《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ ᠦᠪᠤᠷ ᠮᠤᠨᠭᠭᠤᠯ ᠱᠢᠨ᠎ᠡ ᠨᠢᠭᠡᠨ ᠡᠭᠡᠯᠵᠢ ᠶ᠋ᠢᠨ ᠠᠭᠤᠷᠬᠠᠢ ᠬᠠᠢᠬᠤ ᠠᠵᠢᠯ ᠤ᠋ᠨ ᠲᠠᠯ᠎ᠠ ᠪᠠᠷ ᠰᠢᠪᠳᠤᠯᠤᠯᠳᠡ ᠭᠠᠷᠭᠠᠬᠤ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠡᠯ᠎ᠡ ᠲᠥᠷᠥᠯ ᠦᠨ ᠪᠠᠯᠠ ᠮᠥᠩᠭᠥ ᠶ᠋ᠢ ᠨᠡᠢᠲᠡ 60 ᠳ᠋ᠦᠩᠱᠢᠭᠤᠷ ᠰᠢᠬᠠᠮ ᠲᠥᠭᠥᠷᠢᠭ ᠲᠤᠬᠢᠷᠠᠭᠤᠯᠵᠠᠢ᠃
ᠡᠭᠦᠨ᠎ᠳᠦ ᠲᠥᠪ᠎ᠦᠨ ᠡᠳ᠋ ᠦᠨ ᠵᠠᠰᠠᠭ ᠠᠴᠠ 5.57 ᠳ᠋ᠦᠩᠱᠢᠭᠤᠷ ᠲᠥᠭᠥᠷᠢᠭ ᠣᠷᠣᠭᠤᠯᠵᠤ᠂ 1᠄ 5 ᠲᠦᠮᠡᠨ ᠣᠷᠣᠨ ᠪᠦᠰᠡ᠎ᠶ᠋ᠢᠨ ᠭᠠᠵᠠᠷ ᠱᠢᠨᠵᠢᠯᠡᠭᠡᠨ᠎ᠦ ᠪᠠᠢᠴᠠᠭᠠᠯᠲᠠ᠎ᠶ᠋ᠢ 2 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠡᠶᠡᠯᠡᠭᠦᠯᠵᠦ᠍᠂ ᠳᠤᠮᠳᠠ ᠵᠡᠭᠦᠨ ᠬᠡᠰᠡᠭ᠎ᠦᠨ ᠭᠠᠵᠠᠷ ᠣᠷᠣᠨ᠎ᠤ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠰᠠᠭᠤᠷᠢᠨ ᠤ᠋ ᠶᠡᠷᠦᠩᠬᠡᠢᠯᠡᠭ᠌ᠰᠡᠨ ᠪᠠᠢᠴᠠᠭᠠᠯᠲᠠ᠎ᠶ᠋ᠢ ᠭᠣᠣᠯᠳᠠᠯᠭ᠎ᠠ᠎ᠲᠠᠶ ᠦᠷᠨᠢᠬᠦᠯᠪᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ 26.16 ᠳ᠋ᠦᠩᠱᠢᠭᠤᠷ ᠲᠥᠭᠥᠷᠢᠭ ᠦᠨ ᠪᠡᠯᠡ ᠣᠷᠣᠭᠤᠯᠵᠤ᠂ 1᠄ 2.5 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠦᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠪᠠᠢᠴᠠᠭᠠᠯᠲᠠ᠎ᠶ᠋ᠢ 