ᠬᠦᠬᠡᠬᠤᠳᠠ ᠎ᠶ᠋ᠢᠨ ᠳᠣᠲᠣᠭᠠᠳᠤ ᠎ᠶ᠋ᠢ ᠬᠠᠮᠠᠭᠠᠯᠠᠬᠤ ᠲᠣᠪᠴᠢᠶ᠎ᠠ ᠮᠠᠱᠢᠨ ᠲᠡᠷᠭᠡ᠎ᠶ᠋ᠢ ᠳᠤᠷ᠎ᠠ᠎ᠪᠠᠷ᠎ᠢᠶᠠᠨ ᠵᠣᠭ᠍ᠰᠣᠭᠠᠬᠤ᠎ᠠᠵᠢᠯᠯᠠᠭ᠎ᠠ ᠵᠢ ᠲᠤᠰᠭᠠᠶ ᠴᠡᠭ᠌ᠴᠡᠯᠡᠨ ᠵᠠᠰᠠᠵᠤ ᠪᠤᠢ
2026-01-04 10:20:42
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

2025 ᠤᠨ ᠎ᠤ 12 ᠰᠠᠷ᠎ᠠ᠎ᠶ᠋ᠢᠨ 23 ᠎ᠤ᠋ ᠡᠳᠦᠷ ᠎ᠡᠴᠡ ᠡᠬᠢᠯᠡᠨ᠂ ᠬᠥᠬᠡᠬᠣᠲᠠ ᠎ᠶ᠋ᠢᠨ ᠳᠣᠲᠣᠭᠠᠳᠤ ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ  ᠪᠥᠬᠥ᠌ ᠬᠣᠲᠠ᠎ᠶ᠋ᠢᠨ ᠬᠡᠪᠴᠢᠶᠡᠨ᠎ᠳᠦ ᠮᠠᠱᠢᠨ ᠲᠡᠷᠭᠡ᠎ᠶ᠋ᠢ ᠳᠤᠷ᠎ᠠ᠎ᠪᠠᠷ᠎ᠢᠶᠠᠨ ᠵᠣᠭ᠍ᠰᠣᠭᠠᠵᠤ ᠳᠤᠷ᠎ᠠ᠎ᠪᠠᠷ᠎ᠢᠶᠠᠨ ᠲᠠᠯᠪᠢᠬᠤ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠦᠷᠨᠢᠬᠦᠯᠵᠡᠢ᠃

ᠬᠥᠬᠡᠬᠣᠲᠠ᠎ᠶ᠋ᠢᠨ ᠵᠠᠮ ᠬᠠᠷᠢᠯᠴᠠᠭᠠᠨ ᠎ᠤ ᠴᠠᠭ᠍ᠳᠠᠭ᠎ᠠ ᠵᠢᠨ ᠬᠢᠨ ᠲᠤᠬᠳᠠᠭᠠᠯ ᠡᠴᠨ ᠵᠦᠷᠢᠴᠡᠨ ᠮᠠᠰᠢᠨ ᠲᠡᠷᠬᠡ ᠵᠤᠬᠰᠤᠭᠠᠬᠤ ᠶᠠᠪᠤᠳᠠᠯ ᠤᠯᠠᠨ ᠭᠠᠷᠴᠤ ᠪᠠᠢᠭ᠎ᠠ  ᠵᠠᠮ᠎ᠳᠦ ᠠᠦ᠋ᠲ᠋ᠣ᠋ ᠰᠡᠭᠦᠳᠡᠷᠯᠡᠬᠦ᠌ ᠲᠥᠬᠥᠭᠡᠷᠦᠮᠵᠢ ᠨᠡᠮᠡᠵᠦ᠍ ᠳᠣᠭᠢᠷᠠᠭᠤᠯᠤᠨ᠂ ᠪᠦᠬᠦᠯᠢ ᠡᠳᠦᠷ᠎ᠢᠶᠡᠷ ᠬᠢᠨᠠᠨ ᠡᠵᠡᠮᠳᠡᠵᠦ᠍ ᠭᠡᠷᠡᠴᠢ ᠠᠪᠤᠨ᠎ᠠ;ᠵᠠᠮ ᠬᠠᠷᠢᠯᠴᠠᠭᠠᠨ᠎ᠤ ᠴᠠᠭ᠍ᠳᠠᠭ᠎ᠠ ᠪᠠᠰᠠ ᠬᠥᠳᠡᠯᠦᠩᠭᠦᠶ᠎ᠪᠡᠷ ᠲᠣᠭᠣᠷᠢᠨ ᠴᠠᠭ᠍ᠳᠠᠵᠤ᠂ ᠲᠣᠭ᠍ᠲᠠᠭᠠᠯ᠎ᠢ ᠵᠥᠷᠢᠴᠡᠭ᠌ᠰᠡᠨ ᠠᠵᠢᠯᠯᠠᠭ᠎ᠠ᠎ᠶ᠋ᠢ ᠲᠦᠷᠭᠡᠨ ᠪᠠᠢᠴᠠᠭᠠᠵᠦ ᠲᠦᠷᠭᠡᠨ ᠱᠢᠶ᠋ᠳᠪᠦᠷᠢᠯᠡᠨ᠎ᠡ᠃ ᠡᠮᠨᠡᠯᠭᠡ᠎ᠶ᠋ᠢᠨ ᠬᠣᠷᠢᠶ᠎ᠠ᠂ ᠰᠤᠷᠭᠠᠭᠤᠯᠢ᠂ ᠰᠠᠭᠤᠭᠠᠯᠢ ᠠᠷᠠᠳ ᠤ᠋ᠨ ᠲᠣᠭᠣᠷᠢᠭ ᠎ᠤᠨ ᠡᠷᠭᠢᠨ ᠲᠣᠭᠣᠷᠢᠨ ᠎ᠤ ᠣᠬᠣᠷ ᠬᠤᠭᠤᠴᠠᠭᠠᠨ᠎ᠳᠤ ᠮᠠᠰᠢᠨ ᠲᠡᠷᠭᠡ ᠵᠣᠭ᠍ᠰᠣᠭᠠᠬᠤ᠎ᠳᠤ ᠬᠦᠴᠢᠷᠲᠡᠶ ᠪᠠᠢᠭ᠎ᠠ ᠠᠰᠠᠭᠤᠳᠠᠯ ᠎ᠳᠤ ᠴᠢᠭ᠌ᠯᠡᠭᠦᠯᠦᠨ  ᠬᠤᠯᠪᠤᠬᠳᠠᠯ ᠪᠦᠬᠦᠢ  ᠰᠠᠯᠠᠭ᠎ᠠ ᠮᠥᠴᠢᠷ᠎ᠲᠡᠶ ᠢᠳᠡᠪᠬᠢᠲᠡᠶ ᠬᠠᠮᠵᠢᠯᠴᠠᠨ᠂ ᠡᠷᠭᠢᠨ ᠲᠣᠭᠣᠷᠢᠨ᠎ᠤ ᠪᠠᠢᠭᠤᠯᠭ᠎ᠠ ᠨᠢᠬᠡᠴᠢ  ᠵᠢᠨ  ᠮᠠᠰᠢᠨ ᠲᠡᠷᠭᠡᠨ᠎ᠤ ᠵᠣᠭ᠍ᠰᠣᠭᠠᠯ ᠎ᠢ  ᠴᠠᠭ ᠵᠥᠷᠢᠭᠦᠯᠦᠨ ᠬᠠᠮᠲᠤ᠎ᠳᠠᠭᠠᠨ ᠡᠳ᠋ᠯᠡᠬᠦ᠌᠎ᠶ᠋ᠢ ᠠᠬᠢᠭᠤᠯᠵᠤ᠂ ᠰᠤᠯᠠ ᠪᠠᠢᠭ᠎ᠠ ᠭᠠᠵᠠᠷ  ᠲᠡᠭᠡᠷ᠎ᠡ  ᠲᠦᠷ ᠴᠠᠭ᠎ᠤᠨ ᠮᠠᠰᠢᠨ ᠲᠡᠷᠭᠡᠨ᠎ᠤ ᠵᠣᠭ᠍ᠰᠣᠭᠠᠯ ᠨᠡᠮᠡᠵᠦ᠍᠂ ᠪᠠᠷᠢᠨ ᠵᠤᠬᠰᠤᠵᠤ ᠪᠠᠷᠢᠨ ᠶᠠᠪᠤᠬᠤ ᠲᠤᠭᠤᠷᠢᠬ ᠭᠠᠷᠭᠠᠨ᠂ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠢ ᠴᠢᠷᠮᠠᠢᠨ ᠨᠠᠮᠳᠠᠭᠤᠯᠪᠠ᠃ ᠵᠠᠮ ᠬᠠᠷᠢᠯᠴᠠᠭᠠᠨ ᠎ᠤ ᠴᠠᠭ᠍ᠳᠠᠭ᠎ᠠ ᠬᠢᠭᠡᠳ ᠬᠣᠲᠠ᠎ᠶ᠋ᠢᠨ ᠬᠠᠮᠢᠶᠠᠷᠤᠯᠲᠠ᠎ᠶ᠋ᠢᠨ ᠳᠤᠭᠤᠢᠯᠠᠩ ᠬᠠᠤᠯᠢ ᠬᠡᠷᠡᠭ᠌ᠵᠢᠭᠦᠯᠬᠦ᠌  ᠪᠠᠭ᠎ᠠ ᠠᠩᠭᠢ  ᠪᠠᠢᠭᠤᠯᠵᠦ᠂  ᠬᠡᠰᠡᠭ ᠬᠤᠪᠢᠶᠠᠨ ᠳᠠᠭᠠᠭᠠᠴᠢᠯᠠᠨ ᠬᠣᠯᠪᠣᠭᠠᠯᠠᠬᠤ ᠬᠠᠷᠢᠭᠤᠴᠠᠯᠭ᠎ᠠ᠎ᠶ᠋ᠢᠨ ᠳᠦᠷᠢᠮ᠎ᠢ ᠬᠡᠷᠡᠭ᠌ᠵᠢᠭᠦᠯᠪᠡ᠃ ᠱᠢᠨ᠎ᠡ ᠵᠠᠭᠤᠴᠢᠯᠠᠭᠤᠷ᠂ ᠵᠠᠮ᠎ᠤᠨ ᠳᠡᠯᠭᠡᠴᠡ ᠵᠡᠷᠭᠡ ᠣᠯᠠᠨ ᠵᠦᠶ᠋ᠯ᠎ᠦᠨ ᠠᠷᠭ᠎ᠠ ᠵᠠᠮ ᠎ᠢᠶᠠᠷ ᠲᠠᠮᠵᠢᠨ ᠴᠢᠩᠭ᠎ᠠ ᠬᠠᠮᠢᠶᠠᠷᠴᠤ᠌ ᠪᠠᠢᠭ᠎ᠠ ᠵᠠᠮ᠎ᠢ  ᠥᠷᠭᠡᠨ᠎ᠢᠶᠡᠷ ᠵᠠᠷᠯᠠᠵᠤ᠂ ᠨᠡᠢᠭᠡᠮ ᠲᠣᠭᠣᠷᠢᠭ᠂ ᠠᠵᠤ ᠠᠬᠤᠢᠯᠠᠯ᠎ᠳᠤ ᠭᠦᠨᠵᠡᠭᠡᠢᠷᠡᠨ᠂  ᠤᠬᠠᠭᠤᠯᠤᠨ ᠲᠠᠢᠯᠪᠤᠷᠢᠯᠠᠬᠤ ᠠᠵᠢᠯ ᠥᠷᠨᠢᠭᠦᠯᠦᠨ᠂ ᠨᠡᠢᠲᠡᠯᠢᠭ ᠬᠡᠷᠡᠭ᠎ᠦᠨ ᠵᠢᠱ᠌ᠢᠶ᠎ᠡ ᠎ᠶ᠋ᠢ  ᠨᠡᠢᠳᠡᠯᠡᠨ ᠰᠡᠷᠡᠮᠵᠢᠯᠡᠬᠦᠯᠵᠠᠢ᠃ 

ᠲᠤᠰ ᠤᠳᠠᠭ᠎ᠠ ᠵᠢᠨ ᠴᠡᠭ᠌ᠴᠡᠯᠡᠨ ᠵᠠᠰᠠᠬᠤ ᠠᠵᠢᠯ ᠎ᠢ ᠭᠤᠷᠪᠠᠨ ᠱᠠᠲᠤ ᠬᠤᠪᠢᠶᠠᠨ ᠯᠠᠪᠳᠠᠭᠤᠨ᠎ᠢᠶᠠᠷ ᠠᠬᠢᠭᠤᠯᠤᠨ᠎ᠠ᠃  2025 ᠣᠨ ᠎ᠤ 12 ᠰᠠᠷ᠎ᠠ᠎ᠶ᠋ᠢᠨ 23᠎ᠡᠴᠨ  2026 ᠣᠨ᠎ᠤ  1 ᠰᠠᠷ᠎ᠠ᠎ᠶ᠋ᠢᠨ 12  ᠤ᠋ᠨ  ᠡᠳᠦᠷ ᠪᠤᠯᠳᠠᠯᠠᠬᠢ  ᠬᠤᠭᠤᠴᠠᠭ᠎ᠠ ᠪᠤᠯ  ᠭᠤᠤᠯᠳᠠᠯᠭ᠎ᠠ᠎ᠲᠠᠶ ᠪᠡᠷᠬᠡ ᠰᠡᠳᠦᠪ ᠎ᠢ ᠱᠢᠶ᠋ᠳᠪᠦᠷᠢᠯᠡᠬᠦ᠌ ᠱᠠᠲᠤ ᠪᠠᠢᠵᠦ᠂ ᠴᠠᠭ᠍ᠳᠠᠭᠠᠨ᠎ᠤ ᠬᠦᠴᠦᠨ᠎ᠢᠶᠡᠨ ᠲᠥᠪᠯᠡᠷᠡᠭᠦᠯᠦᠨ᠂  ᠨᠢᠭᠡ ᠪᠦᠯᠦᠭ  ᠮᠠᠰᠢᠨ ᠲᠡᠷᠭᠡ ᠵᠣᠭ᠍ᠰᠣᠬᠤ ᠵᠢᠷᠤᠮᠵᠢᠭ᠍ᠰᠠᠨ ᠦᠯᠢᠭᠡᠷ ᠬᠡᠪ ᠎ᠦᠨ ᠵᠠᠮ ᠎ᠢ ᠪᠠᠢᠭᠤᠯᠵᠤ᠂ ᠳᠡᠯᠭᠡᠷᠡᠭᠦᠯᠵᠦ᠍ ᠪᠣᠯᠬᠤ ᠲᠤᠷᠱᠢᠯᠭ᠎ᠠ᠎ᠶ᠋ᠢ ᠪᠦᠷᠢᠯᠳᠦᠭᠦᠯᠦᠨ᠎ᠡ; 2026 ᠣᠨ ᠎ᠤ 1 ᠰᠠᠷ᠎ᠠ ᠎ᠶ᠋ᠢᠨ 13 ᠎ᠡᠴᠨ  2026 ᠣᠨ᠎ᠤ 4  ᠰᠠᠷ᠎ᠠ᠎ᠶ᠋ᠢᠨ 30 ᠎ᠤ᠋ ᠡᠳᠦᠷ ᠪᠣᠯᠲᠠᠯᠠᠬᠢ ᠬᠤᠭᠤᠴᠠᠭ᠎ᠠ ᠪᠣᠯ ᠲᠠᠰ ᠬᠤᠪᠢᠶᠠᠨ ᠦᠷ᠎ᠡ ᠪᠦᠲᠦᠮᠵᠢ ᠤᠯᠬᠤ ᠱᠠᠲᠤ ᠪᠠᠢᠵᠦ᠂ ᠲᠤᠷᠱᠢᠯᠭ᠎ᠠ᠎ᠶ᠋ᠢ ᠪᠥᠬᠥ᠌ ᠲᠠᠯ᠎ᠠ᠎ᠪᠠᠷ ᠳᠡᠯᠭᠡᠷᠡᠭᠦᠯᠵᠦ᠍᠂ ᠲᠠᠰ ᠬᠤᠪᠢᠶᠠᠨ ᠬᠠᠮᠢᠶᠠᠷᠬᠤ ᠦᠷ᠎ᠡ ᠪᠦᠲᠦᠮᠵᠢ᠎ᠶ᠋ᠢ ᠠᠩᠬ᠎ᠠ ᠠᠯᠬᠤᠮ ᠢᠯᠡᠷᠡᠭᠦᠯᠦᠨ᠎ᠡ; 2026 ᠣᠨ᠎ᠤ 5  ᠰᠠᠷ᠎ᠠ᠎ᠶ᠋ᠢᠨ 1 ᠎ᠤ᠋  ᠡᠳᠦᠷ᠎ᠡᠴᠡ ᠬᠤᠢᠰᠢ ᠪᠤᠯ ᠪᠠᠢᠩᠭᠤᠵᠢᠭᠤᠯᠤᠨ ᠪᠡᠬᠢᠵᠢᠭᠦᠯᠬᠦ᠌ ᠱᠠᠲᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号