ᠲᠣᠭ᠎ᠠ ᠲᠤᠯᠤᠭᠠᠢ ᠨᠢ ᠪᠠᠷᠤᠭ 200 ᠲᠦᠮᠡ ᠪᠤᠯᠵᠤ ᠲᠦᠷᠦᠯ ᠲᠡᠮᠳᠡᠭ᠎ᠦᠨ ᠥᠷᠲᠡᠭ ᠨᠢ 53.73 ᠳ᠋ᠦᠩᠱᠢᠭᠤᠷ ᠲᠥᠭᠥᠷᠢᠭ᠎ᠲᠦ ᠬᠦᠷᠪᠡ — ᠤᠯᠠᠭᠠᠨᠬᠠᠳᠠ ᠪᠥᠬᠥ᠌ ᠬᠡᠯᠬᠢᠶ᠎ᠠ ᠪᠡᠷ ᠬᠦᠴᠦᠨ ᠤᠯᠭᠤᠵᠤ ᠵᠣᠣ ᠤᠳᠠ ᠬᠣᠨᠢ᠎ᠶ᠋ᠢ ᠪᠥᠬᠥ᠌ ᠤᠯᠤᠰ᠎ᠲᠦ ᠠᠯᠳᠠᠷᠱᠢᠭᠤᠯᠪᠠ
2026-01-04 09:52:11
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠬᠦᠳᠡᠭᠡ ᠠᠵᠤ ᠠᠬᠤᠢ ᠣᠶ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠎ᠶ᠋ᠢ ᠵᠡᠷᠭᠡᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠣᠲᠣ ᠦᠶ᠎ᠡ᠎ᠶ᠋ᠢᠨ ᠳᠠᠷᠢᠵᠤ ᠲᠡᠵᠢᠭᠡᠬᠦ᠌ ᠪᠠ ᠲᠦᠬᠦᠭᠡᠷᠦᠮᠵᠢᠲᠦ ᠲᠠᠷᠢᠶᠠᠯᠠᠩ᠎ᠢ ᠬᠥᠭ᠌ᠵᠢᠭᠦᠯᠵᠦ᠍᠂ ᠣᠯᠠᠨ ᠡᠱᠢᠵᠢᠭ᠌ᠰᠡᠨ ᠢᠳᠡᠭᠡᠨ᠎ᠦ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃

— 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠵᠢᠨ ᠰᠠᠨᠠᠭᠤᠯᠭ᠎ᠠ》 ᠎ᠡᠴᠡ ᠬᠡᠰᠡᠭᠯᠡᠪᠡ


2025 ᠤᠨ᠎ᠦ 12 ᠰᠠᠷ᠎ᠠ᠎ᠶ᠋ᠢᠨ 5᠎ᠤ᠋ ᠡᠳᠦᠷ᠂ ᠠᠵᠤ ᠠᠬᠤᠢᠯᠠᠯᠲᠠᠳ᠎ᠤᠨ ᠪᠥᠸᠧ ᠤᠥ ᠶᠠᠷᠢᠶᠠᠨ᠎ᠤ ᠲᠠᠪᠴᠠᠩ ᠬᠠᠢᠨᠠᠨ᠎ᠤ ᠪᠥᠸᠧ ᠤᠥ᠎ᠳᠤ ᠶᠠᠪᠤᠭ᠍ᠳᠠᠵᠤ᠂ ᠤᠯᠠᠭᠠᠨᠬᠠᠳᠠ ᠬᠣᠲᠠ᠎ᠶ᠋ᠢᠨ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ 《ᠤᠯᠠᠭᠠᠨᠬᠠᠳᠠ᠎ᠶ᠋ᠢᠨ ᠤᠬᠢ ᠰᠢᠮ᠎ᠠ ᠵᠣᠣ ᠤᠳᠠ ᠬᠣᠨᠢ》 ᠪᠠᠨ ᠠᠪᠴᠤ ᠣᠯᠠᠨ᠎ᠲᠠᠶ ᠵᠣᠯᠭᠠᠪᠠ᠃ ᠱᠢᠯᠢᠳᠡᠭ ᠡᠭᠦᠯᠳᠡᠷ᠂ ᠪᠠᠢᠭᠠᠯᠢᠯᠢᠭ᠎ᠢᠶᠡᠷ ᠲᠡᠵᠢᠭᠡᠨ ᠦᠷᠡᠵᠢᠭᠦᠯᠬᠦ᠌ ᠵᠢᠴᠢ ᠪᠥᠬᠥ᠌ ᠬᠡᠯᠬᠢᠶ᠎ᠡ ᠪᠡᠷ ᠶᠠᠰᠤ ᠴᠢᠨᠠᠷ᠎ᠢ ᠡᠵᠡᠮᠳᠡᠬᠦ᠌᠎ᠳᠦ ᠲᠦᠱᠢᠭ᠌ᠯᠡᠨ᠂ ᠵᠣᠣ ᠤᠳᠠ ᠬᠣᠨᠢ᠎ᠨᠢ ᠶᠠᠷᠢᠶᠠᠨ᠎ᠤ ᠲᠠᠪᠴᠠᠩ᠎ᠤᠨ ᠲᠠᠨᠢᠯᠴᠠᠭᠤᠯᠭ᠎ᠠ᠎ᠶ᠋ᠢᠨ ᠭᠤᠤᠯ ᠬᠢᠯᠠᠰ ᠴᠡᠭ ᠪᠣᠯᠪᠠ᠂ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠡᠯ᠎ᠡ ᠭᠠᠵᠠᠷ᠎ᠤᠨ ᠬᠤᠳᠠᠯᠳᠤᠭᠠᠴᠢᠨ᠎ᠲᠠᠶ ᠭᠦᠨᠵᠡᠭᠡᠶ ᠵᠥᠪᠳᠡᠯᠴᠡᠵᠦ᠍᠂ ᠦᠶ᠋ᠯᠡᠳᠬᠦᠨ᠎ᠦ ᠬᠠᠩᠭᠠᠯᠭ᠎ᠠ ᠪᠣᠷᠣᠯᠠᠭᠤᠯᠭ᠎ᠠ᠂ ᠠᠷᠭ᠎ᠠ ᠵᠠᠮ᠎ᠢ ᠥᠷᠭᠡᠳᠭᠡᠬᠦ᠌ ᠵᠡᠷᠭᠡ ᠲᠠᠯ᠎ᠠ᠎ᠪᠠᠷ ᠣᠯᠠᠨ ᠵᠦᠶ᠋ᠯ᠎ᠦᠨ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠵᠤ᠂ ᠡᠨᠡ ᠬᠦ᠌ ᠲᠠᠯ᠎ᠠ ᠨᠤᠲᠤᠭ᠎ᠤᠨ ᠬᠣᠪᠣᠷ ᠨᠠᠨᠳᠢᠨ ᠪᠦᠲᠦᠭᠡᠭ᠌ᠳᠡᠬᠦᠨ᠎ᠢ ᠪᠥᠬᠥ᠌ ᠤᠯᠤᠰ᠎ᠲᠤ ᠪᠣᠷᠣᠯᠠᠭᠤᠯᠬᠤ᠎ᠳᠤ ᠰᠠᠭᠤᠷᠢ ᠪᠠᠨ ᠲᠠᠯᠪᠢᠯ᠎ᠠ᠃

