《ᠡᠷᠢᠶᠡᠨ ᠬᠣᠲᠠ — ᠮᠣᠩᠭᠣᠯ ᠤᠯᠤᠰ — ᠣᠷᠣᠰ 》 ᠤ᠋ᠨ ᠳᠤᠮᠳᠠᠳᠤ ᠣᠷᠣᠰ᠎ᠤᠨ ᠬᠠᠭᠤᠷᠠᠶ ᠵᠠᠮ᠎ᠤᠨ ᠲᠡᠭᠡᠭᠡᠪᠦᠷᠢ᠎ᠶ᠋ᠢᠨ ᠱᠢᠤᠳᠠᠨ᠎ᠤ ᠵᠠᠮ ᠨᠡᠪᠲᠡᠷᠡᠯ᠎ᠡ
2026-01-04 10:25:15
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠱᠢᠤᠳᠠᠨ ᠎ᠤ ᠲᠦᠷᠭᠡᠨ ᠬᠦᠷᠭᠡᠯᠳᠡ᠎ᠶ᠋ᠢᠨ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ ᠥᠪᠥᠷ ᠮᠣᠩᠭᠣᠯ᠎ᠤᠨ ᠱᠢᠤᠳᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠤᠢᠷ᠎ᠠ᠎ᠳᠤ ᠪᠣᠭᠣᠮᠲᠠ᠂ ᠬᠤᠳᠠᠯᠳᠤᠭᠠᠨ᠎ᠤ ᠶᠠᠪᠤᠳᠠᠯ᠂ ᠬᠢᠯᠢ ᠬᠢᠵᠠᠭᠠᠷ ᠵᠡᠷᠭᠡ ᠣᠯᠠᠨ ᠰᠠᠯᠠᠭ᠎ᠠ ᠮᠥᠴᠢᠷ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠦ᠂ ᠡᠷᠢᠶᠡᠨ ᠬᠣᠲᠠ᠎ᠳᠤ ᠪᠥᠬᠥ᠌ ᠤᠯᠤᠰ᠎ᠤᠨ ᠠᠩᠬᠠᠳᠠᠭ᠍ᠴᠢ 《ᠡᠷᠢᠶᠡᠨ ᠬᠣᠲᠠ — ᠮᠣᠩᠭᠣᠯ ᠤᠯᠤᠰ — ᠣᠷᠣᠰ 》 ᠤ᠋ᠨ ᠳᠤᠮᠳᠠᠳᠤ ᠣᠷᠣᠰ᠎ᠤᠨ ᠬᠠᠭᠤᠷᠠᠶ ᠵᠠᠮ᠎ᠤᠨ ᠲᠡᠭᠡᠭᠡᠪᠦᠷᠢ᠎ᠶ᠋ᠢᠨ ᠱᠢᠤᠳᠠᠨ᠎ᠤ ᠵᠠᠮ ᠎ᠢ ᠵᠢᠩᠬᠢᠨᠢ᠎ᠪᠡᠷ ᠨᠡᠪᠲᠡᠷᠡᠭᠦᠯᠪᠡ᠃

ᠳᠤᠮᠳᠠᠳᠤ ᠮᠣᠩᠭᠣᠯ᠎ᠤᠨ ᠬᠠᠭᠤᠷᠠᠶ ᠵᠠᠮ᠎ᠤᠨ ᠲᠡᠭᠡᠭᠡᠪᠦᠷᠢ᠎ᠶ᠋ᠢᠨ ᠱᠢᠤᠳᠠᠨ᠎ᠤ ᠵᠠᠮ᠎ᠢ ᠪᠠᠢᠩᠭᠤᠵᠢᠭᠤᠯᠤᠨ ᠡᠵᠡᠩᠨᠡᠭ᠌ᠰᠡᠨ᠎ᠦ ᠳᠠᠷᠠᠭᠠᠬᠢ ᠪᠠᠰᠠ ᠨᠢᠭᠡᠨ ᠴᠢᠬᠤᠯᠠ ᠱᠢᠪᠲᠤᠯᠤᠯᠲᠠ ᠪᠣᠯᠤᠭ᠍ᠰᠠᠨ᠎ᠤ ᠬᠤᠪᠢ᠎ᠳᠤ᠂ ᠲᠣᠰ ᠱᠢᠤᠳᠠᠨ᠎ᠤ ᠵᠠᠮ᠎ᠤᠨ ᠨᠡᠪᠲᠡᠷᠡᠭᠰᠡᠨ᠎ᠨᠢ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ᠌ ᠪᠠᠢᠷᠢᠱᠢᠯ ᠳᠤᠮᠳᠠ ᠴᠣ᠌ ᠱᠢᠨ᠎ᠡ ᠬᠢᠯᠢ ᠠᠯᠤᠰᠯᠠᠨ ᠭᠤᠪᠢᠭᠤᠯᠬᠤ ᠵᠠᠮ ᠎ᠢ ᠨᠡᠭᠡᠭᠡᠭᠰᠡᠨ᠎ᠢ ᠬᠠᠷᠠᠭᠤᠯᠵᠦ᠂ ᠳᠤᠮᠳᠠᠳᠤ ᠮᠣᠩᠭᠣᠯ ᠣᠷᠣᠰ᠎ᠤᠨ ᠬᠢᠯᠢ ᠠᠯᠤᠰᠯᠠᠨ ᠭᠤᠪᠢᠭᠤᠯᠬᠤ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠱᠢᠤᠳᠠᠨ᠎ᠤ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠦᠨ ᠤᠯᠤᠰ᠎ᠤᠨ《 ᠨᠢᠭᠡ ᠪᠦᠰᠡ ᠨᠢᠭᠡ ᠵᠠᠮ 》 ᠤ᠋ᠨ ᠰᠠᠨᠠᠭᠠᠴᠢᠯᠠᠭ᠎ᠠ ᠪᠣᠯᠤᠨ ᠧᠦ᠋ᠷᠣᠫᠠ ᠠᠽᠢᠶ᠎ᠠ᠎ᠶ᠋ᠢᠨ ᠠᠵᠤ ᠠᠬᠤᠶ᠎ᠶ᠋ᠢᠨ ᠬᠣᠯᠪᠣᠭ᠎ᠠ᠎ᠶ᠋ᠢ ᠵᠣᠯᠭᠠᠭᠤᠯᠬᠤ᠎ᠳᠤ ᠦᠶ᠋ᠯᠡᠴᠢᠯᠡᠭᠰᠡᠨ ᠴᠢᠬᠤᠯᠠ ᠦᠶ᠋ᠯᠡᠳᠦᠯᠭᠡ ᠪᠣᠯᠤᠨ᠎ᠠ᠃ ᠠᠩᠬᠠᠨ᠎ᠤ ᠲᠡᠷᠭᠡᠨ᠎ᠦ ᠱᠢᠤᠳᠠᠨ᠎ᠤ ᠵᠦᠶ᠋ᠯᠡᠰ᠎ᠨᠢ ᠡᠳᠦᠷ ᠲᠤᠲᠤᠮ᠎ᠤᠨ ᠬᠡᠷᠡᠭ᠌ᠯᠡᠭᠡᠨ᠎ᠦ ᠪᠦᠷᠢᠨ ᠪᠠᠷᠠᠭ᠎ᠠ᠂ ᠬᠡᠷ᠎ᠦᠨ ᠵᠢᠵᠢᠭ ᠴᠠᠬᠢᠯᠭᠠᠨ ᠬᠡᠷᠡᠭ᠌ᠰᠡᠯ᠂ ᠬᠤᠪᠴᠠᠰᠤ ᠬᠤᠨᠠᠷ ᠵᠠᠰᠠᠯ ᠴᠢᠮᠡᠭ᠌ᠯᠡᠯ ᠵᠡᠷᠭᠡ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠲᠠᠸᠠᠷ᠎ᠢ ᠬᠠᠮᠤᠷᠴᠤ᠌᠂ ᠡᠷᠢᠶᠡᠨ ᠬᠣᠲᠠ᠎ᠶ᠋ᠢᠨ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠪᠠᠷ ᠳᠡᠮᠵᠢᠨ ᠬᠢᠯᠢ᠎ᠡᠴᠡ ᠭᠠᠷᠤᠭ᠍ᠰᠠᠨ᠎ᠤ ᠳᠠᠷᠠᠭ᠎ᠠ᠂ ᠮᠣᠩᠭᠣᠯ ᠤᠯᠤᠰ᠎ᠤᠨ ᠬᠢᠯᠢ᠎ᠪᠡᠷ ᠥᠩᠭᠡᠷᠡᠬᠦ᠌ ᠲᠡᠭᠡᠭᠡᠪᠦᠷᠢ᠎ᠶ᠋ᠢᠨ ᠨᠡᠪᠲᠡᠷᠡᠯ ᠵᠠᠮ᠎ᠢᠶᠡᠷ ᠦᠨᠭᠭᠡᠷᠡᠵᠦ᠂ ᠣᠷᠣᠰ᠎ᠤᠨ ᠱᠢᠨ᠎ᠡ ᠱᠢᠪᠧᠷᠢᠶ᠎ᠠ᠎ᠶ᠋ᠢᠨ ᠱᠢᠤᠳᠠᠨ᠎ᠤ ᠶᠠᠪᠤᠳᠠᠯ᠎ᠤᠨ ᠢᠯᠭᠠᠨ ᠲᠠᠨᠢᠬᠤ ᠲᠥᠪ᠎ᠲᠦ ᠰᠢᠭᠤᠳ ᠬᠦᠷᠴᠦ᠂ ᠣᠯᠠᠨ ᠤᠯᠤᠰ᠎ᠤᠨ ᠬᠡᠰᠡᠭ ᠲᠦ᠍ ᠱᠢᠭᠤᠳ ᠬᠥᠷᠬᠥ᠌ ᠲᠡᠭᠡᠭᠡᠪᠦᠷᠢ᠎ᠶ᠋ᠢᠨ ᠬᠦᠴᠦᠨ᠎ᠲᠡᠶ ᠬᠤᠭᠤᠴᠠᠭ᠎ᠠ᠎ᠨᠢ ᠪᠠᠷᠤᠭ 510 ᠡᠳᠦᠷ ᠪᠤᠯᠤᠨ᠎ᠠ᠃ ᠲᠤᠰ ᠱᠢᠤᠳᠠᠨ᠎ᠤ ᠵᠠᠮ᠎ᠨᠢ ᠡᠬᠢᠨ᠎ᠦ ᠬᠤᠭᠤᠴᠠᠭᠠᠨ᠎ᠳᠤ ᠨᠢᠭᠡ ᠭᠠᠷᠠᠭ᠎ᠲᠤ ᠭᠤᠷᠪᠠ ᠤᠳᠠᠭ᠎ᠠ ᠲᠡᠷᠭᠡ ᠨᠡᠪᠳᠡᠷᠡᠬᠦ ᠲᠠᠪᠳᠠᠮᠵᠢ᠎ᠶ᠋ᠢ ᠬᠡᠷᠡᠭ᠌ᠵᠢᠭᠦᠯᠵᠦ᠍᠂ ᠡᠵᠡᠩᠨᠡᠯᠲᠡ᠎ᠨᠢ ᠲᠣᠭ᠍ᠲᠠᠭᠤᠨ ᠪᠣᠯᠤᠭ᠍ᠰᠠᠨ᠎ᠤ ᠳᠠᠷᠠᠭ᠎ᠠ ᠡᠳᠦᠷ ᠪᠦᠷᠢ 1 — 2 ᠲᠡᠷᠭᠡ ᠪᠣᠯᠭᠠᠨ ᠨᠡᠮᠡᠭ᠌ᠳᠡᠬᠦᠯᠦᠨ᠂ ᠳᠤᠮᠳᠠᠳᠤ ᠤᠯᠤᠰ᠎ᠤᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠲᠠᠸᠠᠷ᠎ᠢ ᠣᠷᠣᠰ᠎ᠤᠨ ᠬᠡᠷᠡᠭ᠌ᠯᠡᠭ᠌ᠴᠢᠳ᠎ᠲᠦ ᠨᠠᠩ ᠳᠥᠭᠥᠮ ᠳᠥᠲᠡ᠎ᠪᠡᠷ ᠬᠦᠷᠭᠡᠬᠦ ᠪᠤᠯᠤᠨ᠎ᠠ᠃

