ᠦᠪᠦᠷ ᠮᠤᠩᠭᠤᠯ ᠤ᠋ᠨ ᠪᠤᠬᠢᠷᠳᠦᠯ ᠦᠭᠡᠢ ᠤᠰᠤᠳᠦ᠋ᠷᠦᠭᠴᠢ ᠶ᠋ᠢᠨ ᠭᠠᠷᠤᠯᠳᠠ 1 ᠲᠦᠮᠡᠨ ᠳᠤᠨ ᠢ᠋ ᠳᠠᠪᠠᠪᠠ
2026-01-04 10:01:12
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠪᠦᠬᠦ ᠤᠷᠤᠨ ᠤ᠋ ᠪᠤᠬᠢᠷᠳᠦᠯ ᠦᠭᠡᠢ ᠤᠰᠤᠳᠦ᠋ᠷᠦᠭᠴᠢ ᠶ᠋ᠢᠨ ᠭᠠᠷᠤᠯᠳᠠ ᠳᠤᠭᠳᠠᠭᠤᠨ ᠶ᠋ᠢᠡᠷ ᠨᠡᠮᠡᠭᠳᠠᠵᠤ᠂ 2025 ᠤᠨ ᠤ᠋ 12 ᠰᠠᠷ᠎ᠠ ᠶ᠋ᠢᠨ 15 ᠤ᠋ ᠡᠳᠦᠷ ᠪᠤᠯᠳᠠᠯ᠎ᠠ ᠪᠦᠬᠦ ᠤᠷᠤᠨ ᠤ᠋ ᠪᠤᠬᠢᠷᠳᠦᠯ ᠦᠭᠡᠢ ᠴᠠᠬᠢᠯᠭᠠᠨ ᠢ᠋ ᠰᠢᠭᠤᠳ ᠬᠡᠷᠡᠭᠯᠡᠭᠡᠨ ᠳ᠋ᠤ ᠤᠷᠤᠭᠤᠯᠬᠤ ᠵᠠᠭᠪᠤᠷ ᠳᠤᠤᠷᠠᠬᠢ ᠪᠤᠬᠢᠷᠳᠦᠯ ᠦᠭᠡᠢ ᠤᠰᠤᠳᠦ᠋ᠷᠦᠭᠴᠢ ᠶ᠋ᠢᠨ ᠭᠠᠷᠤᠯᠳᠠ 11265 ᠲᠤᠨ ᠳ᠋ᠤ ᠬᠦᠷᠴᠤ᠂ ᠤᠨ ᠤ᠋ ᠭᠠᠷᠤᠯᠳᠠ ᠶ᠋ᠢ 1 ᠲᠦᠮᠡᠨ ᠲᠤᠨ ᠳ᠋ᠤ ᠬᠦᠷᠭᠡᠬᠦ ᠬᠠᠷᠠᠯᠳᠠ ᠶ᠋ᠢ ᠤᠷᠢᠳᠴᠢᠯᠡᠨ ᠪᠡᠶᠡᠯᠡᠭᠦᠯᠪᠡ᠃ ᠡᠨᠡ ᠨᠢ 2024 ᠤᠨ ᠤ᠋ ᠬᠢ ᠡᠴᠡ 400% ᠪᠡᠷ ᠨᠡᠮᠡᠭᠳᠡᠵᠤ᠂ ᠪᠦᠬᠦ ᠤᠯᠤᠰ ᠤ᠋ᠨ ᠲᠡᠷᠢᠭᠦᠨ ᠤ᠋ ᠲᠦᠪᠰᠢᠨ ᠳ᠋ᠤ ᠤᠷᠤᠰᠢᠨ᠂ ᠪᠦᠬᠦ ᠤᠷᠤᠨ ᠤ᠋ ᠪᠤᠬᠢᠷᠳᠦᠯ ᠦᠭᠡᠢ ᠤᠰᠤᠳᠦ᠋ᠷᠦᠭᠴᠢ ᠶ᠋ᠢᠨ ᠬᠡᠪᠴᠢᠶᠡᠵᠢᠭᠰᠡᠨ ᠦᠢᠯᠡᠳᠪᠤᠷᠢᠯᠡᠯ ᠱᠠᠳᠤᠴᠢ ᠴᠢᠨᠠᠷᠳᠠᠢ ᠴᠢᠬᠤᠯᠠ ᠠᠬᠢᠴᠠ ᠲᠠᠢ ᠪᠤᠯᠤᠭᠰᠠᠨ ᠢ᠋ ᠬᠠᠷᠠᠭᠤᠯᠵᠤ ᠪᠤᠢ᠃

