ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠪᠠ
2026-01-31 11:55:16
ᠵᠣᠬᠢᠶᠠᠭ᠍ᠴᠢ᠄
​ ᠵᠠᠩ ᠺᠦᠢ
ᠣᠩᠱᠢᠭ᠍ᠰᠠᠨ ᠣᠳᠠᠭ᠎ᠠ᠄
★★★☆☆

ᠪᠦᠦ ᠭᠠᠩ ᠬᠤᠷᠠᠯ᠎ᠢ ᠡᠷᠭᠢᠯᠡᠵᠡᠶ


1 ᠰᠠᠷ᠎ᠠ᠎ᠶ᠋ᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠲᠦᠷᠦᠬᠦᠦ ᠤᠯᠠᠷᠢᠯ᠎ᠤᠨ ᠠᠵᠤ ᠠᠬᠤᠢ᠎ᠶ᠋ᠢᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃

ᠬᠤᠷᠠᠯ ᠡᠴᠡ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠴᠢᠬᠤᠯᠠ ᠶᠡᠬᠡ ᠤᠯᠤᠰ ᠲᠥᠷᠥ᠎ᠶ᠋ᠢᠨ ᠳᠠᠪᠠᠭᠤᠯᠢᠭ᠎ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ ᠪᠣᠯᠤᠨ ᠲᠤᠰᠭᠠᠶ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠥᠪᠥᠷ ᠮᠣᠩᠭᠣᠯ᠎ᠤᠨ ᠣᠨᠴᠠᠯᠢᠭ  ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠧᠮ᠎ᠢ ᠲᠦᠷᠭᠡᠳᠭᠡᠨ ᠪᠠᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠬᠦ᠌ ᠬᠡᠷᠡᠭ᠌ᠲᠡᠶ᠃ ᠨᠠᠮ᠎ᠤᠨ ᠤᠳᠤᠷᠢᠳᠤᠯᠭ᠎ᠠ᠎ᠶ᠋ᠢ ᠵᠠᠰᠠᠭ᠎ᠤᠨ ᠣᠷᠳᠣᠨ᠎ᠤ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠳᠠᠪᠤᠷᠢ᠎ᠪᠠᠨ ᠴᠢᠩᠭᠠᠳᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭᠯᠡᠯ᠎ᠤᠨ ᠪᠤᠯᠤᠳ ᠬᠠᠪᠲᠠᠰᠤᠨ ᠮᠠᠲ᠋ᠧᠷᠢᠶᠠᠯ᠎ᠤᠨ ᠦᠶ᠋ᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ ᠪᠥᠬᠥ᠌ ᠣᠷᠣᠨ᠎ᠤ ᠠᠶᠤᠯᠭᠦᠢ ᠦᠶ᠋ᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠱᠠᠯᠠᠪᠳᠠᠭᠤᠯᠤᠨ ᠪᠠᠢᠴᠠᠭᠠᠯᠲᠠ᠎ᠶ᠋ᠢ ᠥᠷᠨᠢᠭᠦᠯᠵᠦ᠍᠂ ᠵᠠᠮ ᠬᠠᠷᠢᠯᠴᠠᠭ᠎ᠠ᠂ ᠪᠠᠷᠢᠯᠭ᠎ᠠ᠎ᠶ᠋ᠢᠨ ᠠᠵᠢᠯ᠂ ᠠᠭᠤᠷᠬᠠᠶ᠂ ᠠᠶᠤᠯᠲᠠᠶ ᠬᠢᠮᠢ᠎ᠶ᠋ᠢᠨ ᠪᠣᠳᠠᠰ᠂ ᠬᠣᠲᠠ ᠪᠠᠯᠭᠠᠰᠤᠨ᠎ᠤ ᠱᠢᠲᠠᠮᠠᠬᠠᠶ ᠬᠡᠶ᠂ ᠲᠡᠮᠦᠷᠯᠢᠭ ᠬᠠᠢᠯᠤᠭᠤᠯᠬᠤ ᠠᠵᠤ ᠦᠶ᠋ᠯᠡᠳᠪᠦᠷᠢ ᠠᠷᠠᠯᠵᠢᠶ᠎ᠠ᠂ ᠰᠣᠶᠣᠯ ᠵᠢᠭᠤᠯᠴᠢᠯᠠᠯ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠂ ᠣᠨᠴᠠ ᠲᠥᠷᠥᠯ᠎ᠦᠨ ᠲᠤᠨᠤᠭ ᠲᠥᠬᠥᠭᠡᠷᠦᠮᠵᠢ ᠵᠡᠷᠭᠡ ᠬᠦᠷᠢᠶᠡᠨ᠎ᠳᠡᠬᠢ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠭᠦᠨᠵᠡᠭᠡᠶ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠡᠩ᠎ᠦᠨ ᠴᠢᠨᠠᠷᠲᠠᠶ ᠡᠨᠳᠡᠯ᠎ᠢ ᠪᠠᠭᠠᠰᠭᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠯᠠᠵᠤ᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠵᠢ ᠪᠠᠷᠢᠮᠲᠠᠯᠠᠵᠤ᠂ ᠨᠡᠪᠲᠡᠯᠬᠦ ᠮᠠᠶᠢᠬ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠡᠯ᠎ᠡ ᠲᠦᠷᠦᠯ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠲᠦᠪᠱᠢᠨ᠎ᠢᠶᠡᠨ ᠦᠨᠡᠨ ᠬᠦ᠌ ᠳᠡᠭᠡᠭ᠌ᠰᠢᠯᠡᠭᠦᠯᠬᠦ᠌᠎ᠶ᠋ᠢ ᠱᠠᠯᠠᠪᠳᠠᠭᠤᠯᠬᠤ ᠬᠡᠷᠡᠭ᠌ᠲᠡᠢ ᠭᠡᠵᠦ ᠱᠠᠭᠠᠷᠳᠠᠪᠠ᠃

ᠬᠤᠷᠠᠯ᠎ᠡᠴᠡ ᠣᠳᠣᠬᠠᠨ᠎ᠤ ᠠᠵᠤ ᠠᠬᠤᠢ᠎ᠶ᠋ᠢᠨ ᠪᠠᠢᠳᠠᠯ᠎ᠳᠤ ᠵᠠᠳᠠᠯᠤᠯᠲᠠ ᠬᠢᠵᠦ᠍᠂ ᠲᠦᠷᠦᠬᠦᠦ ᠤᠯᠠᠷᠢᠯ᠎ᠪᠤᠯ ᠢᠲᠡᠭᠡᠯ ᠵᠣᠷᠢᠭ᠎ᠢ ᠬᠥᠪᠴᠢᠯᠡᠬᠦ᠌᠎ᠳᠦ ᠵᠦᠭ᠌ᠯᠡᠭᠦᠷ᠎ᠦᠨ ᠦᠢᠯᠡᠳᠦᠯ᠎ᠲᠡᠶ ᠶᠤᠮ᠂ ᠢᠲᠡᠭᠡᠯ ᠎ᠢᠶᠠᠨ ᠪᠠᠲᠤᠳᠭᠠᠵᠤ᠂  ᠵᠣᠷᠢᠭ᠎ᠢᠶᠠᠨ ᠬᠥᠪᠴᠢᠯᠡᠵᠦ᠍᠂ ᠠᠵᠤ ᠠᠬᠤᠢ᠎ᠶ᠋ᠢᠨ ᠡᠷᠬᠢᠯᠳᠡ ᠵᠢᠨ ᠲᠤᠬᠢᠷᠠᠭᠤᠯᠤᠯᠳᠠ᠎ᠶ᠋ᠢ ᠴᠢᠩᠭᠠᠳᠭᠠᠵᠤ᠂ ᠴᠢᠬᠤᠯᠠ ᠶᠡᠬᠡ ᠲᠦᠷᠦᠯ ᠵᠦᠢᠯ᠎ᠢ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌᠎ᠶ᠋ᠢ ᠲᠦᠷᠭᠡᠳᠭᠡᠵᠦ᠍᠂ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠬᠦᠴᠦᠯᠡᠨ ᠥᠷᠭᠡᠳᠭᠡᠵᠦ᠍᠂ ᠬᠡᠷᠡᠭ᠌ᠯᠡᠭᠡ᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠦᠨ ᠬᠡᠷᠡᠭ᠌ᠵᠢᠭᠦᠯᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠢ ᠨᠡᠮᠡᠭ᠌ᠳᠡᠯ᠎ᠢ ᠪᠦᠬᠦ᠌ ᠬᠦᠴᠦ᠍᠎ᠪᠡᠷ᠎ᠢᠶᠡᠨ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠬᠤᠷᠠᠯ᠎ᠡᠴᠡ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠬᠡ ᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠦᠷᠭᠡᠳᠭᠡᠨ ᠪᠣᠶ ᠪᠣᠯᠭᠠᠬᠤ ᠲᠤᠬᠠᠢ ᠬᠡᠷᠡᠭ᠌ᠵᠢᠭᠦᠯᠬᠦ᠌ ᠲᠥᠰᠦᠯ》 ᠢ᠋ ᠬᠢᠨᠠᠨ ᠵᠥᠪᠯᠡᠵᠦ᠍ ᠪᠠᠲᠤᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号