2.16 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠦᠷᠨᠢᠬᠦᠯᠵᠤ᠂ ᠡᠨᠧᠷᠭᠢ᠎ᠶ᠋ᠢᠨ ᠠᠭᠤᠷᠬᠠᠶ᠎ᠶ᠋ᠢᠨ ᠭᠠᠷᠤᠯᠲᠠ᠎ᠶ᠋ᠢᠨ ᠪᠠᠢᠴᠠᠭᠠᠯᠲᠠ᠎ᠶ᠋ᠢ 3.31 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ ᠨᠡᠢᠭᠡᠮ᠎ᠦᠨ ᠪᠠᠯᠠ ᠮᠥᠩᠭᠥ ᠢ᠋ᠢ 27.98 ᠳ᠋ᠦᠩᠱᠢᠭᠤᠷ ᠲᠥᠭᠥᠷᠢᠭᠲᠠᠢᠴᠢᠯᠠᠵᠤ᠂ 50 ᠭᠠᠷᠤᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠭᠠᠵᠠᠷ ᠢ᠋ ᠰᠢᠨ᠎ᠡ ᠪᠡᠷ ᠢᠯᠡᠷᠡᠬᠦᠯᠪᠡ᠃
ᠦᠪᠤᠷ ᠮᠤᠨᠭᠭᠤᠯ ᠤ᠋ᠨ ᠡᠯ᠎ᠡ ᠲᠠᠯ᠎ᠠ᠎ᠶ᠋ᠢᠨ ᠬᠠᠮᠵᠢᠯᠴᠠᠭ᠎ᠠ ᠪᠡᠷ ᠲᠠᠮᠵᠢᠨ ᠨᠡᠭᠦᠷᠡᠰᠦ᠂ ᠲᠡᠮᠦᠷ᠎ᠦᠨ ᠬᠦᠳᠡᠷ᠂ ᠯᠢᠲ᠋ᠢ᠂ ᠵᠡᠰ᠂ ᠠᠯᠲᠠ ᠵᠡᠷᠭᠡ ᠨᠢᠭᠡ ᠪᠦᠯᠦᠭ ᠳᠠᠪᠠᠭᠤᠯᠢᠭ ᠪᠠ ᠬᠣᠪᠣᠷ ᠴᠤᠬᠠᠭ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠᠢ᠋ᠢᠨ ᠡᠬᠢ ᠪᠠᠶᠠᠯᠢᠭ ᠤ᠋ᠨ ᠬᠠᠳᠠᠭᠠᠯᠠᠭᠳᠠᠴᠡ ᠶᠡᠬᠡᠪᠡᠷ ᠨᠡᠮᠡᠭᠳᠡᠪᠡ᠃ ᠡᠭᠦᠨ᠎ᠳᠦ ᠨᠡᠭᠦᠷᠡᠰᠦᠨ᠎ᠦ ᠡᠬᠢ ᠪᠠᠶᠠᠯᠢᠭ 200 ᠳ᠋ᠦᠩᠱᠢᠭᠤᠷ ᠰᠢᠬᠠᠮ ᠲᠣᠨ ᠰᠢᠨ᠎ᠡ ᠪᠡᠷ ᠨᠡᠮᠡᠭᠳᠡᠵᠤ᠂ ᠲᠡᠮᠦᠷ᠎ᠦᠨ ᠬᠦᠳᠡᠷ᠎ᠦᠨ ᠡᠬᠢ ᠪᠠᠶᠠᠯᠢᠭ12 ᠳ᠋ᠦᠩᠱᠢᠭᠤᠷ ᠲᠣᠨ ᠰᠢᠨ᠎ᠡ ᠪᠡᠷ ᠨᠡᠮᠡᠭᠳᠡᠵᠤ᠂ ᠬᠠᠢᠯᠤᠭᠤᠷ ᠵᠣᠩᠰᠢ ᠢ᠋ᠢᠨ ᠡᠬᠢ ᠪᠠᠶᠠᠯᠢᠭ 3 ᠳ᠋ᠦᠩᠱᠢᠭᠤᠷ ᠲᠣᠨ ᠰᠢᠨ᠎ᠡ ᠪᠡᠷ ᠨᠡᠮᠡᠭᠳᠡᠵᠤ᠂ ᠲᠠᠯᠠᠰᠲᠤ ᠪᠠᠯ ᠴᠢᠯᠠᠭᠤᠨ᠎ᠤ ᠡᠬᠢ ᠪᠠᠶᠠᠯᠢᠭ 1700 ᠭᠠᠷᠤᠶ ᠲᠦᠮᠡᠨ ᠲᠣᠨ ᠰᠢᠨ᠎ᠡ ᠪᠡᠷ ᠨᠡᠮᠡᠭᠳᠡᠵᠤ᠂ ᠯᠢᠲ᠋ᠢ᠎ᠶ᠋ᠢᠨ ᠡᠬᠢ ᠪᠠᠶᠠᠯᠢᠭ 60 ᠭᠠᠷᠤᠶ ᠲᠦᠮᠡᠨ ᠲᠣᠨ ᠰᠢᠨ᠎ᠡ ᠪᠡᠷ ᠨᠡᠮᠡᠭᠳᠡᠵᠤ᠂ ᠵᠡᠰ᠎ᠦᠨ ᠬᠦᠳᠡᠷ᠎ᠦᠨ ᠡᠬᠢ ᠪᠠᠶᠠᠯᠢᠭ 50 ᠭᠠᠷᠤᠶ ᠲᠦᠮᠡᠨ ᠲᠣᠨ ᠰᠢᠨ᠎ᠡ ᠪᠡᠷ ᠨᠡᠮᠡᠭᠳᠡᠵᠤ᠂ ᠴᠠᠭᠠᠨ ᠲᠤᠭᠤᠯᠭ᠎ᠠ ᠢ᠋ᠢᠨ ᠡᠬᠢ ᠪᠠᠶᠠᠯᠢᠭ10 ᠭᠠᠷᠤᠶ ᠲᠦᠮᠡᠨ ᠲᠣᠨ ᠰᠢᠨ᠎ᠡ ᠪᠡᠷ ᠨᠡᠮᠡᠭᠳᠡᠵᠤ᠂ ᠠᠯᠲᠠᠨ᠎ᠤ ᠡᠬᠢ ᠪᠠᠶᠠᠯᠢᠭ 300 ᠭᠠᠷᠤᠢ ᠲᠤᠨ ᠰᠢᠨ᠎ᠡ ᠪᠡᠷ ᠨᠡᠮᠡᠭᠳᠡᠵᠡᠢ᠃
ᠡᠭᠦᠨ᠎ᠦ ᠬᠠᠮᠲᠤ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠨᠡᠢᠭᠡᠮ᠎ᠦᠨ ᠪᠡᠯᠡ ᠮᠦᠨᠭᠬᠦ ᠢ᠋ᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠪᠠᠢᠴᠠᠭᠠᠯᠲᠠ᠎ᠶ᠋ᠢᠨ ᠲᠤᠷᠱᠢᠯᠲᠠ᠎ᠶ᠋ᠢᠨ ᠴᠡᠭ ᠤ᠋ᠨ ᠠᠵᠢᠯ ᠦᠷᠨᠢᠬᠦᠯᠬᠦ ᠳ᠋ᠤ᠌ ᠤᠷᠤᠯᠴᠠᠭᠤᠯᠬᠤ ᠢ᠋ᠢ ᠢᠳᠡᠪᠬᠢᠳᠡᠢ ᠬᠡᠷᠡᠭᠵᠢᠬᠦᠯᠵᠤ᠂ 2025 ᠣᠨ᠎ᠳᠤ ᠤᠯᠠᠭᠠᠨᠬᠠᠳᠠ ᠬᠣᠲᠠ᠂ ᠱᠢᠯᠢ᠎ᠶ᠋ᠢᠨ ᠭᠤᠤᠯ ᠠᠢᠮᠠᠭ᠎ᠲᠤ 8 ᠲᠤᠷᠱᠢᠯᠲᠠ᠎ᠶ᠋ᠢᠨ ᠴᠡᠭ ᠤ᠋ᠨ ᠲᠥᠷᠥᠯ ᠵᠦᠶ᠋ᠯ᠎ᠢ ᠪᠠᠢᠷᠢᠯᠠᠭᠤᠯᠤᠨ᠂ ᠨᠡᠢᠭᠡᠮ᠎ᠦᠨ ᠪᠡᠯᠡ ᠮᠦᠨᠭᠬᠦ ᠢ᠋ᠢ ᠠᠭᠤᠷᠬᠠᠶ ᠬᠠᠢᠬᠤ ᠠᠵᠢᠯ ᠳ᠋ᠤ᠌ ᠤᠷᠤᠯᠴᠠᠭᠤᠯᠬᠤ ᠢ᠋ᠢ ᠤᠷᠮᠠᠱᠢᠭᠤᠯᠬᠤ ᠲᠣᠭ᠍ᠲᠠᠴᠠ᠎ᠶ᠋ᠢ ᠬᠦᠴᠦᠯᠡᠨ ᠰᠦᠪᠡᠭ᠌ᠴᠢᠯᠡᠵᠦ᠍᠂ ᠳᠠᠭᠤᠷᠢᠶᠠᠵᠤ ᠪᠣᠯᠬᠤ᠂ ᠳᠡᠯᠭᠡᠷᠡᠭᠦᠯᠵᠦ᠍ ᠪᠣᠯᠬᠤ ᠲᠤᠷᠱᠢᠯᠭ᠎ᠠ᠎ᠶ᠋ᠢᠨ ᠵᠠᠭ᠍ᠪᠤᠷ᠎ᠢ ᠪᠦᠷᠢᠯᠳᠦᠭᠦᠯᠬᠦ᠌᠎ᠪᠡᠷ ᠴᠢᠷᠮᠠᠢᠵᠤ ᠪᠤᠢ᠃