ᠤᠢᠯᠠᠭᠠᠭᠰᠠᠨ ᠶ᠋ᠢᠡᠷ᠂ 2025 ᠤᠨ ᠎ᠳ᠋ᠤ ᠦᠪᠡᠷᠳᠡᠭᠡᠨ ᠵᠠᠰᠠᠬᠤ ᠤᠷᠤᠨ ᠤ᠋ ᠡᠨᠧᠷᠬᠢ ᠶ᠋ᠢᠨ ᠲᠤᠪᠴᠢᠶ᠎ᠠ ᠎ᠵᠢᠨ ᠬᠢᠨ ᠬᠠᠷᠠᠯᠳᠠ ᠪᠡᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠶ᠋ᠢᠡᠷ ᠤᠳᠤᠷᠢᠳᠤᠮᠵᠢ ᠪᠤᠯᠭᠠᠬᠤ ᠶ᠋ᠢ ᠪᠠᠷᠢᠮᠳᠠᠯᠠᠨ᠂ ᠨᠢᠭᠡᠨᠳᠡ ᠬᠡᠷᠡᠭᠵᠢᠭᠦᠯᠦᠭᠰᠡᠨ 14 ᠵᠦᠢᠯ ᠤ᠋ᠨ ᠲᠦᠷᠦ ᠶ᠋ᠢᠨ ᠪᠤᠳᠤᠯᠭ᠎ᠠ ᠶ᠋ᠢᠨ ᠰᠠᠭᠤᠷᠢᠨ ᠲᠡᠭᠡᠷ᠎ᠡ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠶ᠋ᠢᠡᠷ ᠤᠰᠤᠳᠦ᠋ᠷᠦᠭᠴᠢ ᠦᠢᠯᠡᠳᠬᠦ ᠲᠦᠷᠦᠯ ᠵᠦᠢᠯ ᠢ᠋ ᠡᠷᠡᠮᠡᠯᠵᠡᠬᠦ᠂ ᠪᠦᠲᠦᠭᠡᠨ ᠪᠠᠢᠭᠤᠯᠬᠤ᠂ ᠬᠢᠨᠠᠨ ᠰᠢᠯᠭᠠᠬᠤ᠂ ᠡᠵᠡᠩᠨᠡᠯᠳᠡ ᠳ᠋ᠤ ᠤᠷᠤᠭᠤᠯᠬᠤ ᠵᠡᠷᠭᠡ ᠲᠠᠯ᠎ᠠ ᠪᠡᠷ ᠳᠠᠬᠢᠨ 5 ᠵᠦᠢᠯ ᠤ᠋ᠨ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠠ ᠶ᠋ᠢ ᠳᠤᠭᠳᠠᠭᠠᠨ ᠨᠡᠢᠳᠡᠯᠡᠵᠦ᠂ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠶ᠋ᠢᠡᠷ ᠤᠰᠤᠳᠦ᠋ᠷᠦᠭᠴᠢ ᠦᠢᠯᠡᠳᠬᠦ ᠲᠦᠷᠦᠯ ᠵᠦᠢᠯ ᠢ᠋ ᠱᠠᠯᠠᠪᠳᠠᠨ ᠬᠡᠷᠡᠭᠵᠢᠭᠦᠯᠬᠦ ᠶ᠋ᠢ ᠡᠷᠴᠢᠮᠳᠠᠢ ᠠᠬᠢᠭᠤᠯᠤᠭᠰᠠᠨ ᠪᠠᠢᠨ᠎ᠠ᠃ ᠡᠭᠦᠨ ᠤ᠋ ᠬᠠᠮᠳᠤ  ᠦᠪᠡᠷᠳᠡᠭᠡᠨ ᠵᠠᠰᠠᠬᠤ ᠤᠷᠤᠨ ᠤ᠋ ᠡᠨᠧᠷᠬᠢ ᠶ᠋ᠢᠨ ᠲᠤᠪᠴᠢᠶ᠎ᠠ ᠪᠠᠰᠠ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠲᠤᠬᠠᠢ ᠶ᠋ᠢᠨ ᠲᠠᠯᠠᠪᠤᠷ ᠲᠤ᠌ ᠭᠦᠨᠵᠡᠭᠡᠢᠷᠡᠨ᠂ ᠠᠵᠤ ᠠᠬᠤᠢᠯᠠᠯ ᠤ᠋ᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠰᠢᠢᠳᠪᠤᠷᠢᠯᠡᠵᠦ ᠦᠭᠴᠠᠢ᠃ ᠤᠳᠤᠬᠠᠨ ᠳ᠋ᠤ ᠬᠤᠸᠠ ᠳ᠋ᠢᠶᠠᠨ ᠪᠦᠯᠦᠭᠯᠡᠯ ᠤ᠋ᠨ ᠪᠤᠭᠤᠳᠤ ᠬᠤᠳᠠ ᠳ᠋ᠡᠬᠢ ᠲᠦᠷᠦᠯ ᠵᠦᠢᠯ᠂ ᠳ᠋ᠠ ᠲᠠᠩ ᠪᠦᠯᠦᠭᠯᠡᠯ ᠤ᠋ᠨ ᠰᠢᠯᠢ ᠶ᠋ᠢᠨ ᠭᠤᠤᠯ ᠠᠢᠮᠠᠭ ᠲᠡᠬᠢ ᠲᠦᠷᠦᠯ ᠵᠦᠢᠯ᠂ ᠶᠤᠸᠠᠨ ᠵᠢᠩ ᠪᠦᠯᠦᠭᠯᠡᠯ ᠤ᠋ᠨ ᠤᠯᠠᠭᠠᠨᠬᠠᠳᠠ ᠬᠤᠳᠠ ᠳ᠋ᠡᠬᠢ ᠲᠦᠷᠦᠯ ᠵᠦᠢᠯ ᠨᠢ ᠴᠦᠮ ᠳᠤᠭᠳᠠᠭᠤᠨ ᠶ᠋ᠢᠡᠷ ᠦᠢᠯᠡᠳᠪᠤᠷᠢᠯᠡᠯ ᠡᠵᠡᠩᠨᠡᠯᠳᠠ ᠬᠢᠬᠦ ᠶ᠋ᠢ ᠪᠡᠶᠡᠯᠡᠭᠦᠯᠪᠡ᠃ ᠪᠤᠰᠤᠳ ᠨᠢᠭᠡᠨᠳᠡ ᠪᠠᠢᠭᠤᠯᠵᠤ ᠳᠠᠭᠤᠰᠤᠭᠰᠠᠨ ᠲᠦᠷᠦᠯ ᠵᠦᠢᠯ ᠨᠢ ᠲᠤᠷᠰᠢᠨ ᠦᠢᠯᠡᠳᠪᠤᠷᠢᠯᠡᠬᠦ ᠱᠠᠳᠤᠨ ᠳ᠋ᠤ ᠤᠷᠤᠵᠤ᠂ ᠪᠦᠲᠦᠭᠡᠨ ᠪᠠᠢᠭᠤᠯᠤᠯᠳᠠ ᠶ᠋ᠢᠨ ᠱᠠᠳᠤᠨ ᠳ᠋ᠤ ᠪᠠᠢᠭ᠎ᠠ ᠲᠦᠷᠦᠯ ᠵᠦᠢᠯ ᠤ᠋ᠳ ᠨᠢ ᠴᠤ᠌ ᠱᠠᠯᠠᠪᠳᠠᠨ ᠠᠬᠢᠵᠤ᠂ ᠦᠢᠯᠡᠳᠪᠤᠷᠢᠯᠡᠯ ᠤ᠋ᠨ ᠴᠢᠳᠠᠪᠤᠷᠢ ᠶ᠋ᠢᠨ ᠳᠤᠭᠳᠠᠭᠤᠨ ᠨᠡᠮᠡᠭᠳᠡᠯ ᠳ᠋ᠤ ᠲᠤᠯᠭᠠᠭᠤᠷᠢᠯᠠᠯ ᠪᠤᠯᠵᠤ ᠪᠠᠢᠨ᠎ᠠ᠃

