ᠦᠪᠦᠷ ᠮᠤᠩᠭᠤᠯ 2026 ᠤᠨ ᠤ᠋ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠵᠤ ᠦᠢᠯᠡᠰ ᠪᠤᠰᠬᠠᠬᠤ ᠠᠵᠢᠯ᠎ᠢ ᠪᠠᠢᠷᠢᠯᠠᠭᠤᠯᠪᠠ
2026-01-04 10:03:34
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠤᠳᠤᠷᠢᠳᠬᠤ ᠳᠤᠭᠤᠢᠯᠠᠩ᠎ᠤᠨ ᠨᠠᠷᠢᠨ ᠪᠢᠴᠢᠭᠡᠴᠢ᠎ᠶᠢᠨ ᠳᠤᠭᠤᠢᠯᠠᠩ᠂ ᠰᠤᠷᠭᠠᠨ ᠬᠥᠮᠦᠵᠢᠯ᠎ᠦᠨ ᠲᠢᠩᠬᠢᠮ 2026 ᠤᠨ ᠤ᠋ ᠪᠥᠬᠥ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ ᠳᠡᠬᠦᠰᠦᠭᠰᠡᠳ᠎ᠤᠨ ᠠᠵᠢᠯ ᠤᠯᠵᠤ ᠦᠢᠯᠡᠰ ᠪᠤᠰᠬᠠᠬᠤ  ᠠᠵᠢᠯ᠎ᠢ  ᠪᠠᠢᠷᠢᠯᠠᠭᠤᠯᠪᠠ᠃

ᠬᠤᠷᠠᠯ᠎ᠠᠴᠠ᠂ 2025 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠶᠢᠨ ᠠᠵᠢᠯ᠎ᠤᠨ ᠤᠯᠠᠨ ᠵᠦᠢᠯ᠎ᠦᠨ ᠭᠦᠢᠴᠡᠳᠬᠡᠯ ᠲᠣᠭ᠎ᠠ ᠲᠣᠭᠲᠠᠭᠤᠨ᠎ᠤ ᠳᠤᠮᠳᠠ ᠳᠡᠭᠡᠭᠰᠢᠯᠡᠯᠲᠡ᠎ᠲᠠᠢ ᠪᠣᠯᠪᠠ᠃ 2026 ᠣᠨ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠪᠠᠢᠷᠢᠯᠠᠭᠤᠯᠬᠤ ᠡᠬᠢᠯᠡᠯᠲᠡ᠎ᠶᠢᠨ ᠵᠢᠯ ᠮᠥᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠳᠡᠭᠡᠳᠦ ᠰᠤᠷᠭᠠᠭᠤᠯᠢ᠎ᠨᠤᠭᠤᠳ ᠤᠯᠤᠰ᠎ᠤᠨ ᠪᠠᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠎ᠤ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠪᠡᠷ ᠤᠳᠤᠷᠢᠳᠤᠮᠵᠢ ᠪᠣᠯᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠲᠥᠷᠥ᠎ᠶᠢᠨ ᠪᠣᠳᠣᠯᠭ᠎ᠠ᠎ᠶᠢ ᠤᠬᠠᠭᠤᠯᠬᠤ᠂ ᠠᠷᠭ᠎ᠠ ᠵᠠᠮ᠎ᠢ ᠥᠷᠭᠡᠳᠬᠡᠬᠦ᠂ ᠦᠢᠯᠡᠴᠢᠯᠡᠭᠡ ᠎ᠶᠢ ᠲᠠᠰ ᠳᠡᠪᠰᠢᠭᠦᠯᠬᠦ᠂ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠂ ᠦᠨᠳᠦᠰᠦᠨ ᠵᠦᠢᠯ ᠎ᠢ ᠳᠠᠭᠠᠭᠠᠨ ᠬᠠᠪᠰᠤᠷᠤᠨ ᠲᠡᠳᠬᠦᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠎ᠦᠨ ᠠᠵᠢᠯ ᠣᠯᠭᠣᠯᠲᠠ᠎ᠶᠢᠨ ᠠᠵᠢᠯ᠎ᠳᠤ ᠰᠢᠨ᠎ᠡ ᠠᠮᠵᠢᠯᠲᠠ ᠣᠯᠬᠤ᠎ᠶᠢ ᠠᠬᠢᠭᠤᠯᠬᠤ ᠬᠡᠷᠡᠭᠲᠡᠢ᠃  ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢᠨ ᠠᠵᠢᠯ ᠣᠯᠭᠣᠯᠲᠠ᠎ᠶᠢᠨ ᠣᠷᠣᠨ ᠵᠠᠢ᠎ᠶᠢ ᠢᠳᠡᠪᠬᠢᠲᠡᠢ ᠥᠷᠭᠡᠳᠬᠡᠵᠦ᠂ ᠦᠢᠯᠡᠰ ᠪᠣᠰᠬᠠᠬᠤ᠎ᠶᠢ ᠲᠡᠳᠬᠦᠬᠦ ᠡᠷᠴᠢᠮ ᠪᠣᠯᠣᠨ ᠠᠮᠢᠳᠤᠯᠢᠭ᠋᠎ᠢᠶᠠᠷ ᠠᠵᠢᠯ ᠣᠯᠭᠣᠬᠤ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢ ᠭᠦᠨᠵᠡᠭᠡᠢ ᠠᠭᠤᠳᠠᠯᠵᠤ᠂ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠢᠶᠡᠷ ᠨᠢᠭᠡᠴᠢ ᠪᠣᠯᠭᠠᠨ ᠠᠵᠤ ᠠᠬᠤᠢᠯᠠᠯ ᠎ᠢ ᠰᠤᠷᠪᠤᠯᠵᠢᠯᠠᠵᠤ ᠠᠵᠢᠯ᠎ᠤᠨ ᠪᠠᠢᠷᠢ᠎ᠪᠠᠨ ᠥᠷᠭᠡᠳᠬᠡᠬᠦ ᠪᠠ ᠰᠤᠷᠭᠠᠭᠤᠯᠢ᠎ᠶᠢᠨ ᠬᠦᠷᠢᠶᠡᠨ ᠎ᠦ ᠠᠵᠢᠯᠲᠠᠨ ᠡᠯᠰᠡᠬᠦ᠎ᠶᠢ ᠰᠠᠢᠲᠤᠷ ᠨᠠᠢᠳᠠᠪᠤᠷᠢᠵᠢᠭᠤᠯᠬᠤ ᠬᠡᠷᠡᠭᠲᠡᠢ᠃ ᠠᠵᠢᠯ ᠣᠯᠭᠣᠯᠲᠠ᠎ᠶᠢᠨ ᠶᠡᠷᠦᠩᠬᠡᠢᠯᠡᠭᠰᠡᠨ ᠴᠢᠳᠠᠪᠤᠷᠢ᠎ᠶᠢ ᠳᠡᠭᠡᠭᠰᠢᠯᠡᠭᠦᠯᠵᠦ᠂ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠬᠦ ᠠᠵᠢᠯ᠎ᠢ ᠰᠠᠢᠲᠤᠷ ᠬᠢᠵᠦ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠴᠢᠳᠠᠪᠤᠷᠢ᠎ᠶᠢ ᠦᠨᠡᠨ᠎ᠬᠦ  ᠳᠡᠭᠡᠭᠰᠢᠯᠡᠭᠦᠯᠬᠦ ᠬᠡᠷᠡᠭᠲᠡᠢ ᠬᠡᠵᠦ ᠵᠢᠭᠠᠵᠤ ᠭᠠᠷᠭᠠᠪᠠ᠃

