ᠦᠪᠦᠷ ᠮᠤᠨᠭᠭᠤᠯ ᠬᠡᠷᠡᠭ᠌ᠯᠡᠭ᠌ᠴᠢᠳ᠎ᠤᠨ ᠠᠵᠤ ᠠᠬᠤᠢ᠎ᠵᠢᠨ ᠬᠤᠬᠢᠷᠠᠯ᠎ᠢ 5.28 ᠳ᠋ᠦᠩᠱᠢᠭᠤᠷ ᠲᠥᠭᠥᠷᠢᠭ ᠡᠭᠡᠭᠦᠯᠦᠨ ᠠᠪᠴᠢᠷᠠᠵᠤ ᠦᠭᠴᠡᠢ
2026-01-04 08:18:49
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

2021 ᠣᠨ ᠡᠴᠡ 2025 ᠣᠨ ᠤ᠋ 10 ᠰᠠᠷ᠎ᠠ ᠪᠣᠯᠲᠠᠯ᠎ᠠ᠂ ᠥᠪᠥᠷ ᠮᠣᠩᠭᠣᠯ ᠤ᠋ᠨ ᠡᠯ᠎ᠡ ᠱᠠᠲᠤᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠵᠣᠬᠢᠶᠠᠨ ᠪᠠᠢᠭᠤᠯᠤᠯᠲᠠ ᠵᠢᠴᠢ 12315 ᠲᠠᠪᠴᠠᠩ᠎ᠤᠨ ᠬᠢᠨ 87.3 ᠲᠦᠮᠡᠨ ᠬᠤᠪᠢ ᠬᠡᠷᠡᠭ᠌ᠯᠡᠭ᠌ᠴᠢᠳ ᠤ᠋ᠨ ᠵᠠᠭᠠᠯᠳᠤᠯᠭ᠎ᠠ᠂ 115.97 ᠲᠦᠮᠡᠨ ᠬᠤᠪᠢ ᠠᠰᠠᠭᠤᠨ ᠯᠠᠪᠯᠠᠭ᠎ᠠ ᠵᠢ ᠬᠦᠯᠢᠶᠡᠨ ᠠᠪᠴᠤ᠌ ᠰᠢᠢᠳᠪᠦᠷᠢᠯᠡᠵᠦ᠂ ᠵᠠᠭᠠᠯᠳᠤᠯᠭ᠎ᠠ ᠵᠢ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 98% ᠵᠢ ᠳᠠᠪᠠᠵᠤ᠂ ᠵᠠᠭᠤᠷᠠᠯᠳᠤᠭᠠᠨ᠎ᠳᠤ ᠬᠣᠯᠪᠣᠭ᠍ᠳᠠᠭ᠍ᠰᠠᠨ ᠵᠣᠭᠣᠰ ᠤ᠋ᠨ ᠲᠣᠭ᠎ᠠ 18.1 ᠳ᠋ᠦᠩᠱᠢᠭᠤᠷ ᠲᠥᠭᠥᠷᠢᠭ ᠲᠦ᠍ ᠬᠦᠷᠴᠦ᠍᠂ ᠬᠡᠷᠡᠭ᠌ᠯᠡᠭ᠌ᠴᠢᠳ᠎ᠤ᠋ᠨ ᠠᠵᠤ ᠠᠬᠤᠶ ᠶ᠋ᠢᠨ ᠬᠣᠬᠢᠷᠠᠯ ᠢ᠋ ᠨᠠᠢᠳᠠ 5.28 ᠳ᠋ᠦᠩᠱᠢᠭᠤᠷ ᠲᠥᠭᠥᠷᠢᠭ ᠡᠭᠡᠭᠦᠯᠦᠨ ᠠᠪᠴᠢᠷᠠᠵᠤ ᠦᠭᠪᠡ᠃

ᠤᠢᠷ᠎ᠠ᠎ᠵᠢᠨ 5 ᠵᠢᠯ ᠤ᠋ᠨ ᠲᠤᠷᠰᠢ ᠡᠯ᠎ᠡ ᠱᠠᠲᠤᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠵᠣᠬᠢᠶᠠᠨ ᠪᠠᠢᠭᠤᠯᠤᠯᠲᠠ᠎ᠵᠢᠨ ᠬᠢᠨ 12315 ᠵᠠᠭᠠᠯᠳᠤᠬᠤ ᠲᠠᠪᠴᠠᠩ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠵᠠᠭᠠᠯᠳᠤᠬᠤ ᠠᠷᠭ᠎ᠠ ᠵᠠᠮ ᠢ᠋ ᠱᠢᠯᠤᠭᠤᠳᠭᠠᠵᠤ᠂ ᠵᠠᠭᠠᠯᠳᠤᠬᠤ ᠶᠠᠪᠤᠴᠠ ᠵᠢ ᠳᠥᠭᠥᠮᠴᠢᠯᠡᠭ᠌ᠰᠡᠨ ᠢ᠋ᠶ᠋ᠡᠷ ᠪᠠᠷᠠᠬᠤ ᠥᠬᠡᠶ ᠬᠡᠷᠡᠭ᠌ᠯᠡᠭᠡᠨ ᠤ᠋ ᠡᠷᠬᠡ ᠠᠱᠢᠭ ᠢ᠋ ᠬᠠᠮᠠᠭᠠᠯᠠᠬᠤ ᠬᠠᠮᠲᠤᠷᠠᠯ ᠬᠦᠴᠦᠨ ᠢ᠋ ᠨᠢᠭ᠍ᠲᠠᠷᠠᠭᠤᠯᠵᠤ᠂ ᠰᠠᠯᠠᠭ᠎ᠠ ᠮᠥᠴᠢᠷ ᠤ᠋ᠨ ᠬᠠᠮᠵᠢᠯᠴᠠᠨ ᠬᠠᠮᠲᠤ ᠪᠡᠷ ᠵᠠᠰᠠᠬᠤ ᠵᠢ ᠴᠢᠩᠭᠠᠳᠭᠠᠵᠤ᠂ ᠬᠡᠷᠡᠭ᠌ᠯᠡᠭᠡᠨ ᠤ᠋ ᠡᠷᠬᠡ ᠠᠱᠢᠭ ᠢ᠋ ᠬᠠᠮᠠᠭᠠᠯᠠᠬᠤ ᠱᠢᠨ᠎ᠡ ᠪᠠᠢᠷᠢᠱᠢᠯ ᠢ᠋ ᠪᠦᠷᠢᠯᠳᠦᠬᠦᠯᠪᠠ᠃ ᠬᠡᠷᠡᠭ᠌ᠯᠡᠭᠡᠨ ᠤ᠋ ᠠᠮᠢᠵᠢᠷᠠᠯ ᠤ᠋ᠨ ᠬᠦᠴᠦᠨ ᠢ᠋ ᠬᠥᠭ᠌ᠵᠢᠭᠡᠬᠦ᠌ ᠶ᠋ᠢᠨ ᠲᠥᠯᠥᠭᠡ᠂ ᠥᠪᠥᠷ ᠮᠣᠩᠭᠣᠯ ᠤ᠋ᠨ ᠡᠯ᠎ᠡ ᠱᠠᠲᠤᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠵᠣᠬᠢᠶᠠᠨ ᠪᠠᠢᠭᠤᠯᠤᠯᠲᠠ᠎ᠵᠢᠨ ᠬᠢᠨ ᠰᠠᠨᠠᠭ᠎ᠠ ᠠᠮᠤᠷ ᠬᠡᠷᠡᠭ᠌ᠯᠡᠭᠡᠨ ᠤ᠋ ᠣᠷᠴᠢᠨ ᠲᠣᠭᠣᠷᠢᠨ ᠢ᠋ ᠴᠤᠬᠴᠠᠯᠠᠬᠤ ᠠᠵᠢᠯ ᠢ᠋ ᠭᠦᠨᠵᠡᠭᠡᠶ ᠥᠷᠨᠢᠭᠦᠯᠵᠦ᠍᠂ 2023 ᠣᠨ ᠳ᠋ᠤ  ᠰᠠᠨᠠᠭ᠎ᠠ ᠠᠮᠤᠷ ᠬᠡᠷᠡᠭ᠌ᠯᠡᠭᠡᠨ ᠤ᠋ ᠵᠡᠭᠡᠯᠢ ᠲᠣᠭᠣᠷᠢᠭ (ᠬᠤᠳᠠᠯᠳᠤᠭᠠᠨ ᠤ᠋ ᠲᠣᠭᠣᠷᠢᠭ) ᠢ᠋ 90 ᠪᠠᠢᠭᠤᠯᠪᠠ; 2025 ᠣᠨ ᠳ᠋ᠤ ᠰᠠᠨᠠᠭ᠎ᠠ ᠠᠮᠤᠷ ᠬᠡᠷᠡᠭ᠌ᠯᠡᠭᠡ ᠶ᠋ᠢᠨ ᠠᠮᠠᠯᠠᠯᠲᠠ ᠶ᠋ᠢᠨ ᠠᠵᠢᠯᠯᠠᠭ᠎ᠠ ᠵᠢ ᠡᠬᠢᠯᠡᠭᠦᠯᠵᠦ᠍᠂ ᠣᠲᠣ ᠪᠣᠯᠲᠠᠯ᠎ᠠ ᠨᠢᠭᠡᠨᠲᠡ ᠰᠠᠨᠠᠭ᠎ᠠ ᠠᠮᠤᠷ ᠬᠡᠷᠡᠭ᠌ᠯᠡᠭᠡ ᠶ᠋ᠢᠨ ᠠᠮᠠᠯᠠᠯᠲᠠ ᠶ᠋ᠢᠨ ᠨᠢᠭᠡᠴᠢ ᠵᠢ 869 ᠪᠣᠢᠵᠢᠭᠤᠯᠪᠠ᠃

