ᠣᠢᠷ᠎ᠠ᠎ᠳᠤ᠂ ᠬᠥᠯᠥᠨ ᠪᠣᠢᠷ ᠬᠣᠲᠠ᠎ᠶ᠋ᠢᠨ ᠮᠸᠩ ᠶᠤᠸᠠᠨ ᠰᠦ ᠵᠢᠨ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠭ᠌ᠰᠡᠨ 25.5 ᠲᠣᠨ ᠰᠦᠨ ᠲᠠᠯᠬ᠎ᠠ ᠵᠢ ᠮᠠᠨᠵᠤᠤᠷ ᠪᠣᠭᠣᠮᠲᠠ᠎ᠶ᠋ᠢᠨ ᠬᠠᠷᠢᠶᠠᠨ᠎ᠳᠠᠬᠢ ᠬᠠᠢᠯᠠᠷ ᠪᠣᠭᠣᠮᠲᠠ᠎ᠶ᠋ᠢᠨ ᠱᠢᠯᠭᠠᠨ ᠪᠠᠢᠴᠠᠭᠠᠯᠲᠠ ᠬᠢᠵᠢᠭ ᠪᠠᠢᠴᠠᠭᠠᠯᠲᠠ᠎ᠪᠡᠷ ᠲᠠᠮᠵᠢᠵᠦ᠂ ᠭᠠᠳᠠᠭᠠᠳᠤ᠎ᠳᠤ ᠭᠠᠷᠭᠠᠪᠠ᠃ ᠪᠦᠷᠢᠳᠭᠡᠯ᠎ᠢ ᠦᠨᠳᠤᠰᠤᠯᠡᠪᠡᠯ᠂ ᠡᠨᠡ ᠵᠢᠯ᠎ᠦᠨ 1 —10 ᠰᠠᠷ᠎ᠠ᠎ᠳᠤ ᠂ ᠬᠠᠢᠯᠠᠷ ᠪᠣᠭᠣᠮᠲᠠ᠎ᠶ᠋ᠢᠨ ᠬᠢᠨᠠᠨ ᠬᠠᠮᠢᠶᠠᠷᠤᠯᠲᠠ᠎ᠶ᠋ᠢᠨ ᠬᠠᠷᠢᠶᠠᠨ᠎ᠳᠡᠬᠢ ᠠᠵᠤ ᠠᠬᠤᠢᠯᠠᠯ᠎ᠤᠳ᠎ᠲᠠᠶ ᠤᠯᠤᠰ᠂ ᠪᠧᠩᠭᠠᠯ ᠵᠡᠷᠭᠡ ᠤᠯᠤᠰ ᠪᠠ ᠭᠠᠵᠠᠷ ᠣᠷᠣᠨ᠎ᠳᠤ 1700 ᠭᠠᠷᠤᠶ ᠲᠣᠨ ᠣᠨᠴᠠᠯᠢᠭ᠍ᠲᠤ ᠴᠠᠭᠠᠨ ᠢᠳᠡᠭᠡᠨ ᠭᠠᠷᠭᠠᠵᠤ᠂ ᠠᠳᠠᠯᠢ ᠬᠤᠭᠤᠴᠠᠭᠠᠨ᠎ᠤ᠎ᠬᠢ᠎ᠡᠴᠡ 6.5 ᠳᠠᠬᠢᠨ ᠨᠡᠮᠡᠭ᠌ᠳᠡᠪᠡ᠃
ᠥᠪᠥᠷ ᠮᠣᠩᠭᠣᠯ᠎ᠤᠨ ᠣᠨᠴᠠᠯᠢᠭ᠍ᠲᠤ ᠴᠠᠭᠠᠨ ᠢᠳᠡᠭᠡᠨ᠎ᠦ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠥᠷᠭᠡᠳᠭᠡᠬᠦ᠌᠎ᠶ᠋ᠢ ᠤᠯᠠᠮ ᠨᠢᠭᠡ ᠠᠯᠬᠤᠮ ᠳᠡᠮᠵᠢᠬᠦ᠌᠎ᠶ᠋ᠢᠨ ᠲᠥᠯᠥᠭᠡ᠂ ᠮᠠᠨᠵᠤᠤᠷ ᠪᠣᠭᠣᠮᠲᠠ ᠢᠳᠡᠭᠡᠨ᠎ᠦ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠬᠦ᠌᠎ᠶ᠋ᠢ ᠴᠢᠩᠭ᠎ᠠ ᠬᠡᠷᠡᠭ᠌ᠵᠢᠭᠦᠯᠦᠭ᠌ᠰᠡᠨ ᠰᠠᠭᠤᠷᠢᠨ ᠳᠡᠭᠡᠷ᠎ᠡ᠂ ᠪᠣᠭᠣᠮᠲᠠ᠎ᠪᠠᠷ ᠥᠩᠭᠡᠷᠡᠬᠦ᠌ ᠦᠶ᠋ᠯᠡᠴᠢᠯᠡᠭᠡᠨ᠎ᠦ ᠶᠠᠪᠤᠴᠠ ᠵᠢ ᠦᠷᠭᠦᠯᠵᠢᠯᠡᠨ ᠱᠢᠯᠢᠳᠡᠭ᠌ᠵᠢᠭᠦᠯᠪᠡ᠃ ᠴᠠᠭᠠᠨ ᠢᠳᠡᠭᠡᠨ᠎ᠦ ᠠᠵᠤ ᠠᠬᠤᠢᠯᠠᠯ᠎ᠤᠨ ᠦᠶ᠋ᠯᠡᠳᠪᠦᠷᠢᠯᠡᠯ᠎ᠦᠨ ᠣᠨᠴᠠᠯᠢᠭ ᠬᠢᠭᠡᠳ ᠭᠠᠳᠠᠭᠠᠳᠤ᠎ᠳᠤ ᠭᠠᠷᠭᠠᠬᠤ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ ᠨᠢᠭᠤᠷᠳᠠᠨ ᠵᠢᠯᠤᠭᠤᠳᠬᠤ ᠦᠶ᠋ᠯᠡᠴᠢᠯᠡᠭᠡ ᠥᠷᠨᠢᠭᠦᠯᠵᠦ᠍᠂ ᠭᠠᠳᠠᠭᠠᠳᠤ᠎ᠳᠤ ᠭᠠᠷᠭᠠᠬᠤ᠎ᠪᠠᠷ ᠭᠤᠶᠤᠴᠢᠯᠠᠨ ᠮᠡᠳᠡᠭᠦᠯᠬᠦ᠌᠂ ᠦᠨᠡᠮᠯᠡᠯ ᠭᠤᠶᠤᠴᠢᠯᠠᠨ ᠠᠪᠬᠤ ᠵᠢᠴᠢ ᠦᠶ᠋ᠯᠡᠳᠬᠦᠨ᠎ᠦ ᠱᠣᠱᠢᠭ᠎ᠠ ᠲᠡᠮᠳᠡᠭ ᠵᠡᠷᠭᠡ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠴᠦ᠂ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠤᠨ᠎ᠢ ᠰᠣᠩᠭᠣᠨ ᠲᠣᠮᠢᠯᠠᠵᠤ ᠠᠵᠤ ᠠᠬᠤᠢᠯᠠᠯ᠎ᠢ ᠬᠠᠪᠰᠤᠷᠤᠨ ᠵᠣᠷᠢᠭ᠍ᠰᠠᠨ ᠭᠠᠵᠠᠷ᠎ᠤᠨ ᠤᠯᠤᠰ᠎ᠤᠨ ᠴᠠᠭᠠᠨ ᠢᠳᠡᠭᠡᠨ᠎ᠦ ᠮᠡᠷᠭᠡᠵᠢᠯ᠎ᠦᠨ ᠬᠠᠤᠯᠢ ᠲᠣᠭ᠍ᠲᠠᠭᠠᠯ ᠪᠠ ᠪᠠᠷᠢᠮᠵᠢᠶ᠎ᠠ᠎ᠶ᠋ᠢ ᠴᠤᠭ᠍ᠯᠠᠭᠤᠯᠤᠨ ᠡᠮᠬᠢᠯᠡᠵᠦ᠍᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠲᠠᠢᠯᠤᠮᠵᠢ᠎ᠶ᠋ᠢᠨ ᠬᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠵᠤ ᠠᠬᠤᠢᠯᠠᠯ᠎ᠢ ᠬᠥᠲᠥᠯᠦᠨ ᠵᠢᠯᠣᠭᠣᠳᠴᠤ᠌ ᠪᠠᠢᠭᠠᠳ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠦᠵᠡᠯ ᠤᠬᠠᠮᠰᠠᠷ᠎ᠢ᠎ᠨᠢ ᠴᠢᠩᠭᠠᠷᠠᠭᠤᠯᠤᠨ᠂ ᠶᠠᠰᠤ ᠴᠢᠨᠠᠷ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠲᠦᠭᠦᠬᠡᠶ ᠮᠠᠲ᠋ᠧᠷᠢᠶᠠᠯ᠎ᠢ ᠱᠢᠯᠭᠠᠨ ᠠᠪᠬᠤ᠂ ᠡᠳ᠋ᠱᠢᠭᠦᠯᠬᠦ᠌ ᠶᠠᠪᠤᠴᠠ᠎ᠶ᠋ᠢ ᠬᠢᠨᠠᠨ ᠡᠵᠡᠮᠳᠡᠬᠦ᠌ ᠵᠢᠴᠢ ᠪᠦᠲᠦᠭᠡᠭ᠌ᠳᠡᠬᠦᠨ᠎ᠢ ᠬᠥᠮᠥᠷᠭᠡ᠎ᠳᠦ ᠣᠷᠣᠭᠤᠯᠵᠤ ᠪᠠᠢᠴᠠᠭᠠᠨ ᠱᠢᠯᠭᠠᠬᠤ ᠵᠡᠷᠭᠡ ᠦᠶ᠋ᠯᠡᠳᠪᠦᠷᠢᠯᠡᠯ᠎ᠦᠨ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠶᠠᠰᠤ ᠴᠢᠨᠠᠷ᠎ᠢ ᠡᠵᠡᠮᠳᠡᠬᠦ᠌᠎ᠪᠡᠨ ᠴᠢᠩᠭᠠᠷᠠᠭᠤᠯᠤᠨ᠂ ᠦᠶ᠋ᠯᠡᠳᠬᠦᠨ᠎ᠦ ᠣᠯᠠᠨ ᠤᠯᠤᠰ᠎ᠲᠠᠬᠢ ᠥᠷᠢᠰᠥᠯᠳᠦᠬᠦ᠌ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠠᠢ᠃ ᠡᠭᠦᠨ᠎ᠦ ᠬᠠᠮᠲᠤ᠂ ᠤᠶᠤᠨᠴᠢ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠭᠦᠶ᠋ᠴᠡᠳ ᠪᠠᠳᠠᠷᠠᠭᠤᠯᠵᠤ᠂ ᠬᠠᠷᠢᠶ᠎ᠠ ᠭᠠᠵᠠᠷ᠎ᠤᠨ ᠪᠠᠢᠴᠠᠭᠠᠯᠲᠠ᠎ᠶ᠋ᠢᠨ 《ᠰᠦᠯᠵᠢᠶ᠎ᠠ ᠪᠡᠷ ᠬᠦᠢᠴᠡᠳᠭᠡᠬᠦ》 ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠳᠡᠯᠭᠡᠷᠡᠭᠦᠯᠦᠨ ᠬᠡᠷᠡᠭ᠌ᠯᠡᠵᠦ᠍ ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠷᠢᠶ᠎ᠠ ᠭᠠᠵᠠᠷ᠎ᠤᠨ ᠪᠠᠢᠴᠠᠭᠠᠯᠲᠠ᠎ᠶ᠋ᠢᠨ 《ᠰᠠᠭᠠᠳ ᠥᠬᠡᠶ ᠨᠡᠪᠲᠡᠷᠡᠬᠦ᠌ ᠵᠠᠮ》 ᠢ᠋ ᠪᠠᠢᠭᠤᠯᠵᠤ᠂ 《5 + 2》 ᠤ᠋ᠨ ᠤᠷᠢᠳᠴᠢᠯᠠᠨ ᠪᠣᠯᠵᠣᠵᠤ ᠪᠠᠢᠴᠠᠭᠠᠬᠤ ᠪᠠ ᠤᠷᠢᠳ᠎ᠢᠶᠠᠷ ᠪᠠᠢᠴᠠᠭᠠᠬᠤ᠎ᠶ᠋ᠢ ᠬᠡᠷᠡᠭ᠌ᠵᠢᠭᠦᠯᠵᠦ᠍᠂ ᠴᠠᠭᠠᠨ ᠢᠳᠡᠭᠡᠨ᠎ᠦ ᠲᠦᠷᠭᠡᠨ ᠪᠥᠭᠡᠳ ᠥᠨᠳᠥᠷ ᠪᠦᠲᠦᠮᠵᠢᠲᠡᠶ ᠪᠣᠭᠣᠮᠲᠠ᠎ᠪᠠᠷ ᠥᠩᠭᠡᠷᠡᠬᠦ᠌᠎ᠶ᠋ᠢ ᠪᠠᠲᠤᠯᠠᠵᠤ ᠪᠤᠢ᠃
ᠮᠠᠨᠵᠤᠤᠷ ᠪᠣᠭᠣᠮᠲᠠ ᠵᠡᠭᠦᠨ ᠡᠮᠦᠨᠡᠲᠦ ᠠᠽᠢᠶ᠎ᠠ ᠵᠡᠷᠭᠡ ᠭᠣᠣᠯ ᠪᠣᠯᠬᠤ ᠠᠷᠠᠯᠵᠢᠶᠠᠨ᠎ᠤ ᠤᠯᠤᠰ᠎ᠤᠨ ᠵᠠᠬ᠎ᠠ ᠳᠡᠯᠭᠡᠭᠦᠷ᠎ᠦᠨ ᠮᠡᠳᠡᠭᠡ ᠵᠠᠩᠭᠢ᠎ᠳᠤ ᠭᠦᠨᠵᠡᠭᠡᠢ ᠵᠠᠳᠠᠯᠤᠯᠲᠠ ᠬᠢᠵᠦ᠍᠂ ᠠᠵᠤ ᠠᠬᠤᠢᠯᠠᠯ᠎ᠳᠤ ᠢᠳᠡᠪᠬᠢᠲᠡᠢ᠎ᠪᠡᠷ ᠬᠥᠭᠥᠷᠭᠡ ᠬᠣᠯᠪᠣᠭᠠᠰᠤ ᠵᠢᠨ ᠦᠢᠯᠡᠳᠤᠯ ᠦᠵᠡᠬᠦᠯᠵᠤ᠂ ᠨᠢᠭᠡᠨᠲᠡ 10 ᠭᠠᠷᠤᠢ ᠡᠳ᠋ᠱᠢᠭᠦᠯᠬᠦ᠌ ᠠᠵᠤ ᠠᠬᠤᠢᠯᠠᠯ᠎ᠤᠨ ᠳᠣᠲᠣᠭᠠᠳᠤ᠎ᠳᠠᠭᠠᠨ ᠪᠣᠷᠣᠯᠠᠭᠤᠯᠵᠤ ᠪᠠᠷᠠᠭ᠎ᠠ ᠬᠠᠩᠭᠠᠵᠤ ᠪᠠᠢᠭ᠍ᠰᠠᠨ᠎ᠠᠴᠠ᠎ᠪᠠᠨ ᠥᠪᠡᠰᠦᠪᠡᠨ ᠡᠵᠡᠩᠨᠡᠵᠦ᠍ ᠭᠠᠳᠠᠭᠠᠳᠤ᠎ᠳᠤ ᠪᠠᠷᠠᠭ᠎ᠠ ᠭᠠᠷᠭᠠᠬᠤ᠎ᠶ᠋ᠢ ᠵᠢᠯᠣᠭᠣᠳᠴᠤ᠂ ᠬᠥᠯᠥᠨ ᠪᠦᠢᠷ᠎ᠦᠨ ᠣᠨᠴᠠᠯᠢᠭ᠍ᠲᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠳᠠᠭᠠᠳᠤ ᠵᠢᠨ ᠵᠠᠬ᠎ᠠ ᠲᠡᠯᠭᠡᠬᠦᠷ ᠲᠸ᠋ ᠪᠤᠷᠤᠯᠠᠭᠤᠯᠤᠬᠳᠠᠬᠤ᠎ᠳᠤ ᠬᠦᠴᠤᠨ ᠨᠡᠮᠡᠷᠢᠯᠡᠪᠡ᠃