ᠬᠤᠷᠠᠯ  ᠠ᠋ᠴᠠ᠂ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠠᠵᠢᠯ᠎ᠤᠨ ᠪᠠᠢᠷᠢ᠎ᠶᠢᠨ ᠬᠠᠩᠭᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯᠳᠠᠯᠭ᠎ᠠ᠎ᠲᠠᠢ ᠬᠦᠷᠢᠶ᠎ᠡ ᠪᠣᠯᠣᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢᠨ ᠳᠠᠯᠳᠠ ᠬᠦᠴᠦᠨ ᠎ᠢ ᠭᠦᠨᠵᠡᠭᠡᠢ ᠠᠭᠤᠳᠠᠯᠵᠤ᠂ ᠤᠷ᠎ᠠ ᠴᠢᠳᠠᠪᠤᠷᠢ ᠎ᠶᠢᠨ ᠪᠣᠯᠪᠠᠰᠤᠷᠠᠯ ᠪᠠ ᠠᠵᠢᠯ ᠣᠯᠭᠣᠯᠲᠠ᠎ᠶᠢᠨ ᠳᠠᠳᠤᠯᠭ᠎ᠠ᠎ᠶᠢ ᠭᠦᠨᠵᠡᠭᠡᠢᠷᠡᠭᠦᠯᠦᠨ᠂ ᠪᠣᠳᠠᠲᠠᠢ ᠪᠣᠯᠪᠠᠰᠤᠷᠠᠯ᠎ᠤᠨ ᠵᠢᠯᠣᠭᠣᠳᠤᠯᠭ᠎ᠠ᠎ᠶᠢ ᠴᠢᠩᠭᠠᠳᠬᠠᠬᠤ ᠬᠡᠷᠡᠭᠳᠡᠢ; ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋᠎ᠢ ᠰᠢᠯᠢᠳᠡᠭᠵᠢᠭᠦᠯᠵᠦ᠂ ᠦᠢᠯᠡᠴᠢᠯᠡᠭᠡ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠠᠬᠢᠭᠤᠯᠵᠤ᠂ ᠤᠷᠢᠵᠤ ᠡᠯᠰᠡᠬᠦ ᠠᠵᠢᠯᠯᠠᠭ᠎ᠠ᠎ᠶᠢ ᠰᠠᠢᠲᠤᠷ ᠡᠷᠬᠢᠯᠡᠵᠦ᠂  ᠪᠡᠶ᠎ᠡ᠎ᠪᠡᠨ ᠳᠠᠭᠠᠭᠠᠵᠤ ᠦᠢᠯᠡᠰ ᠪᠣᠰᠬᠠᠬᠤ᠎ᠶᠢ ᠳᠡᠮᠵᠢᠬᠦ ᠬᠡᠷᠡᠭᠳᠡᠢ᠃ ᠡᠯ᠎ᠡ ᠱᠠᠲᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠰᠠᠯᠠᠭ᠎ᠠ ᠮᠥᠴᠢᠷ᠎ᠦᠳ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠴᠢᠳᠠᠪᠤᠷᠢᠲᠠᠨ᠎ᠤ ᠲᠥᠯᠦᠪᠵᠢᠭᠦᠯᠭᠡ᠎ᠶᠢ ᠭᠦᠨᠵᠡᠭᠡᠢᠷᠡᠭᠦᠯᠵᠦ᠂ ᠠᠵᠢᠯ᠎ᠤᠨ ᠪᠠᠢᠷᠢ᠎ᠶᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠠᠵᠤ ᠠᠬᠤᠢᠯᠠᠯ᠎ᠤᠨ ᠪᠦᠲᠦᠴᠡ᠎ᠶᠢᠨ ᠴᠢᠨᠠᠷᠲᠠᠢ ᠠᠵᠢᠯᠲᠠᠨ ᠳᠤᠲᠠᠭᠳᠠᠵᠤ ᠪᠠᠢᠭ᠎ᠠ ᠵᠥᠷᠢᠴᠡᠯ ᠎ᠢ ᠰᠢᠢᠳᠪᠦᠷᠢᠯᠡᠬᠦ᠎ᠳᠦ ᠬᠦᠴᠦ ᠨᠡᠮᠡᠷᠢᠯᠡᠬᠦ ᠬᠡᠷᠡᠭᠲᠡᠢ ᠬᠡᠵᠦ ᠱᠠᠭᠠᠷᠳᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号