ᠵᠣᠣ ᠤᠳᠠ ᠬᠣᠨᠢ ᠪᠣᠯ ᠳᠤᠮᠳᠠᠳᠤ ᠤᠯᠤᠰ᠎ᠤᠨ ᠠᠩᠬᠠᠳᠠᠭ᠍ᠴᠢ ᠪᠡᠶ᠎ᠡ ᠪᠡᠨ ᠳᠠᠭᠠᠭᠠᠵᠤ ᠪᠣᠢᠵᠢᠭᠤᠯᠤᠭ᠍ᠰᠠᠨ ᠲᠠᠯ᠎ᠠ ᠨᠤᠲᠤᠭ᠎ᠤᠨ ᠬᠡᠯᠪᠡᠷᠢ᠎ᠶ᠋ᠢᠨ ᠮᠢᠬᠠᠨ᠎ᠤ ᠬᠣᠨᠢᠨ᠎ᠤ ᠡᠭᠦᠯᠳᠡᠷ ᠪᠠᠢᠵᠤ᠂ 《ᠰᠢᠨ᠎ᠡ ᠰᠣᠷᠭᠣᠭ ᠪᠦᠭᠡᠳ ᠱᠠᠩᠳᠠᠭᠤᠨ ᠪᠤᠰᠤ᠂ ᠵᠥᠭᠡᠯᠡᠨ ᠪᠦᠭᠡᠳ ᠱᠢᠩᠬᠡᠭ ᠪᠤᠰᠤ》 ᠥᠪᠡᠷᠮᠢᠴᠡ ᠠᠮᠲᠠ᠎ᠪᠠᠷ ᠠᠯᠳᠠᠷᠱᠢᠵᠠᠶ᠃ ᠤᠯᠠᠭᠠᠨᠬᠠᠳᠠ ᠬᠣᠲᠠ᠎ᠶ᠋ᠢᠨ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ  ᠵᠣᠣ ᠤᠳᠠ ᠬᠣᠨᠢ ᠡᠨᠡ ᠬᠦ᠌ ᠤᠯᠤᠰ᠎ᠤᠨ ᠭᠠᠵᠠᠷ ᠵᠦᠶ᠎ᠶ᠋ᠢᠨ ᠢᠯᠡᠷᠬᠡᠢᠯᠡᠯᠲᠦ ᠪᠦᠳᠦᠭᠡᠭᠳᠡᠭᠦᠨ᠎ᠢᠶᠡᠷ ᠭᠤᠤᠯ ᠪᠣᠯᠭᠠᠵᠤ᠂ 《ᠲᠦᠷᠦᠯ ᠲᠡᠮᠳᠡᠭ᠌᠎ᠢ ᠱᠤᠭᠤᠨ ᠬᠦᠴᠦᠷᠬᠡᠭ᠌ᠵᠢᠭᠦᠯᠵᠦ᠍᠂ ᠠᠷᠭ᠎ᠠ ᠵᠠᠮ᠎ᠢ ᠥᠷᠭᠡᠳᠭᠡᠬᠦ᠌》 ᠬᠠᠷᠠᠯᠲᠠ᠎ᠶ᠋ᠢ ᠡᠵᠡᠮᠳᠡᠵᠦ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠬᠡᠯᠬᠢᠶ᠎ᠡ᠎ᠶ᠋ᠢ ᠨᠥᠬᠥᠪᠥᠷᠢᠯᠡᠬᠦ ᠪᠡᠷ ᠳᠠᠮᠵᠢᠨ᠂ 《ᠡᠭᠦᠯᠳᠡᠷ ᠪᠣᠢᠵᠢᠭᠤᠯᠬᠤ — ᠲᠡᠵᠢᠭᠡᠨ ᠦᠷᠡᠵᠢᠭᠦᠯᠬᠦ᠌ — ᠡᠳ᠋ᠱᠢᠭᠦᠯᠬᠦ᠌ — ᠪᠣᠷᠣᠯᠠᠭᠤᠯᠬᠤ — ᠲᠦᠷᠦᠯ ᠲᠡᠮᠳᠡᠭ᠌ ᠴᠤᠭᠴᠠᠯᠠᠬᠤ》 ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠵᠦ᠍᠂ ᠲᠠᠯ᠎ᠠ ᠨᠤᠲᠤᠭ᠎ᠤᠨ ᠤᠬᠢ ᠰᠢᠮ᠎ᠠ ᠵᠢᠨ ᠥᠪᠥᠷ ᠮᠣᠩᠭᠣᠯ᠎ᠡᠴᠡ ᠭᠠᠷᠴᠤ᠂ ᠪᠥᠬᠥ᠌ ᠤᠯᠤᠰ᠎ᠲᠤ ᠬᠠᠨᠳᠤᠬᠤ᠎ᠶ᠋ᠢ ᠠᠬᠢᠭᠤᠯᠪᠠ᠃

