᠡ ᠠᠵᠢᠯᠯᠠᠭ᠎ᠠ᠎ᠶ᠋ᠢᠨ ᠤᠬᠠᠭᠤᠯᠭ᠎ᠠ᠎ᠶ᠋ᠢ ᠨᠠᠷᠢᠨ ᠨᠢᠮᠪᠠᠶ ᠵᠣᠬᠢᠶᠠᠨ ᠪᠠᠢᠭᠤᠯᠵᠤ᠂ ᠥᠪᠥᠷ ᠮᠣᠩᠭᠣᠯ᠎ᠤᠨ ᠣᠯᠠᠨ ᠤᠯᠤᠰ᠎ᠲᠤ ᠬᠠᠨᠳᠤᠭᠤᠯᠤᠭ᠍ᠰᠠᠨ ᠨᠡᠭᠡᠭᠡᠯᠲᠡᠲᠦ ᠳᠦᠷᠢ ᠪᠠᠢᠳᠠᠯ ᠪᠣᠯᠤᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃《ᠬᠥᠮᠦᠨ᠎ᠦ ᠡᠷᠬᠡ᠎ᠶ᠋ᠢᠨ ᠠᠵᠢᠯᠯᠠᠭ᠎ᠠ ᠵᠢ ᠳᠤᠮᠳᠠᠳᠤ ᠤᠯᠤᠰ ᠡᠴᠡ ᠬᠠᠷᠠᠬᠤᠢ·2025》ᠳᠤᠮᠳᠠᠳᠤ ᠭᠠᠳᠠᠭᠠᠳᠤ᠎ᠶ᠋ᠢᠨ ᠵᠠᠭᠤᠴᠢᠯᠠᠭᠤᠷ᠎ᠤᠨ ᠥᠪᠥᠷ ᠮᠣᠩᠭᠣᠯ᠎ᠳᠠᠬᠢ ᠠᠶᠠᠯᠠᠯ᠎ᠤᠨ ᠠᠵᠢᠯᠯᠠᠭ᠎ᠠ᠎ᠶ᠋ᠢ ᠠᠮᠵᠢᠯᠲᠠ᠎ᠲᠠᠶ ᠡᠷᠬᠢᠯᠡᠵᠦ᠍᠂ ᠮᠣᠩᠭᠣᠯ ᠤᠯᠤᠰ᠎ᠤᠨ ᠵᠠᠯᠠᠭᠤᠴᠤᠳ᠎ᠤᠨ ᠲᠥᠯᠥᠭᠡᠯᠡᠭ᠌ᠴᠢᠳ᠎ᠦᠨ ᠪᠦᠯᠬᠦᠮ᠂ ᠰᠣᠶᠣᠯ᠎ᠤᠨ ᠨᠡᠷᠡᠳᠤ ᠬᠥᠮᠦᠰ᠎ᠢ ᠤᠷᠢᠵᠤ ᠳᠤᠮᠳᠠᠳᠤ ᠤᠯᠤᠰ᠎ᠲᠤ ᠠᠢᠯᠴᠢᠯᠠᠭᠤᠯᠵᠤ᠂ ᠳᠤᠮᠳᠠᠳᠤ ᠤᠷᠤᠰ᠎ᠤᠨ ᠵᠠᠭᠤᠴᠢᠯᠠᠭᠤᠷ᠂ ᠳᠤᠮᠳᠠᠳᠤ ᠮᠣᠩᠭᠣᠯ᠎ᠤᠨ ᠵᠠᠭᠤᠴᠢᠯᠠᠭᠤᠷ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠵᠠᠭᠤᠴᠢᠯᠠᠭᠤᠷ᠂ ᠱᠢᠶᠠᠩᠭᠠᠩ᠎ᠤᠨ ᠵᠠᠭᠤᠴᠢᠯᠠᠭᠤᠷ᠎ᠤᠨ ᠰᠤᠷᠤᠭ᠍ᠴᠢᠳ᠎ᠤᠨ ᠥᠪᠥᠷ ᠮᠣᠩᠭᠣᠯ᠎ᠳᠠᠬᠢ ᠠᠶᠠᠯᠠᠯ ᠵᠡᠷᠭᠡ ᠱᠢᠷᠢᠰ ᠤᠬᠠᠭᠤᠯᠭ᠎ᠠ ᠲᠠᠨᠢᠯᠴᠠᠭᠤᠯᠭ᠎ᠠ ᠵᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠳᠤᠮᠳᠠᠳᠤ ᠤᠯᠤᠰ᠎ᠲᠦ ᠰᠤᠷᠤᠯᠴᠠᠵᠤ ᠪᠠᠢᠭ᠎ᠠ ᠭᠠᠳᠠᠭᠠᠳᠤ᠎ᠶᠢᠨ ᠰᠤᠷᠤᠭ᠍ᠴᠢᠳ᠎ᠤᠨ ᠳᠤᠮᠳᠠᠳᠤ᠎ᠶ᠋ᠢᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠡᠷᠬᠢᠯᠡᠵᠦ᠂ ᠥᠪᠥᠷ ᠮᠣᠩᠭᠣᠯ᠎ᠤᠨ ᠳᠡᠯᠡᠬᠡᠢ ᠳᠡᠭᠡᠷᠡᠬᠢ ᠨᠡᠷ᠎ᠡ ᠠᠯᠳᠠᠷᠱᠢᠯ ᠪᠣᠯᠤᠨ ᠨᠥᠯᠥᠭᠡᠯᠡᠬᠦ᠌ ᠬᠦᠴᠦᠨ ᠤᠯᠠᠮ ᠨᠢᠭᠡ ᠠᠯᠬᠤᠮ ᠳᠡᠭᠡᠭ᠌ᠰᠢᠯᠡᠪᠡ᠃
ᠰᠣᠶᠣᠯ᠎ᠤᠨ ᠢᠲᠡᠭᠡᠯ᠎ᠢᠶᠡᠨ ᠪᠠᠲᠤᠳᠭᠠᠵᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ
ᠡᠨᠡ ᠨᠢᠭᠡ ᠵᠢᠯ᠎ᠳᠦ᠂ ᠪᠦᠬᠦ᠌ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠢᠮᠠᠭ᠍ᠲᠠ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶ᠋ᠢᠨ ᠪᠣᠯᠪᠠᠰᠤᠨ᠎ᠳᠤ ᠦᠨᠳᠦᠰᠦᠯᠡᠵᠦ᠍᠂ ᠥᠪᠥᠷ ᠮᠣᠩᠭᠣᠯ᠎ᠤᠨ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠲᠤ ᠰᠠᠭᠤᠷᠢᠯᠠᠵᠤ᠂ ᠰᠣᠶᠣᠯ᠎ᠤᠨ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠠᠵᠤ ᠦᠢᠯᠡᠰ᠎ᠢ ᠪᠤᠵᠠᠭᠠᠢᠷᠠᠭᠤᠯᠵᠤ᠂ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭ᠌ᠵᠢᠭᠡᠵᠡᠢ᠃
ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠰᠣᠳᠣᠨ ᠪᠦᠲᠦᠭᠡᠯ ᠲᠠᠰᠤᠷᠠᠯᠳᠠ ᠦᠬᠡᠢ ᠵᠤᠬᠢᠶᠠᠨ ᠪᠦᠳᠦᠬᠡᠭᠳᠡᠪᠡ —
ᠭᠤᠤᠯᠳᠠᠯᠭ᠎ᠠ᠎ᠲᠠᠶ ᠤᠷᠠᠯᠢᠭ᠎ᠤᠨ ᠲᠥᠷᠥᠯ ᠵᠦᠶ᠋ᠯ᠎ᠤᠨ ᠵᠣᠬᠢᠶᠠᠨ ᠪᠦᠲᠦᠭᠡᠯᠭᠡ᠎ᠶᠢᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠡᠭᠦᠯᠳᠡᠷᠵᠢᠭᠦᠯᠵᠦ᠍᠂ ᠤᠳᠭ᠎ᠠ ᠤᠷᠠᠯᠢᠭ᠎ᠤᠨ ᠰᠣᠳᠣᠨ ᠪᠦᠲᠦᠭᠡᠯ ᠵᠤᠬᠢᠶᠠᠨ ᠪᠦᠳᠦᠭᠡᠬᠦ ᠵᠢ ᠲᠡᠳᠬᠦᠨ ᠳᠡᠮᠵᠢᠬᠦ᠌ ᠪᠠ ᠬᠥᠲᠥᠯᠥᠨ ᠵᠢᠯᠣᠭᠣᠳᠭᠤ᠎ᠪᠠᠨ ᠴᠢᠩᠭᠠᠳᠭᠠᠵᠤ᠂ ᠪᠥᠬᠥ᠌ ᠵᠢᠯ᠎ᠳᠦ ᠤᠯᠤᠰ᠎ᠤᠨ ᠲᠠᠰ᠎ᠤᠨ 6 ᠱᠠᠩᠨᠠᠯ᠂ ᠤᠯᠤᠰ᠎ᠤᠨ ᠠᠵᠢᠯ ᠲᠥᠷᠥᠯ᠎ᠦᠨ ᠴᠢᠨᠠᠷᠲᠠᠶ 30 ᠭᠠᠷᠤᠶ ᠱᠠᠩᠨᠠᠯ ᠭᠥᠷᠳᠡᠪᠡ᠃ 《ᠡᠵᠢ᠎ᠶᠢᠨ ᠮᠢᠨᠢ ᠭᠤᠤᠯ》ᠷᠣᠮᠠᠨ ᠠᠷᠪᠠᠨ ᠬᠣᠶᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠱᠢᠯᠢᠳᠡᠭ ᠬᠡᠦᠬᠡᠳ᠎ᠦᠨ ᠤᠳᠭ᠎ᠠ ᠵᠣᠬᠢᠶᠠᠯ᠎ᠤᠨ ᠱᠠᠩᠨᠠᠯ᠎ᠢ ᠭᠥᠷᠳᠡᠪᠡ᠃ ᠯᠢᠩᠠᠠᠸ᠎ᠠ ᠱᠠᠩᠨᠠᠯ᠂ ᠸᠸᠨ ᠬᠤᠸᠠ ᠫᠷᠤᠭ᠌ᠷᠠᠮ᠎ᠤᠨ ᠱᠠᠩᠨᠠᠯ᠂ ᠥᠨᠢᠷ ᠴᠡᠴᠡᠭ ᠤᠳᠭ᠎ᠠ ᠵᠣᠬᠢᠶᠠᠯ᠎ᠤᠨ ᠱᠠᠩᠨᠠᠯ ᠁ ᠡᠳᠡᠭᠡᠷ ᠤᠯᠠᠨ ᠢᠷᠠᠭᠤ ᠠᠯᠳᠠᠷ ᠨᠢ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠨᠣᠶᠠᠨ ᠤᠷᠬᠢᠯ᠎ᠳᠤ ᠠᠪᠠᠷᠢᠬᠤ ᠵᠣᠷᠢᠭ ᠪᠣᠯᠤᠨ ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠬᠦ᠌ ᠠᠭᠤᠷ ᠠᠮᠢᠰᠭᠤᠯ᠎ᠢ ᠢᠯᠡᠷᠡᠭᠦᠯᠪᠡ᠃
ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠶ ᠠᠬᠢᠭᠤᠯᠪᠠ —
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2025 ᠣᠨ᠎ᠤ ᠲᠣᠭ᠎ᠠ ᠪᠠᠷᠢᠮᠲᠠ᠎ᠶ᠋ᠢ ᠨᠡᠢᠲᠡᠯᠡᠪᠡ᠄ ᠪᠥᠬᠥ᠌ ᠵᠢᠯ᠎ᠦᠨ ᠭᠥᠯᠢᠶᠡᠨ ᠠᠪᠤᠭ᠍ᠰᠠᠨ ᠵᠢᠭᠤᠯᠴᠢᠯᠠᠭ᠍ᠴᠢᠳ᠎ᠤᠨ ᠶᠡᠷᠦᠩᠬᠡᠶ ᠬᠡᠮᠵᠢᠶ᠎ᠡ 3 ᠳ᠋ᠦᠩᠱᠢᠭᠤᠷ ᠬᠥᠮᠦᠨ ᠤᠳᠠᠭ᠎ᠠ᠎ᠶ᠋ᠢᠨ ᠶᠡᠬᠡ ᠪᠣᠭᠣᠮᠲᠠ᠎ᠶ᠋ᠢ ᠳᠠᠪᠠᠵᠤ᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠴᠢᠳ᠎ᠤᠨ ᠶᠡᠷᠦᠩᠬᠡᠶ ᠵᠠᠷᠤᠳᠠᠯ 4500 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ ᠡᠴᠡ 8.93% ᠪᠠᠷ ᠨᠡᠮᠡᠭ᠌ᠳᠡᠵᠦ᠍᠂ ᠪᠥᠬᠥ᠌ ᠤᠷᠤᠨ ᠪᠦᠰᠡ ᠵᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠬᠡᠪ ᠰᠤᠷᠲᠠᠯ᠎ᠢ ᠳᠠᠭᠠᠭᠤᠯᠪᠠ᠃ ᠡᠨᠡ ᠨᠢᠭᠡ ᠵᠢᠯ᠎ᠳᠦ᠂ ᠥᠪᠥᠷ ᠮᠣᠩᠭᠣᠯ ᠵᠢᠭᠤᠯᠴᠢᠯᠠᠯ᠎ᠤᠨ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠵᠢᠭᠤᠯᠴᠢᠯᠠᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠦᠷᠭᠦᠯᠵᠢᠯᠡᠨ ᠪᠠᠶᠠᠯᠢᠭ᠍ᠵᠢᠵᠤ᠂ ᠮᠥᠰᠥ᠍ ᠴᠠᠰᠤᠨ᠎ᠤ ᠠᠵᠤ ᠠᠬᠤᠶ ᠬᠦᠴᠦᠷᠬᠡᠭ᠌ᠵᠢᠨ ᠮᠠᠨᠳᠤᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ ᠪᠣᠯᠪᠠ᠃
《ᠠᠶᠠᠯᠭᠤᠳᠤ ᠵᠢᠭᠤᠯᠴᠢᠯᠠᠯ ᠥᠪᠥᠷ ᠮᠣᠩᠭᠣᠯ》ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ᠎ᠤᠨ ᠳᠦᠷᠦᠯ ᠲᠡᠮᠳᠡᠭ᠎ᠢ ᠰᠣᠶᠣᠯ ᠵᠢᠭᠤᠯᠴᠢᠯᠠᠯ᠎ᠤᠨ ᠪᠠᠢᠳᠠᠯ᠎ᠳᠤ ᠪᠥᠬᠥ᠌ ᠲᠠᠯ᠎ᠠ᠎ᠪᠠᠷ ᠠᠭᠤᠰᠬᠠᠨ ᠣᠷᠣᠭᠤᠯᠵᠤ᠂ ᠵᠢᠭᠤᠯᠴᠢᠯᠠᠭ᠍ᠰᠡᠳ᠎ᠤᠨ 《ᠢᠳᠡᠵᠦ᠍ ᠤᠤᠭᠤᠬᠤ᠂ ᠬᠣᠨᠣᠵᠤ ᠬᠡᠪᠲᠡᠬᠦ᠌᠂ ᠵᠤᠭᠠᠴᠠᠵᠤ ᠲᠣᠭᠣᠷᠢᠬᠤ᠂ ᠨᠠᠭᠠᠳᠴᠤ᠌ ᠴᠡᠩᠭᠡᠬᠦ᠌》ᠪᠥᠬᠥ᠌ ᠶᠠᠪᠤᠴᠠ᠎ᠳᠤ ᠲᠤᠭᠤᠱᠢᠯᠠᠭᠤᠯᠵᠤ᠂ ᠪᠥᠬᠥ᠌ ᠵᠢᠯ᠎ᠳᠦ 1700 ᠭᠠᠷᠤᠶ ᠬᠠᠮᠢᠶ᠎ᠠ ᠪᠥᠬᠥᠶ ᠠᠵᠢᠯᠯᠠᠭ᠎ᠠ᠎ᠶ᠋ᠢ ᠠᠮᠵᠢᠯᠲᠠ᠎ᠲᠠᠶ ᠡᠷᠭᠢᠯᠡᠵᠦ᠍᠂ ᠦᠵᠡᠮᠵᠢ ᠨᠢᠭᠡᠪᠦᠷᠢ᠂ ᠠᠶᠠᠯᠠᠯ ᠨᠢᠭᠡᠪᠦᠷᠢ᠎ᠶ᠋ᠢ ᠴᠥᠮ ᠰᠠᠢᠨ ᠰᠠᠢᠬᠠᠨ ᠠᠮᠢᠳᠤᠷᠠᠯ᠎ᠤᠨ ᠠᠮᠢᠳᠤᠯᠢᠭ ᠲᠠᠢᠯᠪᠤᠷᠢᠯᠠᠯᠲᠠ ᠪᠣᠯᠭᠠᠪᠠ᠃ 《ᠳᠠᠯ᠎ᠠ ᠨᠤᠲᠤᠭ᠎ᠤᠨ ᠠᠶᠠᠯᠭᠤ》ᠲᠣᠮᠣ ᠬᠡᠯᠪᠡᠷᠢ᠎ᠶ᠋ᠢᠨ ᠳᠠᠭᠤᠤ ᠬᠥᠭ᠌ᠵᠢᠮ᠎ᠦᠨ ᠶᠡᠷᠦᠩᠬᠡᠢᠯᠡᠭ᠌ᠰᠡᠨ ᠲᠣᠭ᠍ᠯᠠᠯᠲᠠ ᠂ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》ᠡᠯ᠎ᠡ ᠲᠥᠷᠥᠯ᠎ᠦᠨ ᠤᠷᠤᠯᠳᠤᠭᠠᠨ 12 ᠵᠦᠶ᠋ᠯ᠂ ᠤᠢᠷ᠎ᠠ ᠤᠭᠳᠠᠷᠭᠤᠢ᠎ᠶᠢᠨ ᠵᠢᠭᠤᠯᠴᠢᠯᠠᠯ᠎ᠤᠨ 24 ᠠᠵᠢᠯᠯᠠᠭ᠎ᠠ ᠵᠢ ᠡᠷᠬᠢᠯᠡᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠲᠦᠷᠭᠡᠨ ᠪᠣᠢᠵᠢᠵᠤ᠂ ᠱᠢᠨ᠎ᠡ ᠪᠠᠢᠳᠠᠯ᠎ᠢ ᠲᠠᠰᠤᠷᠠᠯᠲᠠ ᠥᠬᠡᠶ ᠪᠤᠢ ᠪᠤᠯᠭᠠᠵᠤ᠂ ᠪᠡᠶᠡᠴᠢᠯᠡᠨ ᠤᠢᠯᠠᠭᠠᠯᠳᠠ ᠦᠷᠭᠦᠯᠵᠢᠯᠡᠨ ᠱᠢᠨᠡᠳᠬᠡᠭᠳᠡᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯᠭᠠᠵᠤ᠂ 《ᠬᠦᠰᠡᠯᠡᠩ᠎ᠤᠨ ᠤᠷᠤᠨ》᠎ᠳ᠋ᠤ ᠨᠠᠩ ᠣᠢᠷᠠᠲᠤᠭᠤᠯᠪᠠ᠃
ᠰᠤᠶᠤᠯ᠎ᠢᠶᠡᠷ ᠠᠷᠠᠳ ᠤᠯᠠᠨ᠎ᠳᠤ ᠠᠰᠢᠭ ᠬᠦᠷᠳᠡᠬᠡᠬᠦ ᠵᠢ ᠨᠠᠩ ᠰᠠᠢᠳᠤᠷ ᠠᠬᠢᠭᠤᠯᠪᠠ —
ᠶᠢᠰᠦᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠲᠠᠭᠤᠷᠢᠯᠢᠬ᠎ᠤᠨ ᠦᠵᠡᠭᠦᠯᠭᠡ᠎ᠶ᠋ᠢᠨ ᠲᠣᠭ᠍ᠯᠠᠯᠲᠠ ᠵᠢᠴᠢ 《ᠪᠠᠶᠠᠷ ᠪᠠᠶᠠᠰᠤᠯ᠎ᠢ ᠦᠨᠳᠦᠰᠦᠨ ᠱᠠᠲᠤᠨ᠎ᠳᠤ ᠬᠦᠷᠭᠡᠬᠦ》ᠠᠵᠢᠯᠯᠠᠭ᠎ᠠ᠎ᠶ᠋ᠢ ᠡᠷᠭᠢᠯᠡᠵᠦ᠍᠂ 《ᠨᠤᠳᠤᠭ᠎ᠤᠨ ᠳᠠᠭᠤᠤ ᠬᠠᠩᠭᠢᠨᠠᠨ᠎ᠠ》 ᠵᠡᠷᠭᠡ ᠣᠯᠠᠨ ᠲᠦᠮᠡᠨᠴᠢ ᠴᠢᠨᠠᠷᠲᠠᠶ ᠤᠳᠭ᠎ᠠ ᠤᠷᠠᠯᠢᠭ᠎ᠤᠨ ᠠᠵᠢᠯᠯᠠᠭ᠎ᠠ ᠪᠣᠯᠤᠨ《ᠨᠡᠢᠲᠡ᠎ᠶ᠋ᠢᠨ ᠠᠰᠠᠷᠠᠮᠵᠢ᠎ᠶ᠋ᠢᠨ ᠺᠢᠨᠣ᠋ + 》 ᠠᠷᠠᠳ᠎ᠲᠤ ᠠᠱᠢᠭ ᠬᠦᠷᠲᠡᠭᠡᠬᠦ᠌ ᠺᠢᠨᠣ᠋ ᠭᠠᠷᠭᠠᠬᠤ ᠠᠵᠢᠯᠯᠠᠭ᠎ᠠ ᠥᠷᠨᠢᠭᠦᠯᠵᠦ᠍᠂ ᠣᠯᠠᠨ ᠲᠦᠮᠡᠨ ᠬᠡᠷ᠎ᠤᠨ ᠡᠭᠦᠳᠡᠨᠳ᠋ᠡᠬᠡᠨ ᠰᠣᠶᠣᠯ᠎ᠤᠨ ᠦᠪᠡᠳᠡᠭ᠌ᠰᠢ ᠨᠠᠢᠷ᠎ᠢ ᠰᠤᠨᠢᠷᠬᠠᠪᠠ᠃ ᠤᠯᠠᠭᠠᠨᠮᠥ᠋ᠴᠢᠷ ᠦᠨᠳᠦᠰᠦᠨ ᠱᠠᠲᠤᠨ᠎ᠳᠤ ᠬᠦᠷᠴᠦ 1.4 ᠲᠦᠮᠡ ᠭᠠᠷᠤᠶ ᠲᠠᠯᠠᠪᠠᠶ ᠲᠣᠭ᠍ᠯᠠᠯᠲᠠ ᠭᠠᠷᠭᠠᠵᠤ᠂ ᠪᠥᠬᠥ᠌ ᠤᠯᠤᠰ᠎ᠲᠤ ᠤᠯᠠᠨ ᠲᠦᠮᠡᠨ᠎ᠲᠡᠶ ᠣᠢᠷᠠᠲᠤᠭ᠍ᠰᠠᠨ᠂ ᠬᠥᠮᠦᠰ᠎ᠦᠨ ᠰᠡᠳᠭᠢᠯ᠎ᠢ ᠬᠥᠳᠡᠯᠭᠡᠮᠠ 159 ᠲᠠᠯᠠᠪᠠᠶ ᠲᠤᠭᠤᠷᠢᠨ ᠲᠣᠭ᠍ᠯᠠᠯᠲᠠ ᠭᠠᠷᠭᠠᠪᠠ᠃
ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ —
ᠭᠤᠤᠯ ᠵᠠᠭᠤᠴᠢᠯᠠᠭᠤᠷ᠎ᠤᠨ ᠱᠢᠰᠲ᠋ᠧᠮ᠎ᠦᠨ ᠴᠢᠨᠠᠷᠲᠠᠶ ᠬᠤᠪᠢᠰᠤᠯᠲᠠ᠎ᠶ᠋ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠭᠤᠴᠢᠯᠠᠭᠤᠷ᠎ᠤᠨ ᠲᠥᠷᠥᠯ ᠲᠡᠮᠳᠡᠭ᠌ᠵᠢᠭᠦᠯᠬᠦ᠌ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂《ᠲᠠᠯ᠎ᠠ ᠨᠤᠲᠤᠭ᠎ᠤᠨ ᠡᠭᠦᠯᠡ》᠂《ᠳᠡᠭᠦᠯᠢᠯᠲᠡ ᠬᠠᠮ ᠵᠠᠭᠤᠴᠢᠯᠠᠭᠤᠷ》᠎ᠤ᠋ᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠤᠯᠤᠰ᠎ᠤᠨ ᠥᠮᠴᠢᠯᠡᠯ᠎ᠤᠨ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ ᠪᠣᠯᠤᠨ ᠰᠣᠶᠣᠯ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠵᠢᠯ ᠦᠶ᠋ᠯᠡᠰ᠎ᠦᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠬᠦᠷᠢᠶᠡᠯᠡᠩ ᠪᠦᠯᠬᠦᠮ + ᠺᠣᠮᠫᠠᠨᠢ》᠂《ᠨᠡᠢᠲᠡ᠎ᠶ᠋ᠢᠨ ᠠᠰᠠᠷᠠᠮᠵᠢ + ᠵᠠᠬ᠎ᠠ ᠳᠡᠯᠭᠡᠭᠦᠷ》 ᠤ᠋ᠨ ᠵᠠᠭ᠍ᠪᠤᠷ᠎ᠢ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠮᠦᠽᠧᠶ᠎ᠶ᠋ᠢᠨ ᠱᠢᠨ᠎ᠡ ᠣᠷᠳᠣᠨ ᠨᠡᠭᠡᠭᠡᠭ᠌ᠳᠡᠭ᠌ᠰᠡᠨᠡᠴᠡ ᠨᠠᠭᠠᠰᠢ ᠲᠣᠭᠣᠷᠢᠨ ᠦᠵᠡᠭ᠌ᠰᠡᠨ ᠬᠥᠮᠦᠨ᠎ᠦ ᠲᠣᠭ᠎ᠠ 240 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠦ᠍᠂ ᠰᠣᠶᠣᠯ᠎ᠤᠨ ᠪᠦᠳᠦᠬᠡᠯᠴᠢ ᠦᠢᠯᠡᠳᠬᠦᠨ᠎ᠤ ᠪᠣᠷᠣᠯᠠᠭᠤᠯᠭ᠎ᠠ 3600 ᠭᠠᠷᠤᠶ ᠲᠦᠮᠡᠨ ᠲᠥᠭᠥᠷᠢᠭ᠎ᠲᠦ ᠬᠦᠷᠴᠦ᠍᠂ ᠰᠣᠶᠣᠯ᠎ᠤᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ ᠲᠣᠭ᠍ᠲᠠᠭᠤᠨ᠎ᠢᠶᠠᠷ ᠠᠭᠢᠵᠤ᠂ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ ᠲᠠᠰᠤᠷᠠᠯᠲᠠ ᠥᠬᠡᠶ ᠣᠷᠭᠢᠯᠣᠨ ᠪᠠᠳᠠᠷᠠᠪᠠ᠃
ᠰᠣᠶᠣᠯ᠎ᠤᠨ ᠠᠵᠤ ᠦᠢᠯᠡᠰ ᠴᠡᠴᠡᠭᠯᠡᠨ ᠬᠥᠭ᠌ᠵᠢᠪᠠ —
ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭᠯᠡᠨ ᠰᠣᠶᠣᠯ᠎ᠤᠨ ᠠᠵᠤ ᠦᠶ᠋ᠯᠡᠰ᠎ᠦᠨ ᠬᠡᠪᠴᠢᠶ᠎ᠡ ᠪᠠ ᠶᠠᠰᠤ ᠴᠢᠨᠠᠷ ᠦᠷ᠎ᠡ ᠪᠦᠲᠦᠮᠵᠢ᠎ᠶ᠋ᠢᠨ ᠲᠣᠭ᠍ᠲᠠᠭᠤᠨ᠎ᠢᠶᠠᠷ ᠳᠡᠭᠡᠭ᠌ᠰᠢᠯᠡᠬᠦ᠌᠎ᠶ᠋ᠢ ᠠᠬᠢᠭᠤᠯᠵᠤ᠂ ᠰᠣᠶᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠵᠤ ᠠᠬᠤᠶ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ 24 ᠵᠤᠷᠪᠤᠰ ᠨᠡᠢᠲᠡᠯᠡᠵᠦ᠍᠂ ᠰᠣᠶᠣᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠶᠢᠰᠦᠳᠦᠭᠡᠷ ᠬᠤᠭᠤᠴᠠᠭᠠᠨ᠎ᠤ ᠰᠣᠶᠣᠯ᠎ᠤᠨ ᠠᠵᠤ ᠦᠶ᠋ᠯᠡᠰ᠎ᠦᠨ ᠦᠵᠡᠰᠭᠦᠯᠡᠩ᠎ᠦᠨ ᠠᠷᠠᠯᠵᠢᠶᠠᠨ᠎ᠤ ᠴᠤᠭ᠍ᠯᠠᠭᠠᠨ᠎ᠢ ᠡᠷᠭᠢᠯᠡᠵᠦ᠍᠂ ᠳᠡᠯᠡᠬᠡᠶ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ 500 ᠭᠠᠷᠤᠶ ᠠᠵᠤ ᠠᠬᠤᠢᠯᠠᠯ ᠦᠵᠡᠰᠭᠦᠯᠡᠩᠳᠦ ᠣᠷᠣᠯᠴᠠᠵᠤ᠂ ᠲᠤᠬᠠᠶ᠎ᠶ᠋ᠢᠨ ᠲᠠᠯᠠᠪᠠᠶ᠎ᠶ᠋ᠢᠨ ᠠᠷᠠᠯᠵᠢᠶᠠᠨᠪᠦᠳᠦᠭᠰᠡᠨ ᠬᠡᠮᠵᠢᠶ᠎ᠡ 2300 ᠲᠦᠮᠡᠨ ᠲᠥᠭᠥᠷᠢᠭ᠂ ᠭᠡᠷ᠎ᠡ᠎ᠶ᠋ᠢᠨ ᠵᠠᠬᠢᠶᠠᠯᠠᠭ᠎ᠠ᠎ᠶ᠋ᠢᠨ ᠬᠡᠮᠵᠢᠶ᠎ᠡ 7600 ᠲᠦᠮᠡᠨ ᠲᠥᠭᠥᠷᠢᠭ᠎ᠲᠦ ᠬᠦᠷᠴᠡᠶ᠃ 2025 ᠣᠨ᠎ᠳᠤ᠂ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠰᠣᠶᠣᠯ᠎ᠤᠨ ᠠᠵᠤ ᠠᠬᠤᠢᠯᠠᠯ 182 ᠪᠣᠯᠵᠣ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ 《ᠪᠥᠬᠥ᠌ ᠤᠯᠤᠰ᠎ᠤᠨ ᠬᠦᠭᠵᠢᠯᠲᠡ ᠵᠢᠨ ᠴᠢᠨᠠᠷᠲᠠᠶ ᠰᠣᠶᠣᠯ᠎ᠤᠨ ᠠᠵᠤ ᠠᠬᠤᠢᠯᠠᠯ᠎ᠤᠨ 30 ᠬᠦᠴᠦᠷᠬᠡᠭ》᠎ᠤ᠋ᠨ ᠡᠩᠨᠡᠬᠡ ᠳ᠋ᠤ ᠰᠣᠩᠭᠣᠭ᠍ᠳᠠᠨ ᠣᠷᠣᠵᠤ᠂ ᠰᠣᠶᠣᠯ ᠨᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠲᠠᠰᠤᠷᠠᠯᠲᠠ ᠥᠬᠡᠶ ᠱᠢᠨ᠎ᠡ ᠠᠷᠭ᠎ᠠ ᠵᠠᠮ ᠣᠯᠭᠣᠭ᠍ᠰᠠᠨ ᠪᠠᠢᠨ᠎ᠠ᠃
ᠤᠶᠤᠨ᠎ᠤ ᠬᠦᠷᠦᠰᠦ ᠵᠢ ᠱᠢᠮᠡᠵᠢᠬᠦᠯᠵᠤ ᠪᠣᠯᠪᠠᠰᠤᠨ ᠤ ᠤᠤᠷ ᠲᠤᠨᠳᠠᠰᠤ ᠵᠢ ᠬᠤᠷᠠᠮᠳᠤᠭᠤᠯᠪᠠ
ᠦᠷᠳᠡᠭ ᠵᠢᠡᠷ ᠬᠦᠳᠦᠯᠦᠨ ᠲᠠᠭᠠᠭᠤᠯᠵᠤ᠂ ᠵᠦᠭᠡᠯᠡᠨ ᠪᠤᠷᠤᠭᠠᠨ ᠲᠦᠮᠡᠨ ᠪᠤᠳᠠᠰ᠎ᠢ ᠤᠮᠳᠠᠯᠠᠨ᠎ᠠ; ᠪᠣᠯᠪᠠᠰᠤᠨ ᠱᠢᠨ᠎ᠡ ᠰᠤᠷᠲᠠᠯ ᠭᠠᠵᠠᠷ ᠪᠦᠬᠦᠨ ᠳ᠋ᠤ ᠪᠠᠳᠠᠷᠠᠨ ᠲᠡᠯᠭᠡᠷᠡᠨ᠎ᠡ᠃
ᠨᠢᠭᠡ ᠵᠢᠯ᠎ᠦᠨ ᠲᠤᠷᠰᠢ᠂ ᠪᠦᠬᠦ᠌ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠬᠢᠨ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠪᠡᠷ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠪᠣᠯᠪᠠᠰᠤᠨ᠎ᠢ ᠪᠣᠢᠵᠢᠭᠤᠯᠬᠤ᠂ ᠪᠣᠯᠪᠠᠰᠤᠨ᠎ᠢ ᠦᠢᠯᠡᠳᠦᠯᠭᠡᠵᠢᠭᠦᠯᠬᠦ᠌᠂ ᠪᠣᠯᠪᠠᠰᠤᠨ᠎ᠢ ᠡᠭᠦᠳᠦᠨ ᠪᠠᠢᠭᠤᠯᠬᠤ ᠵᠡᠷᠭᠡ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠶᠠᠰᠤᠩᠭᠤᠢ ᠥᠭᠡᠳᠡᠷᠬᠡᠭ ᠤᠶᠤᠨ ᠰᠠᠨᠠᠭᠠᠨ᠎ᠤ ᠢᠳᠡᠪᠬᠢ ᠬᠦᠴᠦᠨ᠎ᠢ ᠥᠪᠥᠷ ᠮᠣᠩᠭᠣᠯ᠎ᠳᠤ ᠲᠥᠪᠯᠡᠷᠡᠭᠦᠯᠦᠨ ᠪᠠᠳᠠᠷᠠᠭᠤᠯᠪᠠ᠃
ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠵᠤᠵᠠᠭᠠᠳᠭᠠᠪᠠ —