《ᠳᠠᠷᠠᠭᠠᠴᠢ ᠪᠡᠷ ᠮᠠᠨ ᠤ᠋ ᠤᠷᠤᠨ ᠤ᠋ ᠡᠬᠢ ᠪᠠᠶᠠᠯᠢᠭ᠂ ᠠᠵᠤ ᠦᠢᠯᠡᠰ᠂ ᠤᠷᠤᠨ ᠪᠠᠢᠷᠢ ᠶ᠋ᠢᠨ ᠳᠠᠪᠠᠭᠤᠯᠢᠭ ᠢ᠋ ᠦᠷᠭᠦᠯᠵᠢᠯᠡᠨ ᠰᠠᠢᠳᠦᠷ ᠪᠠᠳᠠᠷᠠᠭᠤᠯᠵᠤ᠂ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠶ᠋ᠢᠡᠷ ᠤᠰᠤᠳᠦ᠋ᠷᠦᠭᠴᠢ ᠦᠢᠯᠡᠳᠬᠦ ᠲᠦᠷᠦᠯ ᠵᠦᠢᠯ ᠢ᠋ ᠱᠠᠯᠠᠪᠳᠠᠨ ᠪᠦᠲᠦᠭᠡᠨ ᠪᠠᠢᠭᠤᠯᠵᠤ ᠱᠠᠯᠠᠪᠳᠠᠨ ᠠᠰᠢᠭᠯᠠᠯᠳᠠ ᠳ᠋ᠤ ᠤᠷᠤᠭᠤᠯᠬᠤ ᠶ᠋ᠢᠨ ᠬᠠᠮᠳᠤ ᠪᠤᠬᠢᠷᠳᠦᠯ ᠦᠭᠡᠢ ᠤᠰᠤᠳ᠋ᠦ᠋ᠷᠦᠭᠴᠢ ᠶ᠋ᠢ ᠳᠠᠮᠵᠢᠭᠤᠯᠤᠨ ᠬᠦᠷᠭᠡᠬᠦ ᠬᠤᠭᠤᠯᠠᠢ  ᠶ᠋ᠢᠨ ᠪᠦᠲᠦᠭᠡᠨ ᠪᠠᠢᠭᠤᠯᠤᠯᠳᠠ ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠦᠪᠦᠷ ᠮᠤᠩᠭᠤᠯ ᠢ᠋ ᠪᠤᠬᠢᠷᠳᠦᠯ ᠦᠭᠡᠢ ᠤᠰᠤᠳᠦ᠋ᠷᠦᠭᠴᠢ ᠶ᠋ᠢᠨ ᠠᠵᠤ ᠦᠢᠯᠡᠰ ᠤ᠋ᠨ ᠬᠤᠰᠢᠭᠤᠴᠢ ᠤᠷᠤᠨ ᠪᠤᠯᠭᠠᠨ ᠪᠦᠲᠦᠭᠡᠨ ᠪᠠᠢᠭᠤᠯᠬᠤ ᠪᠡᠷ ᠴᠢᠷᠮᠠᠢᠨ᠎ᠠ》 ᠭᠡᠵᠦ ᠦᠪᠡᠷᠳᠡᠭᠡᠨ ᠵᠠᠰᠠᠬᠤ ᠤᠷᠤᠨ ᠡᠨᠧᠷᠬᠢ ᠶ᠋ᠢᠨ ᠲᠤᠪᠴᠢᠶ᠎ᠠ ᠶ᠋ᠢᠨ ᠬᠠᠷᠢᠭᠤᠴᠠᠯᠭᠠᠳᠠᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号