ᠡᠭᠦᠯᠳᠡᠷ᠎ᠤᠨ ᠢᠷᠡᠯᠲᠡ ᠪᠣᠯ ᠠᠵᠤ ᠦᠢᠯᠡᠰ᠎ᠦᠨ ᠰᠠᠭᠤᠷᠢ ᠮᠥᠨ᠃ ᠤᠯᠠᠭᠠᠨᠬᠠᠳᠠ ᠬᠣᠲᠠ᠎ᠶ᠋ᠢᠨ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠪᠥᠬᠥ᠌ ᠪᠠᠯᠠ᠎ᠶ᠋ᠢᠨ ᠬᠤᠪᠢᠶᠠᠷᠢ ᠺᠣᠮᠫᠠᠨᠢ ᠪᠠᠢᠭᠤᠯᠵᠤ᠂ ᠲᠡᠭᠦᠨ᠎ᠢᠶᠡᠷ ᠠᠵᠤ ᠦᠶ᠋ᠯᠡᠰ᠎ᠦᠨ ᠬᠡᠯᠬᠢᠶᠡᠨ᠎ᠤ ᠭᠤᠤᠯᠯᠠᠭᠴᠢ ᠠᠵᠤ ᠠᠬᠤᠢᠯᠠᠯ ᠪᠣᠯᠭᠠᠵᠤ᠂ ᠤᠯᠤᠰ᠎ᠤᠨ ᠮᠢᠬᠠᠨ᠎ᠤ ᠬᠣᠨᠢᠨ᠎ᠤ ᠡᠭᠦᠯᠳᠡᠷ ᠪᠣᠢᠵᠢᠭᠤᠯᠬᠤ ᠭᠤᠤᠯ ᠲᠠᠯᠠᠪᠠᠶ — ᠥᠪᠥᠷ ᠮᠣᠩᠭᠣᠯ᠎ᠤᠨ ᠲᠠᠯ᠎ᠠ ᠨᠤᠲᠤᠭ᠎ᠤᠨ᠎ᠶ᠋ᠢᠨ ᠹᠸᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ᠎ᠲᠠᠶ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠍᠂ 《ᠮᠢᠬᠠᠨ᠎ᠤ ᠬᠣᠨᠢ ᠲᠡᠵᠢᠭᠡᠨ ᠦᠷᠡᠵᠢᠭᠦᠯᠬᠦ ᠠᠵᠤ ᠦᠢᠯᠡᠰ᠎ᠤᠨ ᠬᠣᠯᠪᠣᠭᠠᠲᠤ ᠴᠣᠭ᠍ᠴᠠ》᠎ᠶ᠋ᠢᠨ ᠵᠠᠭ᠍ᠪᠤᠷ᠎ᠲᠤ ᠲᠦᠱᠢᠭ᠌ᠯᠡᠨ ᠡᠭᠦᠯᠳᠡᠷ᠎ᠦᠨ ᠢᠷᠡᠯᠲᠡ᠎ᠶ᠋ᠢᠨ ᠰᠠᠭᠤᠷᠢ᠎ᠶ᠋ᠢ ᠪᠡᠬᠢᠵᠢᠭᠦᠯᠪᠡ᠃

《ᠪᠢᠳᠡ ᠮᠠᠯᠴᠢᠳ᠎ᠤᠨ ᠭᠠᠷ᠎ᠡᠴᠡ ᠴᠡᠪᠡᠷ ᠡᠭᠦᠯᠳᠡᠷ᠎ᠦᠨ ᠵᠣᠣ ᠤᠳᠠ ᠬᠣᠨᠢ᠎ᠶ᠋ᠢ ᠬᠤᠳᠠᠯᠳᠤᠨ ᠠᠪᠴᠤ᠌᠂ ᠴᠢᠳᠠᠮᠵᠢ᠎ᠶ᠋ᠢ᠎ᠨᠢ ᠬᠡᠮᠵᠢᠨ ᠲᠣᠭ᠍ᠲᠠᠭᠠᠭ᠍ᠰᠠᠨ᠎ᠤ ᠳᠠᠷᠠᠭ᠎ᠠ᠂ ᠴᠢᠰᠤᠨ ᠲᠥᠷᠥᠯ᠎ᠦᠨ ᠴᠠᠳᠢᠭ᠎ᠤᠨ ᠪᠦᠷᠢᠨ ᠲᠠᠩᠰᠠ ᠡᠪᠬᠡᠮᠡᠯ᠎ᠢ ᠪᠠᠢᠭᠤᠯᠵᠤ᠂ ᠳᠠᠬᠢᠨ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠲᠡᠶ ᠬᠠᠮᠲᠤ᠎ᠪᠠᠷ ᠱᠢᠭ᠌ᠰᠢᠨ ᠰᠣᠩᠭᠣᠵᠤ᠂ ᠨᠢᠭᠡ ᠪᠦᠯᠦᠭ᠎ᠢ᠎ᠨᠢ ᠦᠯᠡᠳᠡᠭᠡᠨ ᠡᠭᠦᠯᠳᠡᠷ ᠪᠣᠢᠵᠢᠭᠤᠯᠵᠤ᠂ ᠪᠤᠰᠤᠳ᠎ᠢ᠎ᠨᠢ ᠡᠳ᠋ᠱᠢᠭᠦᠯᠦᠨ ᠪᠣᠷᠣᠯᠠᠭᠤᠯᠵᠤ᠂ ᠪᠥᠬᠥ᠌ ᠶᠠᠪᠤᠴᠠ᠎ᠳᠤ ᠲᠣᠭᠠᠴᠢᠯᠠᠬᠤ ᠵᠢᠷᠤᠮ᠎ᠢᠶᠡᠷ ᠡᠬᠢ ᠡᠭᠦᠰᠦᠯ᠎ᠢ ᠨᠢ ᠮᠥᠷᠳᠡᠵᠦ᠍ ᠪᠣᠯᠤᠨ᠎ᠠ》 ᠭᠡᠵᠦ ᠲᠠᠯ᠎ᠠ ᠨᠤᠲᠤᠭ᠎ᠤᠨ ᠵᠢᠨ ᠹᠧᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢ ᠷᠦᠢ ᠲᠠᠨᠢᠯᠴᠠᠭᠤᠯᠪᠠ᠃

2025 ᠣᠨ᠎ᠳᠤ᠂ ᠤᠯᠠᠭᠠᠨᠬᠠᠳᠠ ᠬᠣᠲᠠ᠎ᠶ᠋ᠢᠨ ᠲᠠᠷᠢᠶᠠᠯᠠᠩ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠨᠢ ᠵᠢᠩ ᠪᠦᠷᠢ᠎ᠳᠡᠭᠡᠨ ᠵᠠᠬ᠎ᠠ ᠳᠡᠯᠭᠡᠭᠦᠷ᠎ᠦᠨ ᠦᠨ᠎ᠡ᠎ᠡᠴᠡ 2 ᠲᠥᠭᠥᠷᠢᠭ ᠥᠨᠳᠥᠷ ᠦᠨ᠎ᠡ᠎ᠪᠡᠷ 500 ᠭᠠᠷᠤᠶ ᠴᠡᠪᠡᠷ ᠡᠭᠦᠯᠳᠡᠷ᠎ᠦᠨ ᠵᠣᠣ ᠤᠳᠠ ᠬᠣᠨᠢ᠎ᠶ᠋ᠢ ᠬᠤᠳᠠᠯᠳᠤᠨ ᠠᠪᠴᠤ᠌᠂ ᠮᠠᠯᠴᠢᠳ᠎ᠲᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠠᠱᠢᠭ᠎ᠢ ᠦᠨᠡᠨ ᠬᠦ᠌ ᠡᠳ᠋ᠯᠡᠭᠦᠯᠪᠡ᠃