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠦᠷᠢᠮ》 ᠢ᠋ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠲᠡᠦᠬᠡ᠎ᠶ᠋ᠢᠨ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ》᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠵᠤ ᠤᠷᠤᠬᠰᠢᠯᠠᠨ᠎ᠠ》 ᠵᠡᠷᠭᠡ ᠭᠤᠤᠯ ᠰᠡᠳᠦᠪᠲᠦ ᠦᠵᠡᠰᠭᠦᠯᠡᠩ᠎ᠢ ᠡᠷᠭᠢᠯᠡᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠥᠷᠥᠯ ᠲᠡᠮᠳᠡᠭ᠌᠎ᠢᠶᠡᠷ ᠬᠥᠲᠥᠯᠥᠨ ᠳᠠᠭᠠᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠱᠢᠷᠢᠰ ᠠᠵᠢᠯᠯᠠᠭ᠎ᠠ ᠨᠢ ᠰᠦᠷ ᠵᠢᠪᠬᠤᠯᠠᠩᠲᠠᠶ ᠶᠠᠪᠤᠬᠳᠠᠵᠤ ᠬᠥᠮᠦᠰ᠎ᠦᠨ ᠠᠩᠬᠠᠷᠤᠯ᠎ᠢ ᠲᠠᠲᠠᠵᠤ᠂ 《ᠤᠯᠤᠰ᠎ᠢᠶᠠᠨ ᠬᠦᠴᠦᠷᠬᠡᠭ᠌ᠵᠢᠭᠦᠯᠵᠦ᠍ ᠰᠡᠷᠭᠦᠨ ᠮᠠᠨᠳᠤᠭᠤᠯᠬᠤ᠎ᠳᠤ ᠪᠢᠳᠡ ᠪᠠᠢᠨ᠎ᠠ》 ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠤᠬᠠᠭᠤᠯᠭ᠎ᠠ ᠬᠥᠮᠦᠵᠢᠯ ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢᠶᠡᠨ ᠬᠠᠢᠷᠠᠯᠠᠬᠤ ᠬᠠᠢᠷ᠎ᠠ ᠰᠡᠳᠭᠢᠯᠭᠡ ᠨᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠪᠠ᠃
ᠥᠭᠡᠳᠡᠷᠬᠡᠭ ᠲᠡᠪᠰᠢᠩᠭᠤᠢ ᠬᠡᠪ ᠰᠤᠷᠲᠠᠯ᠎ᠢ ᠪᠠᠳᠠᠷᠠᠭᠤᠯᠪᠠ —
ᠱᠢᠨ᠎ᠡ ᠨᠢᠭᠡᠨ ᠬᠤᠭᠤᠴᠠᠭᠠᠨ᠎ᠤ ᠪᠦᠬᠦ᠌ ᠤᠯᠤᠰ᠎ᠤᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠬᠥᠬᠢᠭᠦᠯᠦᠨ ᠰᠠᠢᠱᠢᠶᠠᠵᠤ᠂ ᠮᠠᠨ᠎ᠤ ᠣᠷᠣᠨ᠎ᠤ ᠨᠡᠢᠲᠡ 214 ᠭᠠᠵᠠᠷ ᠣᠷᠣᠨ᠂ ᠨᠢᠭᠡᠴᠢ ᠪᠣᠯᠤᠨ 29 ᠭᠡᠷ ᠪᠦᠯᠢ᠂ ᠬᠤᠪᠢ ᠬᠥᠮᠦᠨ ᠬᠥᠬᠢᠭᠦᠯᠦᠨ ᠰᠠᠢᠱᠢᠶᠠᠭ᠍ᠳᠠᠵᠤ᠂ ᠲᠡᠦᠬᠡ᠎ᠶ᠋ᠢᠨ ᠬᠠᠮᠤᠭ᠎ᠤᠨ ᠰᠠᠢᠨ ᠠᠮᠵᠢᠯᠲᠠ ᠵᠢ ᠣᠯᠪᠠ᠃ ᠬᠦᠬᠡᠠᠠᠤᠳᠠ ᠵᠡᠷᠭᠡ 7 ᠬᠣᠲᠠ ᠪᠥᠬᠥ᠌ ᠤᠯᠤᠰ᠎ᠤᠨ ᠪᠣᠯᠪᠠᠰᠤᠨ ᠬᠣᠲᠠ᠎ᠪᠠᠷ ᠦᠨᠡᠯᠡᠭ᠌ᠳᠡᠪᠠ᠃ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠪᠠᠳᠠᠷᠠᠭᠤᠯᠵᠤ᠂ ᠲᠡᠷᠢᠭᠦᠨ᠎ᠦ ᠵᠢᠱ᠌ᠢᠶᠡᠴᠢ᠎ᠶ᠋ᠢᠨ ᠲᠣᠭᠣᠷᠢᠨ ᠮᠡᠳᠡᠭᠦᠯᠦᠯᠲᠡ ᠬᠢᠬᠦ᠌᠎ᠶ᠋ᠢ ᠵᠣᠬᠢᠶᠠᠨ ᠪᠠᠢᠭᠤᠯᠵᠤ᠂《ᠪᠣᠯᠪᠠᠰᠤᠨ ᠱᠢᠨ᠎ᠡ ᠰᠤᠷᠲᠠᠯ᠎ᠢ ᠲᠦᠭ ᠲᠦᠮᠡᠨ ᠡᠷᠦᠬᠡ᠎ᠳᠦ ᠳᠡᠯᠭᠡᠷᠡᠭᠦᠯᠦᠨ᠎ᠡ — ᠬᠠᠭᠤᠴᠢᠨ ᠪᠤᠯᠬᠢ ᠵᠠᠩ ᠳᠠᠳᠭᠠᠯ᠎ᠢ ᠥᠭᠡᠷᠡᠴᠢᠯᠡᠭ᠌ᠰᠡᠨ ᠥᠯᠢᠭᠡᠷ᠎ᠦᠨ ᠴᠢᠭᠤᠯᠭᠠᠨ》᠂ 《ᠬᠡᠷ᠎ᠦᠨ ᠰᠤᠷᠲᠠᠯ ᠬᠡᠷ᠎ᠦᠨ ᠰᠤᠷᠭᠠᠯ᠎ᠤᠨ ᠤᠯᠠᠮᠵᠢᠯᠠᠯ》ᠵᠡᠷᠭᠡ ᠱᠢᠷᠢᠰ ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠶᠣᠰᠣ ᠰᠤᠷᠲᠠᠬᠤᠨ᠎ᠢ ᠳᠡᠭᠡᠳᠦᠯᠡᠵᠦ᠍ ᠰᠠᠢᠨ ᠰᠠᠢᠬᠠᠨ᠎ᠢ ᠬᠥᠭᠡᠭᠡᠴᠡᠯᠳᠦᠬᠦ᠌᠂ ᠡᠷᠳᠡᠮᠲᠡᠨ ᠮᠡᠷᠭᠡᠳ᠎ᠡᠴᠡ ᠳᠠᠭᠠᠨ ᠰᠤᠷᠤᠯᠴᠠᠬᠤ᠎ᠶ᠋ᠢ ᠥᠪᠥᠷ ᠮᠣᠩᠭᠣᠯ᠎ᠤᠨ ᠰᠠᠢᠨ ᠰᠠᠢᠬᠠᠨ ᠰᠤᠷᠳᠠᠯ ᠪᠣᠯᠭᠠᠪᠠ᠃
ᠪᠣᠯᠪᠠᠰᠤᠨ᠎ᠤ ᠦᠶ᠋ᠯᠡᠳᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠢ ᠬᠦᠴᠦᠷᠬᠡᠭᠵᠢᠭᠦᠯᠪᠡ —
ᠪᠣᠯᠪᠠᠰᠤᠨ ᠨᠤᠲᠤᠭ᠎ᠤᠨ ᠰᠤᠷᠲᠠᠯ᠂ ᠨᠡᠢᠭᠡᠮ᠎ᠦᠨ ᠦᠨᠡᠨᠴᠢ ᠢᠲᠡᠭᠡᠮᠵᠢ ᠪᠠ ᠰᠦᠯᠵᠢᠶᠡᠨ᠎ᠦ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠢ 《ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠴᠤᠩᠬᠤᠪᠴᠢ ᠪᠣᠯᠭᠠᠨ ᠪᠠᠢᠭᠤᠯᠵᠤ》᠂ 《ᠬᠡᠷ᠎ᠦᠨ ᠰᠤᠷᠲᠠᠯ ᠬᠡᠷ᠎ᠦᠨ ᠰᠤᠷᠭᠠᠯ᠎ᠤᠨ ᠤᠯᠠᠮᠵᠢᠯᠠᠯ》ᠵᠡᠷᠭᠡ ᠱᠢᠷᠢᠰ ᠠᠵᠢᠯᠯᠠᠭ᠎ᠠ᠎ᠶ᠋ᠢ 20 ᠲᠦᠮᠡ ᠭᠠᠷᠤᠶ ᠲᠠᠯᠠᠪᠠᠢ ᠡᠷᠭᠢᠯᠡᠵᠦ᠍᠂ ᠪᠥᠬᠥ᠌ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠣᠯᠪᠠᠰᠤᠨ᠎ᠤ ᠴᠡᠴᠡᠭᠡᠰ ᠥᠪᠥᠷ ᠮᠣᠩᠭᠣᠯ᠎ᠤᠨ ᠡᠬᠡ ᠭᠠᠵᠠᠷ᠎ᠲᠤ ᠮᠢᠷᠠᠯᠵᠠᠨ ᠳᠡᠯᠭᠡᠷᠡᠪᠠ᠃
ᠡᠭᠦᠷᠭᠡ ᠬᠦᠨᠳᠦ ᠵᠠᠮ ᠬᠤᠯᠠ᠂ ᠲᠦᠷᠦᠭᠡ ᠴᠢᠨᠭᠭᠠᠯᠠᠨ ᠵᠤᠷᠢᠭ ᠵᠢᠡᠨ ᠬᠦᠪᠴᠢᠯᠡᠵᠦ ᠡᠷᠡᠮᠡᠬᠡᠢᠯᠡᠨ ᠤᠷᠤᠭᠰᠢᠯᠠᠨ᠎ᠠ᠃《ᠠᠷᠪᠠᠨ ᠲᠠᠪᠤᠳᠤᠭᠠᠷ ᠲᠠᠪᠤᠨ ᠵᠢᠯ》᠎ᠳ᠋ᠤ ᠡᠷᠡᠯᠬᠡᠭᠯᠡᠨ ᠤᠷᠤᠭ᠍ᠰᠢᠯᠠᠬᠤ ᠱᠢᠨ᠎ᠡ ᠠᠶᠠᠨ᠎ᠢ ᠡᠬᠢᠯᠡᠭᠦᠯᠵᠦ᠍᠂ ᠪᠥᠬᠥ᠌ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ᠎ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠴᠢᠬᠤᠯᠠ ᠶᠡᠬᠡ ᠡᠭᠦᠷᠭᠡ ᠪᠣᠯᠤᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠪᠠᠲᠤ ᠡᠵᠡᠮᠳᠡᠵᠦ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠳᠤᠮᠳᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭᠯᠡᠬᠦ᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ᠃