— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠳᠥᠷᠪᠡᠨᠲᠡ ᠥᠭᠦᠯᠡᠬᠦ ᠨᠢ
ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤᠦᠨᠳᠦᠰᠦᠨ ᠪᠠᠲᠤᠯᠠᠭ᠎ᠠ ᠮᠥᠨ᠃ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠲᠡᠳᠦᠢ ᠬᠦᠴᠦᠲᠡᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠠᠬᠢ ᠬᠣᠶᠠᠳᠤᠭᠠᠷ 《1》 ᠪᠣᠯ ᠳᠠᠷᠤᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠶᠠᠪᠤᠳᠠᠯ ᠪᠣᠯᠣᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠳᠤᠷᠢᠳᠬᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠰᠤᠷᠤᠯᠴᠠᠯᠭ᠎ᠠ᠎ᠶᠢ ᠶᠡᠬᠡ ᠪᠡᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ ᠬᠦ᠌ ᠠᠳᠬᠤᠵᠤ ᠪᠣᠳᠠᠲᠠᠢ ᠠᠵᠢᠯᠯᠠᠨ᠂ ᠠᠷᠢᠭᠤᠨ ᠴᠢᠬᠡᠴᠢ ᠪᠠᠢᠵᠤ᠂ ᠡᠯ᠎ᠡ ᠲᠠᠯ᠎ᠠ᠎ᠶᠢᠨ ᠬᠢᠨᠢ ᠳᠠᠭᠠᠭᠤᠯᠤᠨ ᠨᠢᠭ᠍ᠲᠠᠷᠠᠭᠤᠯᠵᠤ ᠬᠠᠮᠲᠤ ᠪᠠᠷ ᠲᠡᠮᠡᠴᠡᠬᠦ ᠬᠡᠷᠡᠭᠲᠡᠢ᠃
ᠨᠠᠮ᠎ᠤᠨ ᠤᠳᠤᠷᠢᠳᠤᠯᠭ᠎ᠠ ᠪᠣᠯ ᠨᠠᠮ ᠪᠠ ᠤᠯᠤᠰ᠎ᠤᠨ ᠠᠵᠢᠯ ᠦᠢᠯᠡᠰ᠎ᠦᠨ ᠲᠠᠰᠤᠷᠠᠯᠲᠠ ᠦᠭᠡᠢ ᠬᠥᠭᠵᠢᠬᠦ᠎ᠶᠢᠨ ᠪᠠᠲᠤᠯᠠᠭ᠎ᠠ ᠮᠥᠨ ᠭᠡᠳᠡᠭ᠎ᠢ ᠲᠡᠦᠬᠡ ᠪᠠ ᠦᠢᠯᠡᠳᠦᠯᠭᠡ ᠭᠡᠷᠡᠴᠢᠯᠡᠭᠰᠡᠨ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠠᠭᠤᠷᠢ ᠵᠢ ᠪᠡᠬᠢᠵᠢᠭᠦᠯᠵᠤ᠂ ᠪᠦᠬᠦ ᠲᠠᠯ᠎ᠠ᠎ᠪᠠᠷ ᠬᠦᠴᠦᠯᠡᠬᠦ᠎ᠶᠢᠨ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠂ ᠥᠪᠥᠷ ᠮᠣᠩᠭᠣᠯ᠎ᠤᠨ ᠬᠥᠭᠵᠢᠯᠲᠡ᠎ᠳᠦ ᠰᠢᠨ᠎ᠡ ᠠᠵᠠ ᠲᠣᠬᠢᠶᠠᠯ ᠰᠢᠨ᠎ᠡ ᠥᠷᠢᠰᠦᠯᠳᠦᠭᠡᠨ ᠲᠤᠯᠭᠠᠷᠠᠵᠤ ᠪᠠᠢᠨ᠎ᠠ᠃ ᠵᠠᠩᠭᠢᠯᠠᠭ᠎ᠠ᠎ᠶᠢᠨ ᠴᠠᠭ ᠦᠶ᠎ᠡ ᠪᠣᠯᠬᠤ ᠲᠤᠳᠤᠮ᠂ ᠡᠭᠦᠷᠭᠡ ᠬᠡᠳᠦᠢ ᠬᠦᠨᠳᠦ ᠪᠡᠷᠬᠡ ᠪᠣᠯᠬᠤ ᠲᠤᠳᠤᠮ᠂ ᠨᠠᠮ᠎ᠤᠨ ᠤᠳᠤᠷᠢᠳᠤᠯᠭ᠎ᠠ ᠡᠨᠡ ᠬᠦ᠌ ᠬᠠᠮᠤᠭ᠎ᠤᠨ ᠶᠡᠬᠡ ᠳᠠᠪᠠᠭᠤᠯᠢᠭ᠋᠎ᠢ ᠲᠡᠳᠦᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠰᠠᠢᠲᠤᠷ ᠬᠥᠭᠵᠢᠭᠦᠯᠬᠦ ᠬᠡᠷᠡᠭᠲᠡᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠎ᠳᠤ᠂ ᠡᠩ ᠲᠡᠷᠢᠭᠦᠨ᠎ᠳᠦ 《ᠬᠣᠶᠠᠷ ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠭᠤᠢᠪᠢᠰᠢ ᠦᠭᠡᠢ ᠪᠡᠶᠡᠯᠡᠭᠦᠯᠵᠦ᠂ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠎ᠪᠠᠨ ᠳᠡᠭᠡᠭᠰᠢᠯᠡᠭᠦᠯᠵᠤ᠂ 《ᠭᠡᠨᠡᠨ ᠪᠠᠯᠠᠢ ᠪᠡᠷ ᠰᠢᠢᠳᠪᠦᠷᠢᠲᠤ ᠪᠤᠳᠤᠯᠭ᠎ᠠ ᠲᠤᠭᠲᠠᠭᠠᠬᠤ᠂ ᠦᠩᠭᠡ ᠵᠢᠨ ᠲᠡᠳᠦᠢ ᠤᠪᠤᠷ᠎ᠢᠶᠡᠨ ᠢᠯᠡᠳᠭᠡᠬᠦ᠂ ᠬᠠᠷᠢᠭᠤᠴᠠᠯᠭ᠎ᠠ ᠲᠦᠯᠬᠢᠵᠦ ᠲᠤᠲᠠᠭᠠᠨ ᠵᠠᠢᠳᠠᠬᠤ》 ᠦᠵᠡᠭᠳᠡᠯ᠎ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠳᠡᠢ᠃
ᠵᠥᠪ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠪᠣᠯ ᠵᠠᠰᠠᠭ ᠶᠠᠪᠤᠭᠤᠯᠬᠤ ᠮᠤᠷᠠᠯ᠂ ᠵᠠᠰᠠᠭ ᠶᠠᠪᠤᠭᠤᠯᠬᠤ ᠶᠣᠰᠣ᠂ ᠵᠠᠰᠠᠭ ᠶᠠᠪᠤᠭᠤᠯᠬᠤ ᠵᠠᠩᠭᠢᠯᠠᠭ᠎ᠠ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠵᠦᠭ ᠡᠷᠡᠮᠡᠬᠡᠢᠯᠡᠨ ᠤᠷᠤᠭ᠍ᠰᠢᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠦᠨ ᠨᠡᠬᠡᠭᠡᠬᠦ ᠳ᠋ᠤ ᠡᠷᠬᠡᠪᠰᠢ ᠵᠥᠪ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠠᠷᠠᠳ ᠲᠦᠮᠡᠨ᠎ᠤ ᠲᠦᠯᠦᠭᠡ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠬᠤ᠎ᠪᠠᠷ ᠳᠠᠮᠵᠢᠨ ᠠᠵᠢᠯ᠎ᠤᠨ ᠪᠦᠲᠦᠮᠵᠢ ᠭᠠᠷᠭᠠᠬᠤ ᠬᠡᠷᠡᠭ᠌ᠲᠡᠶ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ 《ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ》 ᠭᠡᠬᠦ ᠤᠶᠤᠨ ᠰᠠᠨᠠᠭᠠᠨ ᠤ᠋ ᠤᠪᠤᠷ ᠪᠠᠢᠳᠠᠯ ᠪᠣᠯᠤᠨ 《ᠠᠮᠵᠢᠯᠲᠠ ᠭᠠᠷᠭᠠᠬᠤ ᠳ᠋ᠤ ᠯᠠᠪᠲᠠᠢ ᠪᠢ ᠪᠠᠢᠨ᠎ᠠ》 ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠳᠠᠲᠤ ᠶᠠᠪᠤᠳᠠᠯ ᠰᠠᠢ᠌ᠨ ᠶᠠᠪᠤᠳᠠᠯ ᠢ ᠢᠯᠡᠭᠦᠬᠡᠨ ᠬᠢᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠲᠡᠪᠴᠢᠵᠦ᠍᠂ 《ᠱᠢᠨ᠎ᠡ ᠨᠣᠶᠠᠨ ᠬᠠᠭᠤᠴᠢᠨ ᠲᠠᠩᠰᠠ᠎ᠶ᠋ᠢ ᠦᠯᠦ᠍ ᠬᠠᠮᠢᠶᠠᠷᠬᠤ》 ᠪᠠ 《ᠲᠦᠷᠢ ᠲᠥᠷᠬᠦ᠌᠎ᠶ᠋ᠢᠨ ᠢᠨᠵᠧᠨᠧᠷᠢᠩ》᠂ 《ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ》 ᠢ᠋ ᠡᠷᠡᠰ ᠬᠣᠷᠢᠭ᠍ᠯᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠢᠨᠠᠨ ᠱᠢᠯᠭᠠᠬᠤ᠎ᠶ᠋ᠢᠨ ᠴᠢᠭᠯᠡᠭᠦᠯᠦᠯᠲᠦ ᠴᠢᠨᠠᠷ ᠪᠣᠯᠤᠨ ᠱᠢᠨᠵᠢᠯᠡᠬᠦ᠌ ᠤᠬᠠᠭᠠᠨᠴᠢ ᠴᠢᠨᠠᠷ᠎ᠢ ᠤᠯᠠᠮ ᠳᠡᠭᠡᠭ᠌ᠰᠢᠯᠡᠭᠦᠯᠵᠦ᠍᠂ ᠪᠣᠳᠠᠲᠠᠢ ᠠᠵᠢᠯᠯᠠᠬᠤ ᠪᠣᠳᠠᠲᠠᠢ ᠠᠮᠵᠢᠯᠲᠠ ᠪᠦᠲᠦᠮᠵᠢ ᠭᠠᠷᠭᠠᠬᠤ᠎ᠪᠡᠷ ᠤᠳᠤᠷᠢᠳᠤᠮᠵᠢ ᠪᠣᠯᠭᠠᠬᠤ᠎ᠶ᠋ᠢ ᠲᠤᠪᠤᠢ᠌ᠯᠭᠠᠠ᠂ ᠬᠥᠮᠦᠨ ᠪᠣᠯᠤᠨ ᠤᠴᠢᠷ ᠶᠠᠪᠤᠳᠠᠯ᠎ᠢ ᠦᠵᠡᠵᠦ᠍ ᠪᠠᠢᠭᠠᠳ ᠺᠠᠳ᠋ᠷ᠎ᠢ ᠲᠤᠮᠢᠯᠠᠵᠤ ᠪᠠᠭᠤᠯᠭᠠᠬᠤ᠂ ᠠᠯᠳᠠᠭ᠎ᠠ ᠪᠤᠷᠤᠭᠤ᠎ᠶ᠋ᠢ ᠠᠭᠤᠴᠢᠯᠠᠨ ᠪᠠᠭ᠍ᠲᠠᠭᠠᠵᠤ ᠠᠯᠳᠠᠭ᠎ᠠ ᠪᠤᠷᠤᠭᠤ᠎ᠶ᠋ᠢ ᠵᠠᠯᠠᠷᠠᠭᠤᠯᠬᠤ᠂ ᠤᠷᠮᠠᠱᠢᠭᠤᠯᠤᠨ ᠵᠣᠷᠢᠭ᠍ᠵᠢᠭᠤᠯᠵᠤ ᠬᠠᠢᠷ᠎ᠠ ᠬᠠᠯᠠᠮᠵᠢ ᠬᠦᠷᠲᠡᠭᠡᠬᠦ ᠵᠡᠷᠭᠡ ᠲᠦᠷᠦ᠍᠎ᠶ᠋ᠢᠨ ᠪᠤᠲᠤᠯᠭ᠎ᠠ᠎ᠶ᠋ᠢ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠥᠷᠭᠡᠨ ᠤᠯᠠᠠ ᠺᠠᠳ᠋ᠷ᠎ᠢ ᠨᠢᠭᠡ ᠰᠡᠳᠭᠢᠯ ᠨᠢᠭᠡ ᠵᠣᠷᠢᠭ᠎ᠢᠶᠠᠷ ᠠᠵᠢᠯ ᠬᠢᠵᠦ᠍ ᠦᠢᠯᠡᠰ ᠪᠤᠰᠭᠠᠬᠤ ᠪᠤᠯᠭᠠᠬᠤ ᠬᠡᠷᠡᠭ᠌ᠲᠡᠢ᠃
ᠤᠯᠤᠰ ᠲᠥᠷᠥ᠎ᠶ᠋ᠢᠨ ᠠᠮᠢ ᠠᠬᠤᠶ ᠰᠠᠢᠨ ᠪᠣᠯ ᠬᠥᠭ᠌ᠵᠢᠯᠲᠡ᠎ᠶ᠋ᠢᠨ ᠣᠷᠴᠢᠨ ᠨᠦᠬᠦᠴᠡᠯ ᠰᠠᠶᠢ ᠱᠢᠯᠢᠳᠡᠭ ᠪᠤᠯᠵᠤ ᠴᠢᠳᠠᠨ᠎ᠠ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠳᠤ ᠡᠷᠬᠡᠪᠰᠢ ᠴᠢᠩᠭ᠎ᠠ ᠪᠠᠢᠬᠤ ᠦᠨᠳᠦᠰᠦᠨ ᠬᠦᠭ ᠠᠶᠠᠰ᠂ ᠴᠢᠩᠭ᠎ᠠ ᠪᠠᠢᠬᠤ ᠠᠷᠭ᠎ᠠ ᠬᠡᠮᠵᠢᠶ᠎ᠡ᠂ ᠴᠢᠩᠭ᠎ᠠ ᠪᠠᠢᠬᠤ ᠠᠭᠤᠷ ᠠᠮᠢᠰᠭᠤᠯ᠎ᠢ ᠢᠮᠠᠭ᠍ᠲᠠ ᠪᠠᠷᠢᠮᠲᠠᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠵᠤ᠂ ᠱᠢᠯᠢᠳᠡᠭ ᠰᠤᠷᠲᠠᠯ᠎ᠢᠶᠠᠷ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠌ ᠬᠡᠷᠡᠭ᠌ᠲᠡᠢ᠃ ᠢᠯᠵᠢᠷᠡᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ ᠢ ᠪᠠᠲᠤᠯᠠᠵᠤ᠂ ᠢᠯᠵᠢᠷᠠᠬᠦ ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠴᠤᠭᠯᠠᠷᠠᠭᠰᠠᠨ᠂ ᠡᠬᠢ ᠪᠠᠶᠠᠯᠢᠭ ᠡᠯᠪᠡᠭᠵᠢᠭᠰᠡᠨ ᠬᠦᠷᠢᠶᠡᠨ᠎ᠳᠡᠬᠢ ᠢᠯᠵᠢᠷᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠰᠤᠷᠲᠠᠯ ᠢᠯᠵᠢᠷᠡᠯ᠎ᠢ ᠵᠡᠷᠭᠡ᠎ᠪᠡᠷ ᠪᠠᠢᠴᠠᠭᠠᠵᠤ ᠵᠡᠷᠭᠡ᠎ᠪᠡᠷ ᠵᠠᠰᠠᠬᠤ ᠠᠵᠢᠯ ᠢ ᠴᠢᠩᠭᠠᠳᠭᠠᠵᠤ᠂ ᠢᠯᠵᠢᠷᠡᠯ᠎ᠢ ᠵᠠᠰᠠᠬᠤ ᠶᠡᠷᠦᠩᠬᠡᠢᠯᠡᠭ᠌ᠰᠡᠨ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠰᠠᠢ᠌ᠨ ᠰᠠᠢᠬᠠᠨ ᠴᠢᠳᠠᠪᠤᠷᠢᠲᠠᠨ᠎ᠤ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠭᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠬᠦᠴᠡᠯ᠂ ᠶᠠᠷᠢᠶ᠎ᠠ ᠬᠡᠯᠡᠯᠴᠡᠭᠡᠨ᠎ᠦ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭ᠌ᠲᠡᠢ᠃
ᠱᠢᠨ᠎ᠡ ᠭᠠᠷᠤᠭ᠎ᠠ᠎ᠡᠴᠡ ᠲᠠᠬᠢᠨ ᠮᠣᠷᠳᠠᠨ᠎ᠠ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠭᠤᠢᠪᠢᠰᠢ ᠦᠭᠡᠢ ᠪᠠᠷᠢᠮᠲᠠᠯᠠᠨ ᠴᠢᠩᠭᠠᠳᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠲᠠᠢ᠌ᠴᠢᠯᠠᠵᠤ᠂ ᠰᠡᠳᠭᠢᠯ ᠨᠢᠭᠡᠳᠤᠨ ᠬᠦᠴᠦ᠍ ᠪᠡᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠪᠠᠯ ᠯᠠᠪᠲᠠᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ ᠵᠢ ᠦᠨᠡᠨ ᠬᠦ᠌ ᠪᠠᠳᠤᠯᠠᠵᠤ᠂ ᠮᠠᠨ᠎ᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠱᠠᠳᠤ ᠳᠠᠷᠠᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠵᠦ᠍ ᠴᠢᠳᠠᠨ᠎ᠠ᠃