ᠡᠭᠦᠯᠳᠡᠷ᠎ᠤᠨ ᠢᠷᠡᠯᠲᠡ᠎ᠶ᠋ᠢᠨ ᠰᠠᠭᠤᠷᠢ ᠪᠠᠲᠤ ᠪᠠᠬᠢ ᠪᠣᠯᠵᠣ᠂ ᠲᠡᠵᠢᠭᠡᠨ ᠦᠷᠡᠵᠢᠭᠦᠯᠬᠦ᠌ ᠦᠵᠦᠭᠦᠷᠯᠢᠭ᠎ᠦᠨ ᠠᠵᠤ ᠦᠶ᠋ᠯᠡᠰ᠎ᠦᠨ ᠠᠱᠢᠭ ᠴᠤ᠌ ᠦᠷᠭᠦᠯᠵᠢᠯᠡᠨ ᠢᠯᠡᠷᠡᠪᠡ᠃ ᠲᠤᠰ ᠪᠦᠯᠦᠭᠯᠡᠯ ᠨᠢ ᠴᠡᠪᠡᠷ ᠡᠭᠦᠯᠳᠡᠷ᠎ᠦᠨ ᠬᠣᠨᠢ᠎ᠳᠤ ᠠᠩᠬᠠᠷᠤᠯ᠎ᠢᠶᠠᠨ ᠬᠠᠨᠳᠤᠭᠤᠯᠤᠭᠰᠠᠨ ᠲᠡᠳᠦᠢ ᠦᠭᠡᠢ᠂ ᠬᠠᠷᠠᠴᠠ ᠪᠠᠨ ᠬᠤᠶᠠᠷ ᠡᠰᠢᠲᠦ ᠡᠷᠯᠢᠰᠡᠵᠢᠭᠦᠯᠦᠭᠰᠡᠨ ᠵᠤᠤ ᠤᠳᠠ ᠬᠤᠨᠢ ᠲᠡᠵᠢᠭᠡᠨ ᠦᠷᠡᠵᠢᠭᠦᠯᠬᠦ᠎ᠳᠤ ᠬᠠᠨᠳᠤᠭᠤᠯᠵᠤ᠂ ᠬᠡᠰᠢᠭᠲᠡᠨ ᠬᠤᠰᠢᠭᠤ᠂ ᠯᠢᠨᠰᠢ ᠰᠢᠶᠠᠨ ᠵᠡᠷᠭᠡ ᠭᠠᠵᠠᠷ᠎ᠤᠨ ᠲᠡᠵᠢᠭᠡᠨ ᠦᠷᠡᠵᠢᠭᠦᠯᠬᠦ ᠡᠷᠦᠬᠡ ᠨᠤᠭᠦᠳ ᠲᠠᠢ ᠬᠤᠳᠠᠯᠳᠤᠨ ᠠᠪᠬᠤ ᠬᠡᠯᠡᠯᠴᠡᠭᠡᠷ ᠲᠤᠭᠲᠠᠵᠤ᠂ ᠵᠢᠩ ᠪᠦᠷᠢ᠎ᠳᠡᠭᠡᠨ ᠵᠠᠬ᠎ᠠ ᠳᠡᠯᠭᠡᠭᠦᠷ᠎ᠤᠨ ᠦᠨ᠎ᠡ᠎ᠡᠴᠡ 1 ᠲᠥᠭᠥᠷᠢᠭ ᠦᠨ᠎ᠡ᠎ᠪᠡᠷ ᠪᠦᠬᠦ᠌ ᠵᠢᠯ᠎ᠳᠦ 2500 ᠭᠠᠷᠤᠢ ᠬᠤᠶᠠᠷ ᠡᠰᠢᠲᠦ ᠡᠷᠯᠢᠰᠡᠵᠢᠭᠦᠯᠦᠭᠰᠡᠨ ᠵᠤᠤ ᠤᠳᠠ ᠬᠣᠨᠢ᠎ᠶ᠋ᠢ ᠬᠤᠳᠠᠯᠳᠤᠨ ᠠᠪᠴᠤ᠌᠂ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢ ᠳᠠᠮ᠎ᠢᠶᠠᠷ ᠨᠡᠮᠡᠭ᠌ᠳᠡᠭᠦᠯᠪᠡ᠃

ᠲᠣᠰ ᠪᠦᠯᠦᠭ᠌ᠯᠡᠯ᠎ᠦᠨ ᠠᠵᠤ ᠦᠶ᠋ᠯᠡᠰ᠎ᠦᠨ ᠨᠡᠭᠡᠭᠡᠨ ᠬᠥᠭ᠌ᠵᠢᠭᠦᠯᠦᠯᠲᠡ ᠬᠢᠭᠡᠳ ᠮᠡᠷᠭᠡᠵᠢᠯ᠎ᠦᠨ ᠦᠶ᠋ᠯᠡᠴᠢᠯᠡᠭᠡᠨ᠎ᠦ ᠬᠡᠯᠳᠡᠰ᠎ᠤᠨ ᠳᠡᠳ᠋ ᠲᠠᠷᠤᠭ᠎ᠠ ᠸᠠᠩ ᠶᠠᠩ ᠲᠠᠨᠢᠯᠴᠠᠭᠤᠯᠬᠤ᠎ᠳᠠᠭᠠᠨ᠂ 《ᠺᠣᠮᠫᠠᠨᠢ + ᠬᠣᠷᠱᠢᠶ᠎ᠠ + ᠮᠠᠯᠴᠢᠨ ᠲᠠᠷᠢᠶᠠᠴᠢᠨ》 ᠎ᠤ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ ᠪᠠᠢᠭᠤᠯᠬᠤ᠎ᠪᠠᠷ ᠳᠠᠮᠵᠢᠭᠤᠯᠤᠨ᠂ 1200 ᠭᠠᠷᠤᠶ ᠡᠷᠦᠬᠡ ᠮᠠᠯᠴᠢᠨ ᠲᠠᠷᠢᠶᠠᠴᠢᠨ᠎ᠢ ᠳᠠᠢᠴᠢᠯᠠᠨ ᠲᠡᠵᠢᠭᠡᠨ ᠦᠷᠡᠵᠢᠭᠦᠯᠬᠦ᠌ ᠦᠶ᠋ᠯᠡᠰ᠎ᠲᠦ ᠣᠷᠣᠯᠴᠠᠭᠤᠯᠵᠤ᠂ ᠡᠷᠦᠬᠡ ᠳᠤᠮᠳᠠᠴᠢ ᠵᠢᠨ ᠣᠷᠣᠯᠭ᠎ᠠ᠎ᠶ᠋ᠢ 3 ᠲᠦᠮᠡᠨ ᠲᠥᠭᠥᠷᠢᠭ᠎ᠡᠴᠡ ᠳᠡᠭᠡᠭ᠌ᠰᠢ ᠨᠡᠮᠡᠭ᠌ᠳᠡᠭᠦᠯᠪᠡ ᠭᠡᠵᠡᠢ᠃

ᠬᠡᠱᠢᠭ᠌ᠲᠡᠨ ᠬᠣᠱᠢᠭᠤᠨ᠎ᠤ ᠪᠢᠷᠠᠭᠤ ᠪᠠᠯᠭᠠᠰᠤᠨ᠎ᠤ ᠾᠧ ᠢ ᠲᠣᠰᠭᠣᠨ᠎ᠳᠤ᠂ ᠲᠤᠰ ᠪᠦᠯᠦᠭ᠌ᠯᠡᠯ᠎ᠦᠨ 1000 ᠭᠠᠷᠤᠢ ᠮᠦ᠍ ᠪᠡᠯᠴᠢᠭᠡᠷ᠎ᠢ ᠭᠦᠢᠯᠭᠡᠭᠡᠨ ᠳ᠋ᠦ ᠤᠷᠤᠭᠤᠯᠵᠤ ᠪᠠᠢᠭᠤᠯᠤᠭᠰᠠᠨ ᠪᠠᠷᠢᠮᠵᠢᠶᠠᠵᠢᠭ᠍ᠰᠠᠨ ᠮᠠᠯᠵᠢᠯ᠎ᠤᠨ ᠲᠠᠯᠠᠪᠠᠢ᠎ᠳᠤ᠂ 300 ᠭᠠᠷᠤᠢ ᠵᠤᠤ ᠤᠳᠠ ᠬᠤᠨᠢ 《ᠪᠡᠯᠴᠢᠭᠡᠷᠯᠡᠭᠦᠯᠬᠦ᠌ + ᠬᠠᠱᠢᠶᠠᠯᠠᠨ ᠲᠡᠵᠢᠭᠡᠬᠦ᠌》 ᠵᠠᠭ᠍ᠪᠤᠷ ᠳᠣᠣᠷ᠎ᠠ ᠲᠠᠷᠭᠤ ᠬᠦᠴᠦᠳᠡᠢ ᠪᠤᠮᠪᠠᠯᠵᠠᠨ᠎ᠠ᠃ 《ᠬᠣᠵᠢᠮ ᠢᠵᠢ ᠪᠦᠷᠢᠳᠦᠭᠦᠯᠬᠦ᠌ ᠲᠥᠬᠥᠭᠡᠷᠦᠮᠵᠢ ᠲᠡᠭᠦᠯᠳᠡᠷᠵᠢᠭ᠌ᠰᠡᠨ᠎ᠦ ᠳᠠᠷᠠᠭ᠎ᠠ᠂ ᠡᠨᠳᠡᠬᠢ ᠲᠡᠵᠢᠭᠡᠨ ᠦᠷᠡᠵᠢᠭᠦᠯᠬᠦ᠌ ᠬᠡᠪᠴᠢᠶ᠎ᠡ 1 ᠲᠦᠮᠡ᠎ᠳᠦ ᠬᠥᠷᠬᠥ᠌ ᠪᠣᠯᠤᠨ᠎ᠠ᠂ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ ᠦᠢᠯᠡᠰ ᠨᠢ ᠠᠵᠤ ᠦᠢᠯᠡᠰ᠎ᠦᠨ ᠬᠡᠯᠬᠢᠶ᠎ᠡ᠎ᠳᠦ ᠲᠣᠭ᠍ᠲᠠᠪᠤᠷᠢᠳᠠᠢ᠂ ᠴᠢᠨᠠᠷ ᠰᠠᠢᠲᠠᠢ ᠪᠠᠷᠠᠭᠠᠨ᠎ᠤ ᠢᠷᠡᠯᠲᠡ᠎ᠶ᠋ᠢᠨ ᠲᠤᠯᠭᠠᠭᠤᠷᠢᠯᠠᠯ ᠬᠠᠩᠭᠠᠬᠤ ᠪᠣᠯᠤᠨ᠎ᠠ》 ᠭᠡᠵᠦ  ᠸᠠᠩ ᠶᠠᠩ ᠢᠯᠡᠳᠭᠡᠪᠡ᠃

ᠮᠠᠯᠵᠢᠯ᠎ᠤᠨ ᠲᠠᠯᠠᠪᠠᠢ᠎ᠡᠴᠡ ᠬᠣᠭᠣᠯᠠᠨ ᠱᠢᠷᠡᠭᠡ ᠬᠦᠷᠲᠡᠯ᠎ᠡ᠂ ᠡᠳ᠋ᠱᠢᠭᠦᠯᠬᠦ᠌ ᠭᠣᠭ᠍ᠴᠣᠭ᠎ᠠ ᠪᠣᠯ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌᠎ᠶ᠋ᠢᠨ ᠵᠠᠩᠭᠢᠯᠠᠭ᠎ᠠ ᠪᠣᠯᠤᠨ᠎ᠠ᠃ ᠲᠤᠰ ᠪᠦᠯᠦᠭ᠌ᠯᠡᠯ ᠨᠢ ᠬᠡᠱᠢᠭ᠌ᠲᠡᠨ ᠬᠣᠱᠢᠭᠤᠨ᠎ᠤ ᠬᠣᠶᠠᠷ ᠪᠠᠷᠢᠮᠵᠢᠶᠠᠵᠢᠭ᠍ᠰᠠᠨ ᠨᠢᠲᠤᠯᠵᠤ ᠡᠳ᠋ᠱᠢᠭᠦᠯᠬᠦ᠌ ᠦᠢᠯᠡᠳᠪᠦᠷᠢ᠎ᠲᠡᠶ ᠤᠷᠳᠤ ᠬᠤᠭᠤᠴᠠᠭᠠᠨ᠎ᠤ ᠬᠠᠮᠲᠤᠷᠠᠯᠴᠠᠭ᠎ᠠ ᠪᠠᠢᠭᠤᠯᠵᠤ᠂ ᠲᠣᠭ᠍ᠲᠠᠭ᠍ᠰᠠᠨ ᠴᠡᠭ᠎ᠲᠦ ᠨᠢᠲᠤᠯᠵᠤ᠂ ᠨᠠᠷᠢᠯᠢᠭ ᠰᠠᠯᠭᠠᠵᠤ᠂ ᠪᠣᠭᠣᠳᠠᠯᠯᠠᠬᠤ᠎ᠶ᠋ᠢ ᠵᠢᠷᠤᠮᠵᠢᠭᠤᠯᠵᠤ᠂ ᠬᠢᠵᠢᠭ᠎ᠦᠨ ᠪᠠᠢᠴᠠᠭᠠᠯᠲᠠ ᠱᠢᠯᠭᠠᠨ ᠪᠠᠢᠴᠠᠭᠠᠯᠲᠠ᠎ᠶ᠋ᠢᠨ ᠵᠢᠷᠤᠮᠵᠢᠯ᠎ᠤᠨ ᠶᠠᠪᠤᠴᠠ᠎ᠶ᠋ᠢ ᠴᠢᠩᠭ᠎ᠠ ᠬᠡᠷᠡᠭ᠌ᠵᠢᠭᠦᠯᠵᠦ᠍᠂ ᠪᠦᠬᠦ᠌ ᠶᠠᠪᠤᠴᠠ᠎ᠳᠤ ᠮᠢᠬᠠᠨ᠎ᠤ ᠵᠦᠢᠯ᠎ᠦᠨ ᠠᠮᠤᠷ ᠲᠦᠪᠱᠢᠨ᠎ᠢ ᠮᠥᠷᠳᠡᠵᠦ᠍ ᠪᠣᠯᠬᠤ᠎ᠶ᠋ᠢ ᠪᠠᠲᠤᠯᠠᠪᠠ᠃

