ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠤ ᠬᠦᠷᠦᠩᠭᠡ ᠶ᠋ᠢ ᠡᠵᠡᠩᠨᠡᠬᠦ ᠬᠢᠵᠠᠭᠠᠷᠳᠦ ᠺᠤᠮᠫᠠᠨᠢ ᠤᠢᠷ᠎ᠠ ᠳ᠋ᠤ ᠳᠤᠮᠳᠠᠳᠤ ᠤᠯᠤᠰ ᠤ᠋ᠨ ᠴᠦᠮ᠎ᠠ ᠶ᠋ᠢᠨ ᠠᠵᠤ ᠦᠢᠯᠡᠳᠪᠤᠷᠢ ᠶ᠋ᠢᠨ ᠪᠦᠯᠦᠭᠯᠡᠯ ᠤ᠋ᠨ ᠬᠦᠷᠦᠩᠭᠡ ᠶ᠋ᠢᠨ ᠬᠤᠪᠢ ᠤᠷᠤᠭᠤᠯᠤᠯᠳᠠ ᠶ᠋ᠢ ᠡᠷᠬᠡᠰᠢᠶᠡᠬᠦ ᠬᠢᠵᠠᠭᠠᠷᠳᠦ ᠺᠤᠮᠫᠠᠨᠢ ᠯᠤᠭ᠎ᠠ ᠵᠦᠩ ᠾᠧ ᠬᠤᠳᠠᠯᠳᠤᠭᠠᠨ ᠤ᠋ ᠶᠠᠪᠤᠳᠠᠯ ᠤ᠋ᠨ ᠳᠠᠭᠠᠳᠬᠠᠯ ᠤ᠋ᠨ ᠪᠠᠳᠤᠯᠠᠨ ᠬᠠᠮᠢᠶᠠᠷᠬᠤ ᠺᠤᠮᠫᠠᠨᠢ ᠳ᠋ᠡᠬᠢ ᠬᠤᠪᠢ ᠤᠷᠤᠭᠤᠯᠤᠯᠳᠠ ᠶ᠋ᠢ ᠨᠡᠮᠡᠭᠳᠡᠭᠦᠯᠬᠦ ᠬᠠᠮᠳᠤᠷᠠᠯᠴᠠᠭᠠᠨ ᠤ᠋ ᠭᠡᠷ᠎ᠠ ᠳᠤᠬᠢᠷᠠᠯᠴᠠᠵᠤ᠂ ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠤ ᠬᠦᠷᠦᠩᠭᠡ ᠶ᠋ᠢ ᠡᠵᠡᠩᠨᠡᠬᠦ ᠬᠢᠵᠠᠭᠠᠷᠳᠦ ᠺᠤᠮᠫᠠᠨᠢ 3 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠪᠡᠷ ᠵᠦᠩ ᠾᠧ ᠪᠠᠳᠤᠯᠠᠨ ᠬᠠᠮᠢᠶᠠᠷᠬᠤ ᠺᠤᠮᠫᠠᠨᠢ ᠶ᠋ᠢᠨ ᠬᠤᠶᠠᠳᠤᠭᠠᠷ ᠲᠤᠮᠤ ᠬᠤᠪᠢ ᠡᠵᠡᠮᠳᠡᠭᠴᠢ ᠪᠤᠯᠪᠠ᠃