ᠡᠷᠢᠶᠡᠨ ᠬᠣᠲᠠ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠪᠠᠷᠠᠭᠠᠨ᠎ᠤ ᠭᠦᠶ᠋ᠯᠭᠡᠭᠡ᠎ᠶᠢᠨ ᠬᠦᠷᠢᠶᠡᠯᠡᠩ᠎ᠦᠨ ᠪᠣᠯᠪᠠᠰᠤᠷᠠᠩᠭᠤᠶ ᠰᠠᠭᠤᠷᠢ ᠲᠦᠬᠦᠭᠡᠷᠦᠮᠵᠢ᠎ᠳᠡᠭᠡᠨ ᠲᠦᠱᠢᠭ᠌ᠯᠡᠨ᠂ ᠱᠢᠤᠳᠠᠨ᠎ᠤ ᠵᠦᠶ᠋ᠯᠡᠰ᠂ ᠲᠦᠷᠭᠡᠨ ᠬᠦᠷᠭᠡᠯᠳᠡ᠎ᠶ᠋ᠢᠨ ᠵᠦᠶ᠋ᠯᠡᠰ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ 《ᠭᠤᠷᠪᠠᠨ ᠪᠣᠭᠣᠮᠲᠠ᠎ᠶ᠋ᠢ ᠨᠢᠭᠡᠳᠭᠡᠬᠦ᠌》 ᠬᠢᠨᠠᠯᠲᠠ ᠬᠠᠮᠢᠶᠠᠷᠤᠯᠲᠠ᠎ᠶ᠋ᠢᠨ ᠪᠣᠭᠣᠮᠲᠠ ᠥᠩᠭᠡᠷᠡᠬᠦ᠌ ᠱᠢᠨ᠎ᠡ ᠵᠠᠭ᠍ᠪᠤᠷ᠎ᠢ ᠱᠢᠨ᠎ᠡ᠎ᠪᠡᠷ ᠡᠭᠦᠳᠴᠦ᠂ ᠳᠤᠮᠳᠠᠳᠤ ᠤᠯᠤᠰ᠎ᠤᠨ ᠱᠢᠤᠳᠠᠨ᠎ᠤ ᠪᠥᠬᠥ᠌ ᠬᠡᠯᠬᠢᠶᠡᠨ᠎ᠦ ᠦᠶ᠋ᠯᠡᠴᠢᠯᠡᠭᠡᠨ ᠎ᠦ ᠴᠢᠳᠠᠪᠤᠷᠢ᠎ᠳᠤ ᠲᠦᠱᠢᠭ᠌ᠯᠡᠨ᠂ ᠪᠣᠭᠣᠮᠲᠠ᠎ᠶ᠋ᠢᠨ ᠪᠠᠢᠴᠠᠭᠠᠨ ᠱᠢᠯᠭᠠᠬᠤ᠂ ᠬᠢᠯᠢ᠎ᠶ᠋ᠢᠨ ᠠᠴᠢᠶ᠎ᠠ ᠰᠣᠯᠢᠬᠤ᠂ ᠬᠢᠯᠢ ᠠᠯᠤᠰᠯᠠᠨ ᠲᠡᠭᠡᠭᠡᠪᠦᠷᠢᠯᠡᠬᠦ᠌᠎ᠡᠴᠡ ᠳᠣᠭᠢᠷᠠᠭᠤᠯᠤᠨ ᠬᠦᠷᠭᠡᠬᠦ᠌ ᠬᠦᠷᠲᠡᠯᠡᠬᠢ᠎ᠶ᠋ᠢ ᠨᠢᠭ᠍ᠲᠠ ᠵᠣᠯᠭᠠᠭᠤᠯᠬᠤ᠎ᠶ᠋ᠢ ᠪᠡᠶᠡᠯᠡᠭᠦᠯᠵᠦ᠍᠂ ᠬᠢᠯᠢ ᠠᠯᠤᠰᠯᠠᠨ ᠢᠯᠡᠭᠡᠬᠦ᠌᠎ᠳᠦ ᠠᠮᠤᠷ ᠲᠦᠪᠱᠢᠨ᠂ ᠥᠨᠳᠥᠷ ᠪᠦᠲᠦᠮᠵᠢᠲᠡᠶ᠂ ᠳᠥᠭᠥᠮ ᠳᠥᠲᠡ ᠪᠠᠷᠠᠭᠠᠨ᠎ᠤ ᠭᠦᠶ᠋ᠯᠭᠡᠭᠡ᠎ᠶᠢᠨ ᠱᠢᠶ᠋ᠳᠪᠦᠷᠢᠯᠡᠬᠦ᠌ ᠲᠥᠰᠦᠯ᠎ᠢ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号