《ᠪᠠᠷᠢᠮᠵᠢᠶᠠᠵᠢᠭ᠍ᠰᠠᠨ ᠨᠢᠲᠤᠯᠵᠤ ᠡᠳ᠋ᠱᠢᠭᠦᠯᠬᠦ᠌ ᠭᠣᠭ᠍ᠴᠣᠭ᠎ᠠ᠎ᠳᠤ᠂ ᠪᠢᠳᠡ 〈6 ᠴᠠᠭ᠎ᠤᠨ ᠳᠣᠲᠣᠷ᠎ᠠ ᠱᠢᠨ᠎ᠡ ᠰᠣᠷᠭᠣᠭ᠎ᠢ ᠪᠠᠳᠤᠯᠠᠨ ᠬᠠᠳᠠᠭᠠᠯᠠᠬᠤ〉 ᠪᠠᠷᠢᠮᠵᠢᠶ᠎ᠠ᠎ᠶ᠋ᠢ ᠴᠢᠩᠭ᠎ᠠ ᠦᠶ᠋ᠯᠡᠳᠦᠯᠭᠡᠵᠢᠭᠦᠯᠬᠦ᠌᠎ᠶ᠋ᠢᠨ ᠬᠠᠮᠲᠤ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠳᠦ ᠴᠢᠭ᠌ᠯᠡᠭᠦᠯᠦᠨ᠂ 20 ᠭᠠᠷᠤᠶ ᠲᠥᠷᠥᠯ ᠵᠦᠶ᠋ᠯ ᠵᠢᠡᠷ ᠨᠠᠷᠢᠯᠢᠭ᠍ᠵᠢᠭᠤᠯᠤᠨ ᠰᠠᠯᠭᠠᠵᠤ᠂ ᠬᠡᠷ ᠪᠦᠯᠢ᠂ ᠢᠳᠡᠭᠡᠨ ᠤᠮᠳᠠᠭᠠᠨ᠂ ᠪᠡᠯᠡᠭ ᠰᠡᠯᠲᠡ ᠵᠡᠷᠭᠡ ᠣᠯᠠᠨ ᠡᠱᠢᠲᠦ ᠬᠡᠷᠡᠭ᠌ᠴᠡᠭᠡ᠎ᠶ᠋ᠢ ᠬᠠᠩᠭᠠᠪᠠ᠃ ᠪᠥᠬᠥ᠌ ᠤᠯᠤᠰ᠎ᠤᠨ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡᠨ᠎ᠦ ᠰᠦᠯᠵᠢᠶ᠎ᠡ᠎ᠳᠦ ᠲᠦᠱᠢᠭ᠌ᠯᠡᠨ᠂ 72 ᠴᠠᠭ᠎ᠤᠨ ᠳᠣᠲᠣᠷ᠎ᠠ ᠪᠥᠬᠥ᠌ ᠤᠯᠤᠰ᠎ᠤᠨ ᠭᠤᠤᠯ ᠪᠣᠯᠬᠤ ᠬᠣᠲᠠ᠎ᠳᠤ ᠳᠣᠭᠢᠷᠠᠭᠤᠯᠤᠨ ᠬᠦᠷᠭᠡᠬᠦ᠌᠎ᠶ᠋ᠢ ᠪᠡᠶᠡᠯᠡᠭᠦᠯᠵᠦ᠍᠂ ᠵᠦᠶ᠋ᠯ ᠪᠦᠷᠢ᠎ᠶ᠋ᠢᠨ ᠦᠶ᠋ᠯᠡᠳᠬᠦᠨ᠎ᠳᠦ ᠴᠥᠮ ᠢᠷᠡᠯᠲᠡ᠎ᠶ᠋ᠢ᠎ᠨᠢ ᠮᠥᠷᠳᠡᠬᠦ᠌ ᠺᠣᠳ᠋ ᠳᠠᠭᠠᠯᠳᠤᠭᠤᠯᠵᠤ᠂ ᠢᠷᠡᠯᠲᠡ᠎ᠶ᠋ᠢ᠎ᠨᠢ ᠪᠠᠢᠴᠠᠭᠠᠵᠤ ᠳᠡᠢᠯᠬᠦ᠌᠂ ᠶᠠᠰᠤ ᠴᠢᠨᠠᠷ᠎ᠢ᠎ᠨᠢ ᠭᠡᠷᠡᠴᠢᠯᠡᠵᠦ᠍ ᠳᠡᠢᠯᠬᠦ᠌᠎ᠶ᠋ᠢ ᠪᠡᠶᠡᠯᠡᠭᠦᠯᠪᠡ》 ᠭᠡᠵᠦ᠍ ᠲᠣᠰ ᠪᠦᠯᠦᠭ᠌ᠯᠡᠯ᠎ᠦᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠶᠡᠷᠦᠩᠬᠡᠶ ᠳᠠᠭᠠᠭᠠᠮᠠᠯ ᠰᠥᠩ ᠸᠧᠶ ᠭᠠᠩ ᠲᠠᠨᠢᠯᠴᠠᠭᠤᠯᠪᠠ᠃

