10 ᠳ᠋ᠦᠩᠱᠢᠭᠤᠷ ᠬᠥᠮᠦᠨ ᠤᠳᠠᠭ᠎ᠠ ᠥᠪᠥᠷ ᠮᠣᠩᠭᠣᠯ᠎ᠳᠤ ᠰᠠᠭᠠᠲᠠᠵᠤ 《ᠰᠣᠶᠣᠯ ᠵᠢᠭᠤᠯᠴᠢᠯᠠᠯ + ᠡᠯ᠎ᠠ ᠵᠦᠢᠯ᠎ᠤᠨ ᠠᠵᠢᠯ ᠦᠶ᠋ᠯᠡᠰ》 ᠬᠦᠭᠵᠢᠨ ᠪᠤᠵᠠᠭᠠᠢᠷᠠᠪᠠ
2026-01-04 09:38:35
ᠵᠣᠬᠢᠶᠠᠭ᠍ᠴᠢ᠄
ᠹᠸᠩ ᠱᠢᠤᠸᠠᠢ ᠢᠦᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ 2025 ᠣᠨ᠎ᠤ ᠲᠣᠭ᠎ᠠ ᠪᠠᠷᠢᠮᠲᠠ᠎ᠶ᠋ᠢ ᠨᠡᠢᠲᠡᠯᠡᠪᠡ᠂ ᠪᠦᠬᠦ᠌ ᠣᠷᠣᠨ᠎ᠤ ᠪᠦᠬᠦ ᠵᠢᠯ᠎ᠳᠤ ᠬᠦᠯᠢᠶᠡᠨ ᠠᠪᠤᠭ᠍ᠰᠠᠨ ᠵᠢᠭᠤᠯᠴᠢᠯᠠᠭᠴᠢ ᠵᠢᠨ ᠶᠡᠷᠦᠩᠬᠡᠢ ᠬᠡᠮᠵᠢᠢ᠎ᠡ 3 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭᠰᠡᠳ᠎ᠤᠨ ᠶᠡᠷᠦᠩᠬᠡᠢ ᠵᠠᠷᠤᠯᠭ᠎ᠠ 4500 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 8.93% ᠪᠡᠷ ᠨᠡᠮᠡᠭ᠌ᠳᠡᠪᠡ᠃ ᠢᠭᠴᠤ ᠣᠶ ᠱᠢᠭᠤᠶ᠂ ᠠᠭᠤᠳᠠᠮ ᠲᠠᠯ᠎ᠠ ᠨᠤᠲᠤᠭ᠂ ᠨᠡᠯᠦᠭᠡᠷ ᠡᠯᠡᠰᠦ ᠮᠠᠩᠬ᠎ᠠ ᠵᠡᠷᠭᠡ ᠱᠢᠯᠢᠳᠡᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠲᠠᠶ ᠥᠪᠥᠷ ᠮᠣᠩᠭᠣᠯ ᠪᠥᠬᠥ᠌ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠰᠡᠳ᠎ᠤᠨ ᠬᠦᠷᠦᠯᠴᠡᠨ ᠢᠷᠡᠵᠦ ᠦᠪᠦᠷ ᠮᠤᠩᠭᠤᠯ᠎ᠤᠨ ᠷᠢᠳᠢ ᠱᠢᠳᠢ᠎ᠶ᠋ᠢ ᠪᠡᠶᠡᠴᠢᠯᠡᠨ ᠤᠢᠯᠠᠭᠠᠬᠤ ᠵᠢ ᠲᠠᠲᠠᠵᠤ᠂  《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ  ᠵᠢᠭᠤᠯᠴᠢᠯᠠᠭᠰᠡᠳ᠎ᠢ ᠭᠥᠯᠢᠶᠡᠨ ᠠᠪᠤᠭᠰᠠᠨ ᠲᠣᠭ᠎ᠠ ᠬᠡᠮᠵᠢᠶ᠎ᠡ᠂ ᠵᠢᠭᠤᠯᠴᠢᠯᠠᠭᠰᠡᠳ᠎ᠤᠨ ᠶᠡᠷᠦᠩᠬᠡᠶ ᠵᠠᠷᠤᠯᠭ᠎ᠠ ᠵᠢᠨ 《ᠬᠤᠤᠰ ᠨᠡᠮᠡᠭ᠌ᠳᠡᠯ》 ᠢ᠋ ᠦᠷᠭᠦᠯᠵᠢᠯᠡᠨ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭᠴᠢ᠎ᠶᠢ ᠨᠡᠢᠲᠡ 10 ᠳ᠋ᠦᠩᠱᠢᠭᠤᠷ ᠱᠢᠬᠠᠮ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠶᠡᠷᠦᠩᠬᠡᠶ ᠣᠷᠣᠯᠭ᠎ᠠ 1.5 ᠲᠦᠮᠡᠨ ᠳ᠋ᠦᠩᠱᠢᠭᠤᠷ ᠲᠥᠭᠥᠷᠢᠭ ᠲᠸ᠋ ᠬᠦᠷᠴᠡᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ 《ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌》 ᠪᠠ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠰᠣᠶᠣᠯ᠎ᠤᠨ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌᠎ᠶ᠋ᠢ ᠠᠬᠢᠭᠤᠯᠬᠤ》 ᠪᠣᠯ ᠰᠣᠶᠣᠯ ᠵᠢᠭᠤᠯᠴᠢᠯᠠᠯ᠎ᠤᠨ ᠦᠶ᠋ᠯᠡᠰ᠎ᠦᠨ ᠬᠣᠶᠠᠷ ᠶᠡᠬᠡ ᠰᠡᠳᠦᠪ ᠮᠥᠨ᠂ ᠥᠪᠥᠷ ᠮᠣᠩᠭᠣᠯ᠎ᠤᠨ ᠬᠢᠨ ᠭᠢᠯᠠᠯᠵᠠᠭᠰᠠᠨ ᠬᠠᠷᠢᠭᠤᠯᠲᠠ ᠵᠢᠨ ᠬᠠᠭᠤᠳᠠᠰᠤ ᠲᠤᠰᠢᠶᠠᠯ᠎ᠠ᠃ ᠲᠠᠪᠤᠨ ᠵᠢᠯ᠎ᠦᠨ ᠬᠤᠭᠤᠴᠠᠭᠠᠨ᠎ᠳᠤ᠂ ᠰᠣᠶᠣᠯ ᠵᠢᠭᠤᠯᠴᠢᠯᠠᠯ᠎ᠢ ᠭᠦᠨᠵᠡᠭᠡᠢ ᠠᠭᠤᠰᠤᠯᠴᠠᠭᠤᠯᠵᠤ᠂ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠲᠡᠪᠰᠢᠭᠦᠯᠵᠦ᠂ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ 《ᠰᠣᠶᠣᠯ ᠵᠢᠭᠤᠯᠴᠢᠯᠠᠯ + ᠡᠯ᠎ᠡ ᠵᠦᠢᠯ᠎ᠤᠨ ᠠᠵᠢᠯ ᠦᠢᠯᠡᠰ》 ᠤ᠋ᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠷᠭ᠎ᠠ ᠬᠡᠯᠪᠡᠷᠢ ᠵᠢ ᠠᠩᠬ᠎ᠠ ᠠᠯᠬᠤᠮ ᠪᠦᠷᠢᠯᠳᠦᠭᠦᠯᠪᠡ᠃

ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠦᠴᠦᠨ ᠴᠢᠳᠠᠯ ᠣᠯᠭᠣᠬᠤ᠎ᠶ᠋ᠢ ᠪᠠᠷᠢᠮᠲᠠᠯᠠᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ  ᠳᠥᠷᠪᠡᠨ ᠤᠯᠠᠷᠢᠯ᠎ᠤᠨ ᠭᠤᠶᠤ ᠥᠩᠭᠡ ᠦᠵᠡᠮᠵᠢ》 ᠱᠢᠷᠢᠰ ᠭᠦᠨᠵᠡᠭᠡᠢ ᠪᠡᠶᠡᠴᠢᠯᠡᠨ ᠤᠢᠯᠠᠭᠠᠬᠤ ᠵᠢᠭᠤᠯᠴᠢᠯᠠᠯ᠎ᠤᠨ ᠦᠢᠯᠡᠳᠭᠦᠨ᠎ᠢ ᠨᠡᠭᠡᠭᠡᠨ ᠬᠥᠭ᠌ᠵᠢᠭᠦᠯᠵᠦ᠍᠂ 《ᠲᠠᠯ᠎ᠠ ᠨᠤᠲᠤᠭ᠎ᠤᠨ ᠬᠤᠨᠤᠭ ᠪᠠᠭᠤᠳᠠᠯ᠎ᠤᠨ ᠴᠤᠭ᠍ᠯᠠᠷᠠᠯ》 ᠵᠡᠷᠭᠡ ᠭᠤᠤᠯᠳᠠᠯᠭ᠎ᠠ᠎ᠲᠠᠶ ᠲᠥᠷᠥᠯ ᠵᠦᠶ᠋ᠯ ᠡᠭᠦᠳᠡ᠎ᠪᠡᠨ ᠨᠡᠭᠡᠭᠡᠵᠦ᠍ ᠵᠣᠴᠢᠨ ᠤᠭ᠍ᠲᠤᠵᠤ᠂ ᠤᠯᠠᠨ᠎ᠳᠤ ᠲᠠᠭᠠᠰᠢᠶᠠᠭᠳᠠᠭᠰᠠᠨ ᠪᠠᠢᠨ᠎ᠠ᠃ ᠨᠡᠢᠲᠡ 136 ᠭᠣᠣᠯᠳᠠᠯᠭ᠎ᠠ᠎ᠲᠠᠶ ᠰᠣᠶᠣᠯ᠎ᠤᠨ ᠠᠵᠤ ᠦᠢᠯᠡᠰ᠎ᠦᠨ ᠲᠥᠷᠥᠯ ᠵᠦᠢᠯ᠎ᠢ ᠬᠡᠷᠡᠭ᠌ᠵᠢᠭᠦᠯᠵᠦ᠍᠂ ᠶᠡᠷᠦᠩᠬᠡᠢ ᠪᠡᠯᠡ ᠣᠷᠣᠭᠤᠯᠤᠯᠲᠠ ᠨᠢ 451.9 ᠳ᠋ᠦᠩᠱᠢᠭᠤᠷ ᠲᠥᠭᠥᠷᠢᠭ ᠲᠸ᠋ ᠬᠦᠷᠴᠦ᠂ ᠣᠷᠳᠣᠰ᠎ᠤᠨ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠂ ᠤᠯᠠᠭᠠᠨᠴᠠᠪ᠎ᠤᠨ ᠦᠳᠡᠰᠢ ᠵᠡᠷᠭᠡ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠲᠥᠷᠥᠯ ᠵᠦᠢᠯ᠎ᠢ ᠵᠠᠯᠭᠠᠭ᠎ᠠ᠎ᠪᠠᠷ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠲᠣᠮᠣ ᠬᠡᠯᠪᠡᠷᠢ᠎ᠶ᠋ᠢᠨ ᠮᠣᠷᠢᠨ ᠪᠥᠵᠢᠭ᠌ᠲᠦ ᠵᠦᠴᠦᠭᠡ 《ᠪᠤᠭᠤᠷᠤᠯ ᠲᠡᠤᠬᠡ ᠵᠢᠨ ᠬᠦᠯᠦᠭ᠎ᠤᠨ ᠮᠠᠭ᠍ᠲᠠᠭᠠᠯ》 ᠨᠢ ᠪᠦᠬᠦ᠌ ᠤᠯᠤᠰ᠎ᠤᠨ ᠵᠢᠭᠤᠯᠴᠢᠯᠠᠯ᠎ᠤᠨ ᠲᠣᠭ᠍ᠯᠠᠯᠲᠠ᠎ᠶ᠋ᠢᠨ ᠰᠣᠳᠣᠨ ᠪᠦᠲᠦᠭᠡᠯ᠎ᠦᠨ ᠨᠡᠷᠡᠰ᠎ᠲᠦ ᠵᠢᠭᠰᠠᠭᠠᠭᠳᠠᠪᠠ᠃ 《ᠰᠣᠶᠣᠯ ᠵᠢᠭᠤᠯᠴᠢᠯᠠᠯ +》 ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠢᠳᠡᠪᠬᠢᠲᠡᠶ ᠪᠣᠢᠵᠢᠭᠤᠯᠵᠤ᠂ 《ᠤᠷᠤᠯᠳᠤᠭᠠᠨ᠂ ᠤᠩᠱᠢᠯᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠂ ᠦᠵᠡᠰᠭᠦᠯᠡᠩ᠂ ᠬᠠᠭᠤᠴᠢ᠂ ᠲᠣᠭ᠍ᠯᠠᠯᠲᠠ᠂ ᠠᠮᠲᠠᠲᠤ ᠢᠳᠡᠭᠡᠨ᠎ᠢ ᠵᠤᠷᠢᠨ ᠵᠢᠭᠤᠯᠴᠢᠯᠠᠬᠤ》 7 ᠶᠡᠬᠡ ᠭᠤᠤᠯ ᠰᠡᠳᠦᠪᠲᠦ ᠠᠵᠢᠯᠯᠠᠭ᠎ᠠ᠎ᠶ᠋ᠢ ᠥᠷᠨᠢᠭᠦᠯᠵᠦ᠍᠂ ᠡᠯᠪᠡᠭ ᠪᠠᠶᠠᠯᠢᠭ ᠦᠵᠡᠭᠳᠡᠯ ᠪᠠᠢᠳᠠᠯ᠎ᠢᠶᠠᠷ ᠣᠯᠠᠨ ᠲᠦᠮᠡᠨ᠎ᠦ ᠣᠯᠠᠨ ᠡᠱᠢᠵᠢᠭ᠌ᠰᠡᠨ ᠬᠡᠷᠡᠭ᠌ᠴᠡᠭᠡ᠎ᠶ᠋ᠢ ᠬᠠᠩᠭᠠᠪᠠ᠃ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠴᠢᠶᠠᠯᠠᠪᠤᠷᠢ᠎ᠶ᠋ᠢᠨ ᠪᠠᠢᠭᠤᠯᠤᠯᠲᠠ ᠬᠢᠭᠡᠳ ᠦᠢᠯᠡᠴᠢᠯᠡᠭᠡᠨ᠎ᠦ ᠳᠡᠰ ᠳᠡᠪᠱᠢᠬᠦ᠌᠎ᠶ᠋ᠢ ᠢᠳᠡᠪᠬᠢᠲᠡᠶ᠎ᠠᠬᠢᠭᠤᠯᠵᠤ᠂ ᠣᠳᠣ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠦᠢᠯᠡᠴᠢᠯᠡᠭᠡᠨ᠎ᠦ ᠠᠵᠤ ᠠᠬᠤᠢᠯᠠᠯ 97 ᠪᠠᠢᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ 94 ᠪᠠᠢᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠤᠸᠠᠷᠠᠨ 22 ᠪᠤᠶ᠃ 《ᠮᠤᠩᠭᠤᠯ ᠮᠤᠷᠢᠨ᠎ᠤ ᠲᠡᠰ᠎ᠡᠴᠡ ᠲᠠᠪᠠᠭᠰᠠᠨ ᠬᠣᠯᠪᠣᠭᠠᠲᠤ ᠤᠷᠤᠯᠳᠤᠭᠠᠨ》 ᠵᠡᠷᠭᠡ ᠲᠥᠷᠥᠯ ᠲᠡᠮᠳᠡᠭ᠌ᠲᠦ᠍᠎ᠠᠵᠢᠯᠯᠠᠭ᠎ᠠ ᠵᠢ ᠦᠷᠨᠢᠭᠦᠯᠵᠦ᠂ 《ᠦᠪᠦᠷ ᠮᠤᠩᠭᠤᠯ᠎ᠤᠨ ᠬᠦᠯ ᠪᠦᠮᠪᠦᠭᠡ ᠵᠢᠨ ᠲᠡᠰ ᠡᠴᠡ ᠲᠠᠪᠠᠭᠰᠠᠨ》 ᠬᠣᠯᠪᠣᠭᠠᠲᠤ ᠤᠷᠤᠯᠳᠤᠭᠠᠨ ᠵᠡᠷᠭᠡ ᠤᠷᠤᠯᠳᠤᠭᠠᠨ᠎ᠤ IP᠎ᠶ᠋ᠢ ᠠᠱᠢᠭ᠍ᠯᠠᠨ᠂ 《ᠪᠢᠯᠧᠲ᠎ᠦᠨ ᠠᠵᠤ ᠠᠬᠤᠶ》 ᠪᠠᠷ ᠬᠣᠶᠠᠳᠠᠬᠢ ᠤᠳᠠᠭ᠎ᠠ᠎ᠶ᠋ᠢᠨ ᠬᠡᠷᠡᠭ᠌ᠯᠡᠭᠡ᠎ᠶ᠋ᠢ ᠬᠥᠭ᠌ᠵᠢᠭᠡᠪᠠ᠃ 《ᠰᠣᠶᠣᠯ ᠵᠢᠭᠤᠯᠴᠢᠯᠠᠯ + ᠡᠯ᠎ᠡ ᠵᠦᠢᠯ᠎ᠤᠨ ᠠᠵᠢᠯ ᠦᠶ᠋ᠯᠡᠰ》᠎ᠤ᠋ᠨ ᠦᠷᠡᠵᠢᠭᠦᠯᠬᠦ᠌ ᠲᠣᠭᠠᠨ᠎ᠤ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃

ᠲᠣᠭᠠᠴᠢᠯᠠᠯᠳᠠ ᠳᠡᠢᠰᠢ ᠬᠡᠯᠪᠡᠷᠢ᠎ᠪᠡᠨ ᠬᠤᠪᠢᠷᠠᠭᠤᠯᠬᠤ ᠲᠠᠯ᠎ᠠ ᠪᠡᠷ ᠪᠣᠳᠠᠲᠤ ᠦᠷ᠎ᠡ ᠪᠦᠲᠦᠮᠵᠢ ᠣᠯᠵᠤ᠂ ᠳᠤᠮᠳᠠᠳᠤ ᠤᠯᠤᠰ᠎ᠤᠨ ᠦᠨᠳᠦᠰᠦᠳᠡᠨ᠎ᠤ ᠲᠠᠭᠤᠤ ᠬᠦᠭᠵᠢᠮ ᠲᠣᠭᠠᠴᠢᠯᠠᠭ᠍ᠰᠠᠨ ᠬᠠᠮ ᠵᠠᠭᠤᠴᠢᠯᠠᠭᠤᠷ᠎ᠤᠨ ᠦᠵᠡᠵᠦ᠍ ᠰᠣᠨᠣᠰᠭᠤ ᠲᠠᠪᠴᠠᠩ᠂ ᠥᠪᠥᠷ ᠮᠣᠩᠭᠣᠯ᠎ᠤᠨ ᠲᠣᠭᠠᠴᠢᠯᠠᠭ᠍ᠰᠠᠨ ᠰᠣᠶᠣᠯ ᠵᠢᠭᠤᠯᠴᠢᠯᠠᠯ᠎ᠤᠨ ᠱᠢᠨ᠎ᠡ ᠣᠷᠣᠨ ᠵᠠᠢ ᠵᠡᠷᠭᠡ ᠲᠥᠷᠥᠯ ᠵᠦᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ᠂ ᠪᠦᠬᠦ᠌ ᠣᠷᠣᠨ᠎ᠤ ᠰᠣᠶᠣᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ 6 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ ᠳᠤᠮᠳᠠᠴᠢ ᠪᠠᠷ 29.4% ᠪᠡᠷ ᠨᠡᠮᠡᠭ᠌ᠳᠡᠪᠡ; 《ᠰᠦᠯᠵᠢᠶᠡᠨ ᠳᠡᠭᠡᠷ᠎ᠡ ᠥᠪᠥᠷ ᠮᠣᠩᠭᠣᠯ᠎ᠢᠶᠡᠷ ᠵᠢᠭᠤᠯᠴᠢᠯᠠᠬᠤ》᠂ ᠤᠶᠤᠨᠲᠤ ᠨᠣᠮ᠎ᠤᠨ ᠰᠠᠩ ᠵᠡᠷᠭᠡ ᠶᠡᠷᠦᠩᠬᠡᠢᠯᠡᠭ᠌ᠰᠡᠨ ᠲᠠᠪᠴᠠᠩ᠎ᠢᠶᠠᠷ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ ᠰᠣᠶᠣᠯ ᠵᠢᠭᠤᠯᠴᠢᠯᠠᠯ᠎ᠤᠨ ᠲᠣᠭᠠᠴᠢᠯᠠᠭ᠍ᠰᠠᠨ ᠦᠶ᠋ᠯᠡᠴᠢᠯᠡᠭᠡᠨ᠎ᠦ ᠵᠢᠭ᠍ᠰᠠᠭᠠᠯ᠎ᠢ ᠪᠦᠷᠢᠯᠳᠦᠭᠦᠯᠵᠦ᠍᠂ ᠦᠶ᠋ᠯᠡᠴᠢᠯᠡᠭᠡ᠎ᠶ᠋ᠢ ᠨᠠᠩ ᠣᠨᠣᠴᠠᠳᠠᠶ᠂ ᠪᠡᠶᠡᠴᠢᠯᠡᠨ ᠣᠢᠯᠠᠭᠠᠬᠤ᠎ᠶ᠋ᠢ ᠨᠠᠩ ᠳᠥᠭᠥᠮ ᠳᠥᠲᠡ ᠪᠣᠯᠭᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠰᠣᠶᠣᠯ ᠵᠢᠭᠤᠯᠴᠢᠯᠠᠯ ᠎ᠤᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌᠂ ᠡᠵᠡᠩᠨᠡᠯᠲᠡ᠎ᠶ᠋ᠢᠨ ᠬᠡᠯᠪᠡᠷᠢ ᠵᠢ ᠪᠣᠢᠵᠢᠭᠤᠯᠬᠤ ᠪᠠ ᠠᠵᠤ ᠦᠶ᠋ᠯᠡᠰ᠎ᠢ ᠲᠠᠰ ᠳᠡᠪᠱᠢᠭᠦᠯᠬᠦ᠌ ᠳᠡᠭᠡᠷ᠎ᠡ ᠬᠦᠴᠦ᠍ ᠲᠠᠯᠪᠢᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ 《ᠬᠡᠪᠴᠢᠶ᠎ᠡ᠎ᠶ᠋ᠢ ᠥᠷᠭᠡᠳᠭᠡᠬᠦ᠌》 ᠡᠴᠠ 《ᠶᠠᠰᠤ ᠴᠢᠨᠠᠷ᠎ᠢ ᠳᠡᠭᠡᠭ᠌ᠰᠢᠯᠡᠭᠦᠯᠬᠦ᠌》 ᠲᠡᠢᠰᠢ ᠱᠢᠯᠵᠢᠬᠦ᠌᠂ 《ᠡᠯᠧᠮᠧᠨ᠋ᠲ᠎ᠢᠶᠡᠷ ᠬᠥᠳᠡᠯᠭᠡᠭᠦᠷ ᠪᠣᠯᠭᠠᠬᠤ》 ᠡᠴᠡ 《ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠵᠤ ᠦᠶ᠋ᠯᠡᠰ᠎ᠦᠨ ᠤᠶᠠᠨ ᠬᠠᠲᠠᠨ ᠴᠢᠨᠠᠷ ᠪᠠ ᠥᠷᠢᠰᠥᠯᠳᠦᠬᠦ᠌ ᠬᠦᠴᠦᠨ᠎ᠢ ᠢᠯᠡᠳᠲᠡ ᠴᠢᠩᠭᠠᠳᠬᠠᠪᠠ᠃ 2024 ᠣᠨ᠎ᠳᠤ ᠷᠠᠱᠢᠶᠠᠨ ᠨᠢ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ᠎ᠢᠶᠠᠷ ᠦᠨᠡᠯᠡᠭ᠌ᠳᠡᠵᠦ᠍᠂ ᠡᠨᠡ ᠬᠦ᠌ ᠲᠥᠷᠥᠯ ᠵᠦᠶ᠋ᠯ᠎ᠳᠦ ᠥᠪᠥᠷ ᠮᠣᠩᠭᠣᠯ 《ᠤᠯᠤᠰ᠎ᠤᠨ ᠲᠠᠰ᠎ᠤᠨ ᠨᠠᠷᠠᠲᠤ ᠲᠡᠮᠳᠡᠭ》 