2025 ᠤᠨ᠎ᠦ 12 ᠰᠠᠷ᠎ᠠ ᠶ᠋ᠢᠨ 24 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ᠎ᠤᠨ ᠬᠢᠨ ᠬᠥᠬᠡᠬᠣᠲᠠ ᠳ᠋ᠤ ᠬᠡᠷᠡᠭ ᠡᠷᠬᠢᠯᠡᠭ᠌ᠴᠢᠳ ᠤ᠋ᠨ ᠬᠤᠷᠠᠯ ᠤ᠋ᠨ ᠬᠤᠭᠤᠴᠠᠭ᠎ᠠ ᠰᠣᠯᠢᠬᠤ ᠰᠣᠩᠭᠣᠭᠤᠯᠢ ᠵᠢᠴᠢ ᠳᠣᠯᠣᠳᠤᠭᠠᠷ ᠬᠤᠭᠤᠴᠠᠭᠠᠨ ᠤ᠋ ᠬᠡᠷᠡᠭ ᠡᠷᠬᠢᠯᠡᠭ᠌ᠴᠢᠳ ᠤ᠋ᠨ ᠬᠤᠷᠠᠯ ᠤ᠋ᠨ ᠠᠩᠬᠠᠳᠤᠭᠠᠷ ᠬᠤᠷᠠᠯ ᠢ᠋ ᠬᠤᠷᠠᠯᠳᠤᠭᠤᠯᠵᠤ᠂ ᠬᠤᠷᠠᠯ ᠡᠴᠡ ᠬᠠᠤᠯᠢ ᠲᠦᠷᠢᠮ ᠶᠣᠰᠣᠭᠠᠷ ᠱᠢᠨ᠎ᠡ ᠨᠢᠭᠡ ᠬᠤᠭᠤᠴᠠᠭᠠᠨ ᠤ᠋ ᠬᠡᠷᠡᠭ ᠡᠷᠬᠢᠯᠡᠭ᠌ᠴᠢᠳ ᠤ᠋ᠨ ᠬᠤᠷᠠᠯ ᠤ᠋ᠨ ᠪᠦᠷᠢᠯᠳᠦᠬᠦᠨ ᠵᠢᠴᠢ ᠱᠢᠨ᠎ᠡ ᠨᠢᠭᠡ ᠬᠤᠭᠤᠴᠠᠭᠠᠨ ᠤ᠋ ᠬᠡᠷᠡᠭ ᠡᠷᠬᠢᠯᠡᠭ᠌ᠴᠢᠳ ᠤ᠋ᠨ ᠬᠤᠷᠠᠯ ᠤ᠋ᠨ ᠤᠳᠤᠷᠢᠳᠭᠤ ᠪᠠᠢᠭᠤᠯᠤᠮᠵᠢ ᠵᠢ ᠰᠣᠩᠭᠣᠨ ᠭᠠᠷᠭᠠᠵᠤ᠂ ᠱᠢᠨ᠎ᠡ ᠪᠡᠷ ᠵᠠᠰᠠᠪᠤᠷᠢ ᠣᠷᠣᠭᠤᠯᠤᠭ᠍ᠰᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠲᠦᠷᠢᠮ》 ᠢ᠋ ᠬᠢᠨᠠᠨ ᠵᠥᠪᠯᠡᠵᠦ᠍ ᠪᠠᠲᠤᠯᠠᠪᠠ᠃ ᠡᠨᠡ᠎ᠨᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤ ᠠᠵᠢᠯ ᠱᠢᠨ᠎ᠡ ᠱᠠᠲᠤᠨ ᠳ᠋ᠤ ᠣᠷᠣᠵᠤ᠂ ᠱᠢᠨ᠎ᠡ ᠠᠶᠠᠨ ᠢ᠋ᠶ᠋ᠡᠨ ᠡᠬᠢᠯᠡᠭᠦᠯᠦᠭ᠌ᠰᠡᠨ ᠢ᠋ ᠬᠠᠷᠠᠭᠤᠯᠵᠤ ᠪᠠᠢᠨ᠎ᠠ᠃ ᠣᠢᠯᠠᠭᠠᠭ᠍ᠰᠠᠨ ᠢ᠋ᠶ᠋ᠡᠷ᠂ ᠱᠢᠨ᠎ᠡ ᠨᠢᠭᠡ ᠬᠤᠭᠤᠴᠠᠭᠠᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠬᠡᠷᠡᠭ ᠡᠷᠬᠢᠯᠡᠭ᠌ᠴᠢᠳ ᠤ᠋ᠨ ᠬᠤᠷᠠᠯ ᠳ᠋ᠤ 63 ᠨᠢᠭᠡᠴᠢ ᠬᠡᠷᠡᠭ ᠡᠷᠬᠢᠯᠡᠭ᠌ᠴᠢᠳ ᠤ᠋ᠨ ᠬᠤᠷᠠᠯ ᠤ᠋ᠨ ᠪᠦᠷᠢᠯᠳᠦᠬᠦᠨ ᠨᠢᠭᠡᠴᠢ  ᠪᠣᠯᠵᠣ᠂ ᠳᠣᠯᠣᠳᠤᠭᠠᠷ ᠬᠤᠭᠤᠴᠠᠭᠠᠨ ᠤ᠋ ᠬᠡᠷᠡᠭ ᠡᠷᠬᠢᠯᠡᠭ᠌ᠴᠢᠳ ᠤ᠋ᠨ ᠬᠤᠷᠠᠯ ᠨᠢ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠭᠠᠵᠤ᠂ ᠲᠣᠰ ᠪᠡᠶ᠎ᠡ ᠶ᠋ᠢᠨ ᠪᠠᠢᠭᠤᠯᠤᠯᠲᠠ ᠪᠠᠨ ᠴᠢᠩᠭᠠᠳᠭᠠᠬᠤ ᠪᠡᠷ ᠳᠠᠮᠵᠢᠭᠤᠯᠤᠨ᠂ ᠥᠨᠳᠥᠷ ᠬᠡᠪ ᠪᠣᠯᠪᠠᠰᠤᠷᠠᠯ ᠲᠠᠢ ᠲᠤᠰᠭᠠᠢᠵᠢᠭ᠍ᠰᠠᠨ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤ ᠡᠩᠨᠡᠭᠡ ᠵᠢ ᠬᠦᠴᠦᠯᠡᠨ ᠪᠠᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠱᠢᠯᠢᠳᠡᠭ ᠦᠶ᠋ᠯᠡᠴᠢᠯᠡᠭᠡ ᠪᠡᠷ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠵᠦ᠍᠂ ᠬᠡᠷᠡᠭ᠌ᠯᠡᠭᠡᠨ ᠤ᠋ ᠡᠷᠬᠡ  ᠲᠡᠭ᠌ᠰᠢ ᠵᠢ  ᠠᠬᠢᠭᠤᠯᠬᠤ᠂ ᠬᠡᠷᠡᠭ᠌ᠯᠡᠭᠡᠨ ᠤ᠋ ᠨᠡᠮᠡᠭ᠌ᠳᠡᠯ ᠢ᠋ ᠳᠠᠢᠴᠢᠯᠠᠬᠤ᠂ ᠠᠮᠤᠷ ᠲᠦᠪᠱᠢᠨ ᠢᠲᠡᠭᠡᠮᠵᠢᠲᠡᠶ ᠬᠡᠷᠡᠭ᠌ᠯᠡᠭᠡᠨ ᠤ᠋ ᠣᠷᠴᠢᠨ ᠨᠥᠬᠥᠴᠡᠯ ᠢ᠋ ᠪᠣᠶ ᠪᠣᠯᠭᠠᠬᠤ ᠳ᠋ᠤ ᠨᠠᠩ ᠶᠡᠬᠡ ᠬᠤᠪᠢ ᠨᠡᠮᠡᠷᠢ ᠦᠵᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号