ᠪᠣᠷᠣᠯᠠᠭᠤᠯᠬᠤ ᠵᠠᠮ᠎ᠢᠶᠠᠨ ᠥᠷᠭᠡᠳᠭᠡᠵᠦ᠍ ᠲᠦᠷᠦᠯ ᠲᠡᠮᠳᠡᠭ᠎ᠢ ᠠᠯᠳᠠᠷᠰᠢᠭᠤᠯᠬᠤ᠎ᠳᠤ ᠬᠦᠴᠦᠨ ᠨᠡᠮᠡᠷᠢᠯᠡᠪᠠ᠃ ᠲᠣᠰ ᠪᠦᠯᠦᠭ᠌ᠯᠡᠯ 《ᠤᠯᠠᠭᠠᠨᠬᠠᠳᠠ᠎ᠶ᠋ᠢᠨ ᠤᠬᠢ ᠰᠢᠮ᠎ᠠ》 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡ ᠵᠢᠨ ᠲᠦᠷᠦᠯ ᠲᠡᠮᠳᠡᠭ᠎ᠲᠦ ᠲᠦᠱᠢᠭ᠌ᠯᠡᠨ᠂ ᠰᠦᠯᠵᠢᠶᠡᠨ ᠲᠡᠭᠡᠷ᠎ᠠ ᠪᠠ ᠪᠤᠳᠠᠳᠤ ᠴᠤᠭᠴᠠ ᠬᠤᠤᠰ ᠴᠢᠭ᠌ᠯᠡᠯ᠎ᠢᠶᠡᠷ ᠬᠦᠴᠦᠯᠡᠵᠦ᠍ ᠪᠣᠶ᠃ ᠰᠦᠯᠵᠢᠶᠡᠨ ᠳᠡᠭᠡᠷ᠎ᠡ ᠴᠤᠤᠷᠢᠶ᠎ᠠ᠂ ᠱᠢᠶᠤᠤ ᠬᠣᠩ ᠱᠤ᠌᠂ ᠵᠢᠩ ᠳ᠋ᠦᠩ ᠵᠡᠷᠭᠡ ᠱᠢᠨ᠎ᠡ ᠵᠠᠭᠤᠴᠢᠯᠠᠭᠤᠷ᠎ᠤᠨ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ ᠪᠠᠢᠭᠤᠯᠵᠤ᠂ ᠣᠬᠣᠷ ᠸᠢᠳᠢᠣ᠋᠂ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠪᠤᠷᠤᠯᠠᠭᠤᠯᠬᠤ ᠵᠡᠷᠭᠡ ᠬᠡᠯᠪᠡᠷᠢ᠎ᠪᠡᠷ ᠲᠦᠷᠦᠯ ᠲᠡᠮᠳᠡᠭ᠎ᠦᠨ ᠦᠯᠢᠭᠡᠷ᠎ᠢ ᠰᠠᠢᠲᠤᠷ ᠶᠠᠷᠢᠵᠤ᠂ 《ᠰᠠᠢᠨ ᠠᠭᠤᠯᠭ᠎ᠠ᠎ᠶᠢ ᠤᠬᠠᠭᠤᠯᠵᠤ — ᠱᠢᠭᠤᠳ ᠨᠡᠪᠲᠡᠷᠡᠭᠦᠯᠭᠡ᠎ᠪᠡᠷ ᠬᠡᠷᠡᠭᠯᠡᠭᠴᠢᠳ ᠢ᠋ ᠲᠠᠳᠠᠵᠤ — ᠴᠠᠭ ᠲᠤᠬᠠᠢ᠎ᠳᠤᠨᠢ ᠤᠨᠳᠤᠤᠱᠢᠭᠤᠯᠬᠤ》 ᠡᠵᠡᠩᠨᠡᠨ ᠪᠣᠷᠣᠯᠠᠭᠤᠯᠬᠤ ᠴᠠᠭᠠᠷᠢᠭ ᠪᠠᠢᠭᠤᠯᠪᠠ; ᠪᠤᠳᠠᠳᠤ ᠴᠤᠭᠴᠠ ᠳ᠋ᠦ 《ᠵᠤᠤ ᠤᠳᠠ ᠬᠤᠨᠢ ᠵᠢᠨ ᠨᠠᠷᠢᠯᠢᠭ ᠦᠶ᠋ᠯᠡᠳᠭᠡᠯ᠎ᠦᠨ ᠠᠮᠲᠠᠲᠤ ᠢᠳᠡᠭᠡᠨ᠎ᠦ ᠠᠭᠤᠳᠠᠮ ᠲᠠᠯᠠᠪᠠᠶ》 ᠶ᠋ᠢ ᠪᠠᠢᠭᠤᠯᠵᠤ᠂ ᠭᠦᠨᠵᠡᠭᠡᠢᠷᠡᠨ ᠪᠡᠶᠡᠴᠢᠯᠡᠨ ᠣᠢᠯᠠᠭᠠᠬᠤ ᠪᠠᠢᠳᠠᠯ᠎ᠢ ᠪᠣᠶ ᠪᠣᠯᠭᠠᠵᠤ᠂ 《ᠪᠡᠶᠡᠴᠢᠯᠡᠨ ᠣᠢᠯᠠᠭᠠᠪᠠᠯ ᠳᠠᠷᠤᠶ ᠬᠤᠳᠠᠯᠳᠤᠨ ᠠᠪᠬᠤ》 ᠶ᠋ᠢ ᠪᠡᠶᠡᠯᠡᠭᠦᠯᠬᠦ᠌᠎ᠶ᠋ᠢᠨ ᠬᠠᠮᠲᠤ ᠬᠣᠲᠠ᠎ᠶ᠋ᠢᠨ ᠲᠣᠭᠣᠷᠢᠭ᠎ᠲᠤ ᠵᠣᠣ ᠤᠳᠠ ᠬᠣᠨᠢᠨ ᠮᠢᠬᠠᠨ᠎ᠤ ᠬᠠᠯᠠᠭᠤᠨ ᠲᠣᠭᠣᠭᠠᠨ᠎ᠤ ᠳᠡᠯᠭᠡᠭᠦᠷ ᠭᠠᠷᠭᠠᠪᠠ᠃

2025 ᠣᠨ᠎ᠳᠤ᠂ ᠵᠣᠣ ᠤᠳᠠ ᠬᠣᠨᠢᠨ᠎ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ᠎ᠶ᠋ᠢᠨ ᠵᠤᠭᠤᠰ᠎ᠤᠨ ᠲᠤᠭ᠎ᠠ 100 ᠲᠦᠮᠡᠨ ᠲᠥᠭᠥᠷᠢᠭ᠎ᠢ ᠳᠠᠪᠠᠵᠤ᠂ ᠪᠥᠬᠥ᠌ ᠵᠢᠯ᠎ᠳᠦ ᠵᠠᠭᠤ ᠭᠠᠷᠤᠶ ᠲᠠᠯᠠᠪᠠᠶ ᠱᠢᠭᠤᠳ ᠨᠡᠪᠲᠡᠷᠡᠭᠦᠯᠵᠦ᠍᠂ 500 ᠲᠦᠮᠡᠨ ᠬᠥᠮᠦᠨ ᠤᠳᠠᠭ᠎ᠠ᠎ᠶ᠋ᠢᠨ ᠤᠷᠤᠰᠴᠠ᠎ᠶ᠋ᠢ ᠲᠠᠲᠠᠪᠠ᠃

ᠪᠦᠬᠦ᠌ ᠬᠡᠯᠬᠢᠶ᠎ᠡ᠎ᠪᠡᠷ ᠬᠦᠴᠦᠯᠡᠵᠦ᠍᠂ ᠠᠩᠬ᠎ᠠ ᠠᠯᠬᠤᠮ ᠦᠷ᠎ᠡ ᠪᠦᠲᠦᠮᠵᠢ ᠢᠯᠡᠷᠡᠪᠡ᠃ ᠣᠳᠣᠬᠠᠨ᠎ᠳᠤ᠂ ᠤᠯᠠᠭᠠᠨᠬᠠᠳᠠ ᠬᠣᠲᠠ᠎ᠶ᠋ᠢᠨ ᠵᠣᠣ ᠤᠳᠠ ᠬᠣᠨᠢᠨ᠎ᠤ ᠲᠣᠭ᠎ᠠ 200 ᠲᠦᠮᠡ ᠱᠢᠬᠠᠮ ᠪᠣᠯᠵᠣ᠂ 2025 ᠣᠨ᠎ᠳᠤ ᠲᠦᠷᠦᠯ ᠲᠡᠮᠳᠡᠭ᠌᠎ᠤᠨ ᠥᠷᠲᠡᠭ᠎ᠨᠢ 53.73 ᠳ᠋ᠦᠩᠱᠢᠭᠤᠷ ᠲᠥᠭᠥᠷᠢᠭ ᠪᠤᠯᠵᠤ ᠳᠡᠭᠡᠭ᠌ᠰᠢᠯᠡᠪᠠ᠃