ᠲᠤᠰ ᠤᠳᠠᠭ᠎ᠠ ᠵᠢᠨ ᠪᠡᠯᠡ ᠤᠷᠤᠭᠤᠯᠤᠯᠳᠠ ᠶ᠋ᠢᠨ ᠠᠵᠢᠯᠯᠠᠭ᠎ᠠ ᠨᠢ ᠬᠤᠶᠠᠷ ᠲᠠᠯ᠎ᠠ ᠶ᠋ᠢᠨ ᠬᠠᠮᠳᠤ ᠶ᠋ᠢᠨ ᠬᠦᠰᠡᠯ ᠵᠤᠷᠢᠯᠳᠠ ᠪᠠ ᠬᠦᠭᠵᠢᠯᠳᠡ ᠶ᠋ᠢᠨ ᠪᠠᠢᠯᠳᠤᠬᠤ ᠪᠤᠳᠤᠯᠭ᠎ᠠ ᠳ᠋ᠤ ᠰᠠᠭᠤᠷᠢᠯᠠᠨ ᠦᠷᠨᠢᠭᠦᠯᠦᠭᠰᠡᠨ ᠭᠦᠨᠵᠡᠭᠡᠢ ᠬᠠᠮᠳᠤᠷᠠᠯᠴᠠᠭ᠎ᠠ ᠪᠤᠯᠬᠤ ᠪᠦᠭᠡᠳ ᠲᠦᠪ ᠤ᠋ᠨ ᠠᠵᠤ ᠠᠬᠤᠢᠯᠠᠯ ᠪᠤᠯᠤᠨ ᠤᠷᠤᠨ ᠨᠤᠳᠤᠭ ᠤ᠋ᠨ ᠠᠵᠤ ᠠᠬᠤᠢᠯᠠᠯ ᠳᠠᠪᠠᠭᠤᠯᠢᠭ ᠶ᠋ᠢᠡᠨ ᠬᠠᠷᠢᠯᠴᠠᠨ ᠨᠦᠬᠦᠪᠤᠷᠢᠯᠡᠵᠦ ᠬᠠᠮᠵᠢᠯᠴᠠᠨ ᠬᠦᠭᠵᠢᠬᠦ ᠴᠢᠬᠤᠯᠠ ᠦᠢᠯᠡᠳᠦᠯᠭᠡ ᠪᠤᠯᠤᠨ᠎ᠠ᠃ ᠲᠤᠰ ᠤᠳᠠᠭ᠎ᠠ ᠶ᠋ᠢᠨ ᠰᠲ᠋ᠤᠺ ᠤ᠋ᠨ ᠬᠠᠮᠳᠤᠷᠠᠯᠴᠠᠭ᠎ᠠ ᠨᠢ ᠳᠤᠮᠳᠠᠳᠤ ᠤᠯᠤᠰ ᠤ᠋ᠨ ᠴᠦᠮ᠎ᠠ ᠶ᠋ᠢᠨ ᠠᠵᠤ ᠦᠢᠯᠡᠳᠪᠤᠷᠢ ᠶ᠋ᠢᠨ ᠪᠦᠯᠦᠭᠯᠡᠯ ᠤ᠋ᠨ ᠬᠦᠷᠦᠩᠭᠡ ᠶ᠋ᠢᠨ ᠬᠤᠪᠢ ᠤᠷᠤᠭᠤᠯᠤᠯᠳᠠ ᠶ᠋ᠢ ᠡᠷᠬᠡᠰᠢᠶᠡᠬᠦ ᠬᠢᠵᠠᠭᠠᠷᠳᠦ ᠺᠤᠮᠫᠠᠨᠢ ᠪᠤᠯᠤᠨ ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠤ ᠬᠦᠷᠦᠩᠭᠡ ᠶ᠋ᠢ ᠡᠵᠡᠩᠨᠡᠬᠦ ᠬᠢᠵᠠᠭᠠᠷᠳᠦ ᠺᠤᠮᠫᠠᠨᠢ ᠶ᠋ᠢᠨ ᠬᠠᠮᠳᠤᠷᠠᠯᠴᠠᠭᠠᠨ ᠤ᠋ ᠰᠢᠨ᠎ᠠ ᠬᠠᠭᠤᠳᠠᠰᠤ ᠶ᠋ᠢ ᠰᠡᠭᠦᠵᠦ᠂ 《1+1 > 2》 ᠶ᠋ᠢᠨ ᠪᠠᠢᠯᠳᠤᠬᠤ ᠪᠤᠳᠤᠯᠭ᠎ᠠ ᠶ᠋ᠢᠨ ᠬᠠᠮᠵᠢᠯᠴᠠᠭᠠᠨ ᠤ᠋ ᠦᠷ᠎ᠠ ᠨᠦᠯᠦᠭᠡ ᠶ᠋ᠢ ᠠᠪᠴᠢᠷᠠᠬᠤ ᠪᠤᠯᠤᠨ᠎ᠠ ᠭᠡᠵᠦ ᠬᠤᠶᠠᠷ ᠲᠠᠯ᠎ᠠ ᠶ᠋ᠢᠨ ᠬᠢᠨ ᠦᠵᠡᠵᠡᠭᠡᠵᠦ ᠪᠠᠢᠯ᠎ᠠ᠃
ᠬᠤᠶᠠᠷ ᠲᠠᠯ᠎ᠠ ᠪᠡᠷ ᠶ᠋ᠢᠡᠨ ᠲᠤᠰ ᠤᠳᠠᠭ᠎ᠠ ᠶ᠋ᠢᠨ ᠬᠠᠮᠳᠤᠷᠠᠯᠴᠠᠭ᠎ᠠ ᠪᠡᠷ ᠰᠢᠨ᠎ᠠ ᠡᠬᠢᠯᠡᠯᠳᠡ ᠶ᠋ᠢᠨ ᠴᠡᠭ ᠪᠤᠯᠭᠠᠨ᠂ ᠬᠤᠳᠠᠯᠳᠤᠭᠠᠨ ᠤ᠋ ᠶᠠᠪᠤᠳᠠᠯ ᠤ᠋ᠨ ᠳᠠᠭᠠᠳᠬᠠᠯ ᠤ᠋ᠨ ᠲᠦᠯᠦᠪᠤᠷᠢ ᠦᠭᠬᠦ᠂ ᠰᠠᠭᠤᠷᠢ ᠮᠦᠩᠬᠦ᠂ ᠰᠲ᠋ᠤᠺ ᠤ᠋ᠨ ᠡᠷᠬᠡ ᠶ᠋ᠢᠨ ᠪᠡᠯᠡ ᠤᠷᠤᠭᠤᠯᠤᠯᠳᠠ ᠵᠡᠷᠭᠡ ᠭᠤᠤᠯᠳᠠᠯᠭ᠎ᠠ ᠲᠠᠢ ᠬᠦᠷᠢᠶᠡᠨ ᠳ᠋ᠤ ᠪᠤᠳᠠᠳᠠᠢ ᠶ᠋ᠢ ᠡᠷᠬᠢᠮᠯᠡᠭᠰᠡᠨ ᠬᠠᠮᠳᠤᠷᠠᠯᠴᠠᠭ᠎ᠠ ᠦᠷᠨᠢᠭᠦᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠰᠤᠯᠢᠯᠴᠠᠬᠤ ᠪᠡᠨ ᠤᠯᠠᠮ ᠨᠢᠭᠡ ᠠᠯᠬᠤᠮ ᠴᠢᠩᠭᠠᠳᠬᠠᠨ᠂ ᠲᠦᠪ ᠤ᠋ᠨ ᠠᠵᠤ ᠠᠬᠤᠢᠯᠠᠯ ᠪᠠ ᠤᠷᠤᠨ ᠨᠤᠳᠤᠭ ᠤ᠋ᠨ ᠠᠵᠤ ᠠᠬᠤᠢᠯᠠᠯ ᠤ᠋ᠨ ᠬᠠᠮᠳᠤᠷᠠᠯᠴᠠᠭᠠᠨ ᠤ᠋ ᠰᠢᠨ᠎ᠠ ᠬᠡᠪ ᠳᠠᠭᠤᠷᠢᠶᠠᠯ ᠢ᠋ ᠡᠭᠦᠳᠬᠦ ᠪᠡᠷ ᠴᠢᠷᠮᠠᠢᠨ᠎ᠠ ᠭᠡᠵᠦ ᠢᠯᠡᠷᠬᠡᠢᠯᠡᠵᠠᠢ᠃