ᠦᠭᠡᠢ ᠪᠠᠢᠬᠰᠠᠨ ᠲᠡᠤᠬᠡ ᠎ᠶᠢ ᠡᠴᠤᠰᠯᠡᠬᠥᠯᠪᠡ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ ᠨᠢᠭᠡᠨᠲᠡ 17 ᠪᠣᠯᠵᠣ᠂ 《ᠠᠷᠪᠠᠨ ᠭᠤᠷᠪᠠᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯᠴᠢ᠎ᠶ᠋ᠢᠨ ᠬᠤᠭᠤᠴᠠᠭᠠᠨ᠎ᠤ ᠬᠢ᠎ᠡᠴᠡ 1 ᠳᠠᠬᠢᠨ ᠱᠢᠬᠠᠮ ᠨᠡᠮᠡᠭ᠌ᠳᠡᠵᠡᠶ᠃ ᠬᠥᠯᠥᠨ ᠪᠣᠢᠷ᠎ᠤᠨ ᠲᠠᠯ᠎ᠠ ᠨᠤᠲᠤᠭ ·ᠮᠡᠷᠭᠡᠯ ᠭᠤᠤᠯ᠎ᠤᠨ ᠦᠵᠡᠮᠵᠢ᠎ᠶ᠋ᠢᠨ ᠣᠷᠣᠨ᠂ ᠬᠡᠪᠳᠡᠭᠡ ᠦᠭᠡᠷ᠎ᠤᠨ ᠲᠤᠬᠤᠢ ᠵᠢᠨ ᠬᠠᠲᠤᠨ ᠭᠤᠤᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠳᠦ ᠠᠮᠵᠢᠯᠳᠠ ᠲᠠᠢ ᠳᠡᠪᠰᠢᠵᠦ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠂ ᠥᠪᠡᠷ᠎ᠢᠶᠡᠨ ᠲᠡᠷᠭᠡ ᠪᠠᠷᠢᠵᠤ ᠵᠢᠭᠤᠯᠴᠢᠯᠠᠬᠤ ᠭᠠᠵᠠᠷ᠎ᠤᠨ ᠶᠡᠷᠦᠩᠬᠡᠶ ᠬᠡᠮᠵᠢᠶ᠎ᠡ ᠪᠥᠬᠥ᠌ ᠤᠯᠤᠰ᠎ᠲᠤ ᠲᠦᠷᠦᠭᠦᠯᠡᠵᠦ᠂ ᠴᠠᠰᠤᠨ᠎ᠳᠤ ᠭᠤᠯᠭᠤᠬᠤ ᠵᠢᠭᠤᠯᠴᠢᠯᠠᠯ ᠠᠮᠠᠷᠠᠯᠲᠠ᠎ᠶ᠋ᠢᠨ ᠭᠠᠵᠠᠷ᠎ᠤᠨ ᠶᠡᠷᠦᠩᠬᠡᠶ ᠬᠡᠮᠵᠢᠶ᠎ᠡ ᠪᠥᠬᠥ᠌ ᠤᠯᠤᠰ᠎ᠲᠤ ᠬᠣᠶᠠᠳᠤᠭᠠᠷ᠎ᠲᠤ ᠣᠷᠣᠵᠤ᠂ ᠣᠲᠣ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ 8᠂ 4A ᠲᠠᠰ᠎ᠤᠨ ᠦᠵᠡᠮᠵᠢ᠎ᠶ᠋ᠢᠨ ᠣᠷᠣᠨ 185᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠨᠠᠷᠠᠲᠤ ᠱᠢᠶᠠᠨ 13 ᠪᠠᠢᠨ᠎ᠠ᠃ 《ᠠᠷᠪᠠᠨ ᠭᠤᠷᠪᠠᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠢ᠎ᠲᠡᠶ ᠬᠠᠷᠢᠴᠠᠭᠤᠯᠪᠠᠯ᠂ ᠥᠪᠥᠷ ᠮᠣᠩᠭᠣᠯ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠲᠣᠭ᠎ᠠ ᠬᠡᠮᠵᠢᠶ᠎ᠠ 47% ᠪᠡᠷ ᠨᠡᠮᠡᠭ᠌ᠳᠡᠵᠦ᠍᠂ ᠨᠢᠭᠡᠨᠲᠡ 566 ᠪᠣᠯᠪᠠ; 5A᠂ 4A  ᠲᠠᠰ᠎ᠤᠨ ᠦᠵᠡᠮᠵᠢ᠎ᠶᠢᠨ ᠣᠷᠣᠨ᠎ᠤ ᠲᠣᠭ᠎ᠠ ᠬᠡᠮᠵᠢᠶ᠎ᠡ ᠴᠥᠮ 42.6% ᠪᠡᠷ ᠨᠡᠮᠡᠭ᠌ᠳᠡᠵᠡᠶ᠃ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ 6᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ 22᠂ ᠪᠥᠬᠥ᠌ ᠤᠯᠤᠰ᠎ᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠶ ᠲᠣᠰᠭᠣᠨ᠂ ᠪᠠᠯᠭᠠᠰᠤ ᠲᠤᠰᠪᠤᠷᠢ 42᠂ 178 ᠪᠠᠢᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠷᠡᠭᠦᠯᠵᠢᠯ ᠰᠤᠪᠢᠯᠠᠯᠲᠠ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠎ᠢ 16 ᠪᠠᠢᠭᠤᠯᠪᠠ; ᠶᠦᠨ ᠱᠠᠩ ᠬᠡᠭᠡᠷ᠎ᠡ ᠪᠠᠭᠤᠳᠠᠯᠯᠠᠬᠤ ᠵᠢᠵᠢᠭ ᠪᠠᠯᠭᠠᠰᠤ᠂ ᠶᠦᠨ ᠱᠢᠶᠠᠨ ᠬᠣᠲᠠ᠎ᠶ᠋ᠢᠨ ᠬᠤᠸᠠᠷᠠᠨ ᠵᠡᠷᠭᠡ ᠥᠪᠡᠷᠮᠢᠴᠡ ᠣᠨᠴᠠᠯᠢᠭᠳᠤ ᠲᠥᠷᠥᠯ ᠲᠡᠮᠳᠡᠭ᠌᠎ᠤᠨ ᠬᠤᠸᠠᠷᠠᠨ᠎ᠢ 202 ᠪᠠᠢᠭᠤᠯᠤᠨ ᠪᠦᠲᠦᠭᠡᠪᠡ᠃ ᠲᠠᠯ᠎ᠠ ᠨᠤᠲᠤᠭ᠎ᠤᠨ ᠨᠠᠭᠠᠳᠤᠮ᠂ ᠮᠥᠰᠥ᠍ ᠴᠠᠰᠤᠨ᠎ᠤ ᠨᠠᠭᠠᠳᠤᠮ᠂ ᠠᠯᠠᠱᠠ᠎ᠶ᠋ᠢᠨ ᠲᠣᠣᠷᠠᠢ ᠮᠤᠳᠤᠨ᠎ᠤ ᠨᠠᠢᠷ ᠵᠡᠷᠭᠡ ᠠᠵᠢᠯᠯᠠᠭ᠎ᠠ ᠥᠷᠨᠢᠭᠦᠯᠵᠦ᠍᠂ 《ᠪᠠᠷᠠᠭᠤᠨᠰᠢᠯᠠᠵᠤ ᠴᠠᠰᠤᠨ᠎ᠳᠤ ᠭᠤᠯᠭᠤᠬᠤ ᠪᠡᠷ ᠶᠠᠪᠤᠶ᠎ᠠ》᠂ 《ᠬᠢᠩᠭᠠᠨ ᠳᠠᠪᠠᠭᠠᠨ᠎ᠲᠡᠭᠡᠷᠡᠬᠢ ᠬᠢᠩᠭᠠᠨ ᠠᠢᠮᠠᠭ》᠂ 《ᠳᠤᠯᠠᠭᠠᠨ ᠬᠣᠲᠠ ᠣᠷᠳᠣᠰ》 ᠵᠡᠷᠭᠡ ᠲᠥᠷᠥᠯ ᠲᠡᠮᠳᠡᠭ ᠤᠯᠠᠨ᠎ᠤ ᠬᠦᠷᠢᠶᠡᠯᠡᠯ᠎ᠢ ᠤᠯᠪᠠ᠃

ᠤᠯᠤᠰ᠎ᠤᠨ ᠰᠣᠶᠣᠯ᠎ᠤᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠰᠠᠭᠤᠷᠢᠨ 6᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠰᠠᠭᠤᠷᠢᠨ 41 ᠶ᠋ᠢ ᠴᠤᠭᠴᠠᠯᠠᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ᠂ ᠤᠯᠠᠭᠠᠨ ᠲᠢᠶᠠᠲ᠋ᠠᠷ ᠤᠷᠠᠨ ᠰᠠᠢᠬᠠᠨ᠎ᠤ ᠺᠣᠮᠫᠠᠨᠢ ᠪᠠᠶ᠋ᠢᠭᠤᠯᠬᠤ᠎ᠶᠢ ᠠᠬᠢᠭᠤᠯᠵᠤ᠂ ᠬᠡᠪᠴᠢᠶᠡᠵᠢᠯ᠎ᠡᠴᠡ ᠳᠡᠭᠡᠭᠰᠢᠬᠢ ᠰᠣᠶᠣᠯ᠎ᠤᠨ ᠠᠵᠤ ᠠᠬᠤᠢᠯᠠᠯ᠎ᠤᠨ ᠲᠣᠭ᠎ᠠ 182 ᠪᠤᠯᠵᠤ᠂ ᠡᠵᠡᠩᠨᠡᠯᠲᠡ᠎ᠶᠢᠨ ᠣᠷᠣᠯᠭ᠎ᠠ 138.3 ᠳ᠋ᠦᠩᠰᠢᠭᠤᠷ ᠲᠥᠭᠥᠷᠢᠭ᠎ᠲᠦ ᠬᠦᠷᠴᠦ᠂ 963 ᠲᠠᠸᠠᠷ 《ᠥᠪᠥᠷ ᠮᠣᠩᠭᠣᠯ᠎ᠤᠨ ᠪᠡᠯᠡᠭ》 ᠲᠦᠷᠦᠯ ᠲᠡᠮᠳᠡᠭ᠎ᠤᠨ ᠨᠤᠲᠠᠯᠠᠯᠲᠠ ᠵᠢ ᠣᠯᠵᠤ᠂ 《ᠪᠢ ᠲᠠᠯ᠎ᠠ ᠨᠤᠲᠤᠭ ᠲᠡᠢ ᠪᠤᠯᠵᠤᠭ᠎ᠠ ᠲᠡᠢ》 ᠲᠠᠸᠠᠷ᠎ᠤᠨ ᠪᠣᠳᠠᠲᠤ ᠴᠣᠭᠴᠠ᠎ᠶᠢᠨ 315 ᠳᠡᠯᠭᠡᠭᠦᠷ ᠡᠷᠦᠬᠡ ᠪᠡᠨ ᠰᠡᠬᠦᠨ ᠡᠵᠡᠩᠨᠡᠪᠡ᠃ 《ᠵᠠᠭᠤᠨ ᠬᠣᠲᠠ ᠵᠠᠭᠤᠨ ᠲᠣᠭᠣᠷᠢᠭ᠋》 ᠤ᠋ᠨ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠪᠡᠷ ᠠᠵᠤ ᠠᠬᠤᠢᠯᠠᠯ᠎ᠢ ᠳᠡᠮᠵᠢᠨ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ᠎ᠶᠢ ᠥᠷᠨᠢᠭᠦᠯᠵᠦ᠂ 《ᠵᠢᠭᠤᠯᠴᠢᠯᠠᠭᠰᠠᠳ᠎ᠢ ᠥᠪᠥᠷ ᠮᠣᠩᠭᠣᠯ᠎ᠳᠤ ᠲᠡᠲᠠᠬᠤ》 ᠡᠷᠴᠢᠮ᠎ᠢ ᠴᠢᠩᠭᠠᠷᠠᠭᠤᠯᠬᠤ᠎ᠶᠢᠨ ᠬᠠᠮᠲᠤ 《ᠥᠪᠥᠷ ᠮᠣᠩᠭᠣᠯ᠎ᠤᠨ ᠬᠦᠮᠦᠰ ᠥᠪᠥᠷ ᠮᠣᠩᠭᠣᠯ᠎ᠢᠶᠠᠷ ᠵᠢᠭᠤᠯᠴᠢᠯᠠᠬᠤ》 ᠶ᠋ᠢ ᠠᠬᠢᠭᠤᠯᠵᠤ᠂ ᠬᠡᠷᠡᠭᠯᠡᠭᠡ᠎ᠶᠢᠨ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠵᠤ᠂ ᠬᠡᠷᠡᠭᠯᠡᠭᠡ᠎ᠶᠢᠨ ᠵᠠᠬ᠎ᠠ ᠳᠡᠯᠭᠡᠭᠦᠷ᠎ᠢ ᠬᠦᠴᠦᠲᠡᠢ ᠬᠥᠭᠵᠢᠭᠡᠪᠡ᠃ ᠵᠠᠭᠤ ᠭᠠᠷᠤᠢ ᠵᠤᠷᠪᠤᠰ ᠣᠨᠴᠠᠯᠢᠭ᠍ᠲᠤ ᠵᠢᠭᠤᠯᠴᠢᠯᠠᠯ᠎ᠤᠨ ᠵᠠᠮ ᠱᠤᠭᠤᠮ᠎ᠢ ᠭᠠᠷᠭᠠᠵᠤ᠂ 《ᠬᠠᠮᠤᠭ᠎ᠤᠨ ᠭᠣᠶᠣ᠌ 331》᠂ 《ᠮᠤᠨᠢ ᠠᠭᠤᠯᠠ ᠵᠢ ᠲᠤᠭᠤᠯᠬᠤᠢ》 ᠵᠡᠷᠭᠡ ᠥᠪᠡᠷ᠎ᠢᠶᠡᠨ ᠲᠡᠷᠭᠡ ᠵᠢᠯᠤᠭᠣᠳᠬᠤ ᠵᠠᠮ ᠱᠤᠭᠤᠮ ᠣᠯᠠᠨ᠎ᠤ ᠬᠦᠷᠢᠶᠡᠯᠡᠯ᠎ᠢ ᠶᠡᠬᠡᠳᠡ ᠣᠯᠵᠤ᠂ 《ᠲᠠᠪᠠᠭᠠᠨ ᠲᠡᠭᠡᠷᠡᠬᠢ ᠬᠢᠩᠭᠠᠨ ᠦᠩᠭᠡ ᠦᠵᠡᠮᠵᠢᠳᠤ ᠷᠠᠰᠢᠶᠠᠨ》 ᠵᠡᠷᠭᠡ 54 ᠵᠤᠷᠪᠤᠰ ᠵᠢᠭᠤᠯᠴᠢᠯᠠᠯ᠎ᠤᠨ ᠵᠠᠮ ᠱᠤᠭᠤᠮ ᠨᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠣᠳᠣᠨ ᠵᠢᠭᠤᠯᠴᠢᠯᠠᠯ᠎ᠤᠨ ᠵᠠᠮ ᠱᠤᠭᠤᠮ᠎ᠳᠤ ᠰᠣᠩᠭᠣᠭᠳᠠᠨ ᠣᠷᠣᠵᠤ᠂ ᠴᠢᠨᠠᠷ ᠰᠠᠢᠲᠠᠢ ᠬᠠᠩᠭᠠᠯᠭ᠎ᠠ᠎ᠶᠢ ᠦᠷᠭᠦᠯᠵᠢᠯᠡᠨ ᠥᠷᠭᠡᠳᠬᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠣᠷᠣᠨ ᠪᠦᠰᠡ᠎ᠶᠢᠨ ᠨᠥᠯᠥᠭᠡᠯᠡᠬᠦ ᠬᠦᠴᠦᠨ ᠪᠠ ᠳᠡᠯᠡᠬᠡᠢ ᠳᠡᠭᠡᠷᠡᠬᠢ ᠨᠡᠷ᠎ᠡ ᠠᠯᠳᠠᠷᠰᠢᠯ ᠢᠯᠡᠷᠬᠡᠢ ᠳᠡᠭᠡᠭᠰᠢᠯᠡᠪᠡ᠃ 《ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ》 ᠲᠥᠯᠥᠪᠯᠡᠭᠡ᠎ᠶᠢ ᠰᠢᠨ᠎ᠡ᠎ᠪᠡᠷ ᠡᠭᠦᠳᠦᠨ ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠨᠭᠳᠦᠢ᠍ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠵᠡᠷᠭᠡ ᠭᠣᠣᠯᠳᠠᠯᠭ᠎ᠠ᠎ᠲᠠᠢ ᠵᠢᠭᠤᠯᠴᠢᠯᠠᠭᠰᠠᠳ᠎ᠤᠨ ᠢᠷᠡᠯᠲᠡ᠎ᠶᠢᠨ ᠵᠠᠬ᠎ᠠ ᠳᠡᠯᠭᠡᠭᠦᠷ᠎ᠲᠦ ᠠᠩᠬᠠᠷᠤᠯ᠎ᠢᠶᠠᠨ ᠲᠥᠪᠯᠡᠷᠡᠭᠦᠯᠵᠤ᠂ ᠵᠢᠭᠤᠯᠴᠢᠯᠠᠯ᠎ᠤᠨ ᠲᠠᠨᠢᠯᠴᠠᠭᠤᠯᠭ᠎ᠠ ᠪᠠ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠵᠤ ᠠᠪᠴᠢᠷᠠᠬᠤ᠎ᠶᠢ ᠪᠥᠬᠥ ᠲᠠᠯ᠎ᠠ᠎ᠪᠠᠷ᠂ ᠥᠨᠳᠥᠷ ᠪᠠᠷᠢᠮᠵᠢᠶ᠎ᠠ᠎ᠪᠠᠷ᠂ ᠣᠯᠠᠨ ᠲᠠᠰ ᠳᠠᠪᠬᠤᠷᠭ᠎ᠠ᠎ᠪᠠᠷ ᠥᠷᠨᠢᠭᠦᠯᠵᠦ᠂ ᠡᠯ᠎ᠡ ᠵᠢᠯ᠎ᠦᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠵᠢᠭᠤᠯᠴᠢᠯᠠᠯ᠎ᠢ ᠳᠠᠬᠢᠨ᠎ᠢᠶᠠᠷ ᠨᠡᠮᠡᠭᠳᠡᠭᠦᠯᠬᠦ ᠲᠥᠯᠥᠪᠯᠡᠭᠡ᠎ᠶᠢ ᠪᠡᠶᠡᠯᠡᠭᠦᠯᠪᠡ᠃ 《ᠠᠶᠠᠯᠭᠤᠲᠦ ᠵᠢᠭᠤᠯᠴᠢᠯᠠᠯ ᠥᠪᠥᠷ ᠮᠣᠩᠭᠣᠯ·ᠨᠠᠭᠠᠳᠤᠮ᠎ᠤᠨ ᠪᠤᠯᠵᠤᠭ᠎ᠠ》 ᠵᠡᠷᠭᠡ ᠰᠢᠷᠢᠰ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ᠎ᠶᠢ ᠡᠷᠭᠢᠯᠡᠵᠦ᠂ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠤᠨ ᠭᠣᠣᠯ ᠵᠢᠭᠤᠯᠴᠢᠯᠠᠭᠰᠠᠳ᠎ᠤᠨ ᠢᠷᠡᠯᠲᠡ᠎ᠶᠢᠨ ᠵᠠᠬ᠎ᠠ ᠳᠡᠯᠭᠡᠭᠦᠷ᠎ᠲᠡᠬᠢ ᠲᠠᠨᠢᠨ ᠮᠡᠳᠡᠷᠡᠬᠦᠢ ᠪᠠ ᠲᠠᠲᠠᠬᠤ ᠬᠦᠴᠦᠨ᠎ᠢ ᠢᠯᠡᠳᠲᠡ ᠳᠡᠭᠡᠭᠰᠢᠯᠡᠭᠦᠯᠪᠡ᠃ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ᠎ᠶᠢᠨ ᠵᠠᠮ》 ᠤ᠋ᠨ ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭᠠᠨ᠎ᠤ ᠲᠣᠭᠲᠡᠴᠡ᠎ᠶᠢ ᠭᠦᠨᠵᠡᠭᠡᠢᠷᠡᠭᠦᠯᠵᠦ᠂ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠎ᠶᠢᠨ ᠴᠤᠭᠯᠠᠭᠠᠨ᠂ ᠳᠤᠮᠳᠠᠳᠤ ᠣᠷᠣᠰ ᠮᠣᠩᠭᠣᠯ᠎ᠤᠨ ᠬᠢᠯᠢ ᠠᠯᠤᠰᠯᠠᠭᠰᠠᠨ ᠵᠢᠭᠤᠯᠴᠢᠯᠠᠯ ᠰᠤᠳᠤᠯᠭᠠᠨ᠎ᠤ ᠤᠯᠠᠷᠢᠯ ᠵᠡᠷᠭᠡ ᠠᠵᠢᠯᠯᠠᠭ᠎ᠠ᠎ᠶᠢ ᠠᠮᠵᠢᠯᠲᠠ᠎ᠲᠠᠢ ᠡᠷᠭᠢᠯᠡᠵᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠳᠤ ᠢᠳᠡᠪᠬᠢᠲᠡᠢ ᠦᠢᠯᠡᠴᠢᠯᠡᠪᠡ᠃ ᠠᠮᠧᠷᠢᠺᠠ᠂ ᠪᠷᠠᠽᠢᠯ ᠵᠡᠷᠭᠡ ᠤᠯᠤᠰ᠎ᠲᠤ 《ᠴᠠᠢ ᠪᠠ ᠳᠡᠯᠡᠬᠡᠢ ᠳ᠋ᠠᠬᠢᠨ》 ᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠠᠩᠭ᠌ᠯᠢ᠂ ᠺᠣᠷᠢᠶᠠ ᠵᠡᠷᠭᠡ ᠤᠯᠠᠨ ᠤᠯᠤᠰ᠎ᠲᠤ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠬᠦ᠎ᠶᠢᠨ ᠬᠠᠮᠲᠤ ᠲᠤᠥᠺᠢᠤ᠋᠂ ᠰᠧᠦ᠋ᠯ᠂ ᠫᠠᠷᠢᠰ ᠵᠡᠷᠭᠡ ᠬᠤᠳᠠ᠎ᠳᠤ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ ᠪᠠᠢᠭᠤᠯᠵᠤ᠂ ᠭᠠᠳᠠᠭᠠᠳᠤ᠎ᠳᠤ ᠪᠠᠢᠩᠭᠤ ᠤᠯᠠᠮᠵᠢᠯᠠᠨ ᠲᠠᠮᠵᠢᠭᠤᠯᠬᠤ ᠰᠦᠯᠵᠢᠶ᠎ᠡ᠎ᠶᠢ ᠪᠠᠢᠭᠤᠯᠵᠤ᠂ ᠥᠪᠥᠷ ᠮᠣᠩᠭᠣᠯ᠎ᠤᠨ ᠰᠣᠶᠣᠯ᠎ᠤᠨ ᠲᠠᠲᠠᠬᠤ ᠬᠦᠴᠦᠨ ᠪᠣᠯᠣᠨ ᠵᠢᠭᠤᠯᠴᠢᠯᠠᠯ᠎ᠤᠨ ᠡᠬᠢ ᠪᠠᠶᠠᠯᠢᠭ᠋᠎ᠤᠨ ᠤᠯᠤᠰ᠎ᠤᠨ ᠬᠢᠯᠢ᠎ᠶᠢ ᠳᠠᠪᠠᠵᠤ᠂ ᠳᠡᠯᠡᠬᠡᠢ ᠳᠡᠬᠡᠷᠡᠭᠢ ᠨᠡᠷ᠎ᠡ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠲᠣᠭᠲᠠᠭᠤᠨ᠎ᠢᠶᠠᠷ ᠳᠡᠭᠡᠭᠰᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号