ᠰᠤᠷᠪᠤᠯᠵᠢᠯᠠᠭᠴᠢ ᠬᠥᠬᠡᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠤᠢᠷ᠎ᠡ ᠳ᠋ᠤ᠌ ᠬᠥᠬᠡᠬᠣᠲᠠ 《ᠰᠢᠨ᠎ᠡ ᠤᠨ ᠢ᠋ᠢᠡᠨ ᠤᠭᠳᠤᠬᠤ 》 ᠡᠪᠦᠯ᠎ᠦᠨ ᠤᠯᠠᠷᠢᠯ ᠤᠨ ᠱᠢᠨ᠎ᠡ ᠮᠠᠱᠢᠨ ᠲᠡᠷᠬᠡ ᠬᠤᠳᠠᠯᠳᠤᠨ ᠠᠪᠬᠤ ᠨᠥᠬᠥᠪᠥᠷᠢ ᠣᠯᠭᠣᠬᠤ ᠠᠵᠢᠯᠯᠠᠭ᠎ᠠ᠎ᠶ᠋ᠢ ᠡᠬᠢᠯᠡᠬᠦᠯᠪᠡ᠃
ᠲᠣᠰ ᠤᠳᠠᠭᠠᠨ ᠤ ᠨᠥᠬᠥᠪᠥᠷᠢ᠎ᠶ᠋ᠢᠨ ᠠᠵᠢᠯᠯᠠᠭ᠎ᠠ᠎ᠳᠤ ᠭᠤᠶᠤᠴᠢᠯᠠᠨ ᠠᠪᠬᠤ ᠳᠥᠷᠪᠡᠨ ᠶᠡᠬᠡ ᠨᠥᠬᠥᠴᠡᠯ ᠢ ᠲᠣᠳᠣᠷᠬᠠᠢᠯᠠᠵᠤ᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ ᠨᠢᠭᠡ᠎ᠳᠦ᠂ ᠬᠤᠪᠢ ᠬᠦᠮᠦᠨ ᠬᠥᠬᠡᠬᠣᠲᠠ᠎ᠳᠤ ᠳᠠᠩᠰᠠᠯᠠᠭᠤᠯᠤᠭ᠍ᠰᠠᠨ ᠮᠠᠱᠢᠨ ᠲᠡᠷᠭᠡ ᠪᠣᠷᠣᠯᠠᠭᠤᠯᠬᠤ ᠠᠵᠤ ᠠᠬᠤᠢᠯᠠᠯ᠎ᠡᠴᠡ ᠰᠢᠨ᠎ᠡ ᠮᠠᠱᠢᠨ ᠲᠡᠷᠭᠡ ᠬᠤᠳᠠᠯᠳᠤᠨ ᠠᠪᠤᠪᠠᠯ ᠨᠦᠬᠦᠪᠤᠷᠢ ᠤᠯᠭᠤᠨ᠎ᠡ᠃ ᠬᠤᠪᠢ ᠬᠥᠮᠦᠨ ᠤ᠋ ᠪᠤᠰᠤ ᠲᠠᠯ᠎ᠠ ᠡᠴᠡ ᠮᠠᠰᠢᠨ ᠲᠡᠷᠬᠡ ᠬᠤᠳᠠᠯᠳᠤᠨ ᠠᠪᠬᠤ᠂ ᠡᠵᠡᠨᠭᠨᠡᠯᠳᠡ ᠢ᠋ᠢᠨ ᠮᠠᠱᠢᠨ ᠲᠡᠷᠭᠡ ᠵᠢᠴᠢ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠴᠥᠮ ᠨᠥᠬᠥᠪᠥᠷᠢ ᠤᠯᠭᠤᠬᠤ ᠬᠡᠪᠴᠢᠶᠡᠨ᠎ᠳᠦ ᠪᠠᠭᠳᠠᠭᠠᠬᠤ ᠥᠬᠡᠶ᠃ ᠬᠣᠶᠠᠷ᠎ᠲᠤ᠂ ᠮᠠᠰᠢᠨ ᠲᠡᠷᠭᠡ ᠬᠤᠳᠠᠯᠳᠤᠨ ᠠᠪᠬᠤ ᠴᠠᠭ᠎ᠢ 2025 ᠣᠨ᠎ᠤ 12 ᠰᠠᠷ᠎ᠠ᠎ᠶ᠋ᠢᠨ 18 ᠤ᠋ ᠡᠳᠦᠷ᠎ᠡᠴᠡ 12 ᠰᠠᠷ᠎ᠠ᠎ᠶ᠋ᠢᠨ 31 ᠤ᠋ ᠡᠳᠦᠷ ᠬᠦᠷᠲᠡᠯ᠎ᠡ ᠬᠢᠵᠠᠭᠠᠷᠯᠠᠵᠤ ᠂ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠳᠡ᠎ᠪᠠᠷ ᠪᠠᠷᠢᠮᠵᠢᠶ᠎ᠠ ᠪᠣᠯᠭᠠᠨ᠎ᠠ᠃ ᠭᠤᠷᠪᠠ᠎ᠳᠤ᠂ ᠬᠤᠪᠢ ᠬᠥᠮᠦᠨ ᠮᠠᠰᠢᠨ ᠲᠡᠷᠭᠡ ᠪᠡᠨ ᠤᠷᠢᠳ᠎ᠢᠶᠠᠷ ᠬᠤᠳᠠᠯᠳᠤᠨ ᠠᠪᠴᠤ᠂ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ᠂ ᠮᠠᠰᠢᠨ ᠲᠡᠷᠬᠡᠨ ᠤ᠋ ᠠᠶᠠᠯᠠᠨ ᠶᠠᠪᠤᠬᠤ ᠦᠨᠡᠮᠯᠡᠯ ᠵᠡᠷᠭᠡ ᠬᠠᠮᠢᠶ᠎ᠠ ᠪᠥᠬᠥᠶ ᠮᠠᠲ᠋ᠧᠷᠢᠶᠠᠯ᠎ᠢ ᠣᠯᠤᠭ᠍ᠰᠠᠨ᠎ᠤ ᠳᠠᠷᠠᠭ᠎ᠠ 2025 ᠣᠨ᠎ᠤ 12 ᠰᠠᠷ᠎ᠠ᠎ᠶ᠋ᠢᠨ 20 ᠤ᠋ ᠡᠳᠦᠷ᠎ᠡᠴᠡ 2026 ᠣᠨ᠎ᠤ 1 ᠰᠠᠷ᠎ᠠ᠎ᠶ᠋ᠢᠨ 5 ᠤ᠋ ᠡᠳᠦᠷ ᠪᠣᠯᠲᠠᠯ᠎ᠠ᠂ 《ᠴᠢᠩ ᠴᠧᠩ ᠬᠠᠮ ᠵᠠᠭᠤᠴᠢᠯᠠᠭᠤᠷ 》 ᠤ᠋ᠨ APP ᠢ᠋ᠢᠡᠷ ᠳᠡᠮᠵᠢᠨ ᠨᠦᠬᠦᠪᠤᠷᠢ ᠭᠤᠶᠤᠴᠢᠯᠠᠨ ᠠᠪᠴᠤ ᠪᠤᠯᠤᠨ᠎ᠡ᠃ ᠳᠥᠷᠪᠡ ᠳ᠋ᠤ᠌᠂ ᠬᠡᠷᠡᠭ᠌ᠯᠡᠭ᠌ᠴᠢ ᠪᠦᠷᠢ ᠵᠦᠪᠬᠡᠨ ᠨᠢᠭᠡ ᠤᠳᠠᠭᠠᠨᠥᠬᠥᠪᠥᠷᠢ ᠬᠦᠷᠲᠡᠵᠦ᠍ ᠪᠣᠯᠬᠤ ᠮᠥᠷᠲᠡᠭᠡᠨ ᠬᠣᠱᠢᠭᠤ ᠱᠢᠶᠠᠨ ᠲᠣᠭᠣᠷᠢᠭ᠂ ᠨᠡᠭᠡᠭᠡᠯᠲᠡ᠎ᠶ᠋ᠢᠨ ᠲᠣᠭᠣᠷᠢᠭ᠎ᠤᠨ ᠬᠠᠮᠢᠶ᠎ᠠ ᠪᠦᠬᠦᠢ ᠮᠠᠱᠢᠨ ᠲᠡᠷᠭᠡᠨ᠎ᠦ ᠨᠥᠬᠥᠪᠥᠷᠢ᠎ᠶ᠋ᠢᠨ ᠠᠵᠢᠯᠯᠠᠭ᠎ᠠ᠎ᠯᠤᠭ᠎ᠠ ᠳᠠᠪᠬᠤᠴᠠᠭᠤᠯᠤᠨ ᠬᠦᠷᠲᠡᠵᠦ᠍ ᠪᠣᠯᠬᠤ ᠦᠭᠡᠶ ᠬᠡᠵᠤ ᠲᠤᠭᠳᠠᠭᠠᠪᠠ᠃
ᠨᠥᠬᠥᠪᠥᠷᠢ ᠢ᠋ᠢᠨ ᠪᠠᠷᠢᠮᠵᠢᠶ᠎ᠠ᠎ᠶ᠋ᠢ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ᠎ᠶ᠋ᠢᠨ ᠵᠣᠭᠣᠰ᠎ᠤᠨ ᠲᠣᠭ᠎ᠠ (ᠭᠠᠢᠯᠢᠪᠤᠳᠤᠭᠰᠠᠨ ᠦᠨ᠎ᠡ ᠪᠠᠭ᠍ᠲᠠᠨ᠎ᠠ) ᠪᠠᠷ ᠭᠤᠷᠪᠠᠨ ᠳᠡᠰ ᠬᠤᠪᠢᠶᠠᠪᠠ᠃ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶ᠋ᠢᠨ ᠵᠣᠭᠣᠰ᠎ᠤᠨ ᠲᠣᠭ᠎ᠠ ᠨᠢ 5 ᠲᠦᠮᠡᠨ ᠲᠥᠭᠥᠷᠢᠭ (ᠪᠠᠭ᠍ᠲᠠᠨ᠎ᠠ) ᠡᠴᠡ 10 ᠲᠦᠮᠡᠨ ᠲᠥᠭᠥᠷᠢᠭ (ᠪᠠᠭ᠍ᠲᠠᠬᠤ ᠦᠭᠡᠶ) ᠤ᠋ᠨ ᠬᠤᠭᠤᠷᠤᠨᠳᠤ ᠪᠠᠢᠪᠡᠯ ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠡᠯ ᠤ᠋ᠨ ᠮᠠᠱᠢᠨ ᠲᠡᠷᠭᠡ ᠪᠦᠷᠢᠳᠦ 2000 ᠲᠥᠭᠥᠷᠢᠭ ᠤ᠋ᠨ ᠨᠦᠬᠦᠪᠤᠷᠢ ᠤᠯᠭᠤᠵᠤ᠂ ᠱᠢᠨ᠎ᠡ ᠡᠨᠧᠷᠭᠢ᠎ᠶ᠋ᠢᠨ ᠰᠠᠭᠤᠳᠡᠯ ᠤ᠋ᠨ ᠮᠠᠱᠢᠨ ᠲᠡᠷᠭᠡ ᠪᠦᠷᠢᠳᠦ 3000 ᠲᠥᠭᠥᠷᠢᠭ ᠤ᠋ᠨ ᠨᠦᠬᠦᠪᠤᠷᠢ ᠤᠯᠭᠤᠨ᠎ᠡ᠃ 10 ᠲᠦᠮᠡᠨ ᠲᠥᠭᠥᠷᠢᠭ (ᠪᠠᠭ᠍ᠲᠠᠨ᠎ᠠ) ᠡᠴᠡ 20 ᠲᠦᠮᠡᠨ ᠲᠥᠭᠥᠷᠢᠭ (ᠪᠠᠭ᠍ᠲᠠᠬᠤ ᠥᠬᠡᠶ) ᠤ᠋ᠨ ᠬᠤᠭᠤᠷᠤᠨᠳᠤ ᠪᠠᠢᠪᠡᠯ ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠡᠯ ᠤ᠋ᠨ ᠮᠠᠱᠢᠨ ᠲᠡᠷᠭᠡ ᠪᠦᠷᠢᠳᠦ 3000 ᠲᠥᠭᠥᠷᠢᠭ ᠤ᠋ᠨ ᠨᠦᠬᠦᠪᠤᠷᠢ ᠤᠯᠭᠤᠵᠤ᠂ ᠱᠢᠨ᠎ᠡ ᠡᠨᠧᠷᠭᠢ᠎ᠶ᠋ᠢᠨ ᠰᠠᠭᠤᠳᠡᠯ ᠤ᠋ᠨ ᠮᠠᠱᠢᠨ ᠲᠡᠷᠭᠡ ᠪᠦᠷᠢ ᠳᠦ 4000 ᠲᠥᠭᠥᠷᠢᠭ ᠤ᠋ᠨ ᠨᠦᠬᠦᠪᠤᠷᠢ ᠤᠯᠭᠤᠨ᠎ᠡ᠃ 20 ᠲᠦᠮᠡᠨ ᠲᠥᠭᠥᠷᠢᠭ (ᠪᠠᠭ᠍ᠲᠠᠨ᠎ᠠ) ᠡᠴᠡ ᠳᠡᠭᠡᠭ᠌ᠰᠢ ᠪᠠᠢᠪᠠᠯ ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠡᠯ ᠤ᠋ᠨ ᠮᠠᠱᠢᠨ ᠲᠡᠷᠭᠡ ᠪᠦᠷᠢᠳᠦ 4000 ᠲᠥᠭᠥᠷᠢᠭ ᠤ᠋ᠨ ᠨᠦᠬᠦᠪᠤᠷᠢ ᠤᠯᠭᠤᠵᠤ᠂ ᠱᠢᠨ᠎ᠡ ᠡᠨᠧᠷᠭᠢ᠎ᠶ᠋ᠢᠨ ᠰᠠᠭᠤᠳᠡᠯ ᠤ᠋ᠨ ᠮᠠᠱᠢᠨ ᠲᠡᠷᠭᠡ ᠪᠦᠷᠢᠳᠦ 5000 ᠲᠥᠭᠥᠷᠢᠭ ᠤ᠋ᠨ ᠨᠦᠬᠦᠪᠤᠷᠢ ᠤᠯᠭᠤᠨ᠎ᠡ᠃