《ᠪᠢᠳᠠ ᠵᠤᠤ ᠤᠳᠠ ᠬᠤᠨᠢᠨ᠎ᠤ ᠠᠵᠤ ᠦᠢᠯᠡᠰ᠎ᠦᠨ ᠭᠤᠷᠪᠠᠨ ᠶᠡᠬᠡ ᠲᠡᠰ ᠳᠡᠪᠱᠢᠬᠦ᠌᠎ᠶ᠋ᠢ ᠦᠷᠭᠦᠯᠵᠢᠯᠡᠨ ᠠᠬᠢᠭᠤᠯᠤᠨ᠎ᠠ᠃ ᠡᠭᠦᠯᠳᠡᠷ ᠪᠣᠢᠵᠢᠭᠤᠯᠬᠤ ᠳᠠᠪᠠᠭᠤᠯᠢᠭ᠎ᠢᠶᠠᠨ ᠪᠡᠬᠢᠵᠢᠭᠦᠯᠵᠦ᠍᠂ ᠣᠶᠤᠨᠴᠢ ᠲᠡᠵᠢᠭᠡᠨ ᠦᠷᠡᠵᠢᠭᠦᠯᠬᠦ᠌ ᠪᠠ ᠡᠳ᠋ᠱᠢᠭᠦᠯᠬᠦ᠌ ᠤᠷ᠎ᠠ ᠮᠡᠷᠭᠡᠱᠢᠯ᠎ᠦᠨ ᠱᠢᠨ᠎ᠡ᠎ᠶ᠋ᠢ ᠡᠭᠦᠳᠴᠦ᠍᠂ ᠥᠨᠳᠥᠷ ᠨᠡᠮᠡᠯᠲᠡ ᠥᠷᠲᠡᠭ᠎ᠪᠦᠬᠦᠢ ᠦᠶ᠋ᠯᠡᠳᠬᠦᠨ᠎ᠢ ᠨᠡᠭᠡᠭᠡᠨ ᠬᠥᠭ᠌ᠵᠢᠭᠦᠯᠦᠨ᠎ᠡ; ᠡᠵᠡᠩᠨᠡᠨ ᠪᠣᠷᠣᠯᠠᠭᠤᠯᠬᠤ᠎ᠶ᠋ᠢ ᠱᠢᠯᠢᠳᠡᠭ᠌ᠵᠢᠭᠦᠯᠵᠦ᠍᠂ ᠰᠦᠯᠵᠢᠶᠡᠨ ᠳᠡᠭᠡᠷ᠎ᠡ ᠡᠯᠧᠺᠲ᠋ᠷᠣᠨ ᠬᠤᠳᠠᠯᠳᠤᠭ᠎ᠠ ᠬᠢᠭᠡᠳ ᠠᠭᠤᠯᠭ᠎ᠠ᠎ᠶ᠋ᠢᠨ ᠡᠵᠡᠩᠨᠡᠨ ᠪᠣᠷᠣᠯᠠᠭᠤᠯᠬᠤ᠎ᠶ᠋ᠢ ᠭᠦᠨᠵᠡᠭᠡᠢᠷᠡᠭᠦᠯᠵᠦ᠍᠂ ᠪᠤᠳᠠᠳᠤ ᠴᠤᠭᠴᠠ ᠳ᠋ᠦ ᠨᠡᠢᠭᠡᠮ ᠲᠣᠭᠣᠷᠢᠭ᠎ᠤᠨ ᠳᠡᠯᠭᠡᠭᠦᠷ᠂ ᠣᠨᠴᠠᠯᠢᠭ᠍ᠲᠤ ᠬᠠᠯᠠᠭᠤᠨ ᠲᠣᠭᠣᠭᠠᠨ᠎ᠤ ᠳᠡᠯᠭᠡᠭᠦᠷ᠎ᠢ ᠪᠠᠢᠷᠢᠱᠢᠭᠤᠯᠵᠤ᠂ IP ᠠᠵᠢᠯ ᠲᠥᠷᠥᠯ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠬᠠᠢᠨ ᠰᠦᠪᠡᠭ᠌ᠴᠢᠯᠡᠵᠦ᠍᠂ ᠨᠠᠩ ᠣᠯᠠᠨ ᠵᠠᠯᠠᠭᠤ ᠬᠡᠷᠡᠭ᠌ᠯᠡᠭᠡ ᠵᠢᠨ ᠬᠠᠮᠳᠤ ᠤᠯᠠᠨ᠎ᠲᠠᠶ ᠲᠠᠨᠢᠯᠴᠠᠨ᠎ᠠ; ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ᠎ᠶ᠋ᠢᠨ ᠠᠭᠤᠰᠤᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠵᠦ᠍᠂ ᠲᠡᠵᠢᠭᠡᠨ ᠦᠷᠡᠵᠢᠭᠦᠯᠬᠦ᠌᠎ᠶ᠋ᠢ ᠪᠡᠶᠡᠴᠢᠯᠡᠨ ᠣᠢᠯᠠᠭᠠᠬᠤ᠂ ᠲᠠᠯ᠎ᠠ ᠨᠤᠲᠤᠭ᠎ᠤᠨ ᠠᠮᠲᠠᠲᠤ ᠢᠳᠡᠭᠡᠨ᠎ᠢ ᠰᠤᠳᠤᠯᠤᠨ ᠰᠤᠷᠤᠯᠴᠠᠬᠤ ᠵᠡᠷᠭᠡ ᠪᠠᠢᠳᠠᠯ᠎ᠢ ᠪᠣᠶ ᠪᠣᠯᠭᠠᠵᠤ᠂ ᠠᠵᠤ ᠦᠶ᠋ᠯᠡᠰ᠂ ᠠᠮᠢ ᠠᠬᠤᠶ ᠬᠢᠭᠡᠳ ᠵᠢᠭᠤᠯᠴᠢᠯᠠᠯ᠎ᠤᠨ ᠰᠠᠢᠨ ᠣᠷᠴᠢᠯ᠎ᠢ ᠪᠡᠶᠡᠯᠡᠭᠦᠯᠦᠨ᠎ᠡ》 ᠭᠡᠵᠦ᠍ ᠰᠥᠩ ᠸᠧᠶ ᠭᠠᠩ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号