ᠥᠪᠥᠷ ᠮᠣᠩᠭᠣᠯ ᠬᠡᠦᠭᠡᠦᠨ᠎ᠦᠨ ᠠᠰᠠᠷᠠᠮᠵᠢ ᠵᠢᠨ ᠳᠦᠷᠢᠮ᠎ᠦᠨ ᠲᠤᠬᠳᠠᠴᠠ ᠵᠢ ᠪᠦᠷᠢᠨᠰᠢᠬᠦᠯᠵᠦ ᠪᠤᠢ
2026-01-04 10:35:20
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

 ᠲᠦᠷᠦᠭᠦᠭᠡᠨ ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ᠎ᠤ ᠠᠷᠠᠳ᠎ᠦᠨ ᠶᠠᠪᠤᠳᠠᠯ᠎ᠦᠨ ᠲᠢᠨᠭᠬᠢᠮ᠎ᠠᠴᠠ ᠣᠢᠯᠠᠭᠠᠭ᠍ᠰᠠᠨ᠎ᠢᠶᠡᠷ᠂ 《ᠠᠷᠪᠠᠨ ᠲᠦᠷᠪᠡᠳᠦᠭᠡᠷ ᠲᠠᠪᠤᠨ ᠵᠢᠯ》 ᠡᠴᠠ ᠨᠠᠭᠠᠰᠢ ᠥᠪᠥᠷ ᠮᠣᠩᠭᠣᠯ ᠦᠨᠳᠦᠰᠦᠨ ᠵᠦᠢᠯ ᠎ᠢ ᠪᠠᠲᠤᠯᠠᠬᠤ᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠂ ᠡᠷᠬᠡ ᠠᠱᠢᠭ᠎ᠢ ᠬᠠᠮᠠᠭᠠᠯᠠᠬᠤ᠂ ᠬᠥᠭ᠌ᠵᠢᠯᠲᠡ᠎ᠶ᠋ᠢ ᠠᠬᠢᠭᠤᠯᠬᠤ ᠠᠵᠢᠯ᠎ᠤᠨ ᠰᠡᠳᠭᠢᠴᠡ ᠪᠡᠷ ᠬᠡᠦᠬᠡᠳ᠎ᠦᠨ ᠠᠰᠠᠷᠠᠮᠵᠢ᠎ᠶ᠋ᠢᠨ ᠳᠦᠷᠢᠮ᠎ᠦᠨ ᠲᠣᠭ᠍ᠲᠠᠴᠠ᠎ᠶ᠋ᠢ ᠪᠦᠷᠢᠨᠰᠢᠬᠦᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ ᠎ᠢ  ᠬᠡᠦᠬᠡᠳ᠎ᠦᠨ ᠬᠦᠷᠲᠡᠮᠵᠢ᠎ᠶ᠋ᠢᠨ ᠲᠥᠷᠥᠭ᠌ᠳᠡᠯ ᠪᠠ ᠠᠮᠤᠷ ᠲᠦᠪᠱᠢᠨ᠎ᠦ ᠲᠥᠷᠥᠭ᠌ᠳᠡᠯ ᠪᠣᠯᠭᠠᠨ ᠬᠤᠪᠢᠷᠠᠭᠤᠯᠬᠤ ᠵᠢ ᠠᠬᠢᠭᠤᠯᠪᠠ᠃

ᠦᠢᠯᠠᠭᠠᠭᠰᠨᠨ᠎ᠢᠶᠡᠷ᠂ ᠦᠪᠦᠷ ᠮᠤᠨᠭᠭᠤᠯ 2025 ᠤᠨ ᠳ᠋ᠤ᠂ 《ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠲᠥᠷᠥᠯ ᠬᠤᠪᠢᠶᠠᠨ ᠪᠠᠲᠤᠯᠠᠬᠤ ᠲᠦᠷᠢᠮ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠨᠡᠢᠲᠡᠯᠡᠵᠦ᠍᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠦᠨᠳᠦᠰᠦᠨ ᠣᠷᠣᠱᠢᠨ ᠲᠣᠭ᠍ᠲᠠᠨᠢᠬᠤ ᠡᠷᠬᠡ᠂ ᠡᠷᠡᠭᠦᠯ ᠮᠡᠨᠳᠦ᠍᠎ᠶ᠋ᠢᠨ ᠡᠷᠬᠡ᠂ ᠬᠥᠭ᠌ᠵᠢᠯᠲᠡ᠎ᠶ᠋ᠢᠨ ᠡᠷᠬᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠱᠢᠰᠲ᠋ᠧᠮ᠂ ᠡᠮᠴᠢᠯᠡᠭᠡ ᠡᠷᠡᠭᠦᠯᠵᠢᠯ᠎ᠦᠨ ᠦᠶ᠋ᠯᠡᠴᠢᠯᠡᠭᠡᠨ᠎ᠦ ᠱᠢᠰᠲ᠋ᠧᠮ᠂ ᠣᠯᠠᠨ ᠨᠡᠢᠲᠡ᠎ᠶ᠋ᠢᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠱᠢᠰᠲ᠋ᠧᠮ᠂ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠱᠢᠰᠲ᠋ᠧᠮ᠂  ᠪᠡᠶ᠎ᠡ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠱᠢᠰᠲ᠋ᠧᠮ᠂ ᠬᠠᠤᠯᠢ᠎ᠪᠠᠷ ᠲᠣᠭ᠍ᠲᠠᠭᠠᠭ᠍ᠰᠠᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ᠎ᠶ᠋ᠢᠨ ᠱᠢᠰᠲ᠋ᠧᠮ ᠵᠡᠷᠭᠡ ᠵᠢᠷᠭᠤᠭᠠᠨ ᠲᠠᠯ᠎ᠠ᠎ᠠᠴᠠ ᠲᠦᠷᠢᠮ᠎ᠦᠨ ᠲᠤᠯᠭᠠᠭᠤᠷᠢᠯᠠᠯ᠎ᠢ  ᠴᠢᠩᠭᠠᠳᠭᠠᠪᠠ᠃

ᠣᠳᠣᠬᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠡᠴᠡ ᠲᠥᠪᠯᠡᠷᠡᠭᠦᠯᠦᠨ ᠠᠰᠠᠷᠠᠨ ᠬᠥᠮᠦᠵᠢᠭᠦᠯᠬᠦ᠌᠂ ᠲᠠᠷᠠᠬᠠᠶ ᠪᠤᠲᠠᠷᠬᠠᠶ ᠠᠰᠠᠷᠠᠨ ᠬᠥᠮᠦᠵᠢᠭᠦᠯᠬᠦ᠌ ᠳᠤᠮᠳᠠᠴᠢ ᠪᠠᠲᠤᠯᠠᠭ᠎ᠠ᠎ᠶ᠋ᠢᠨ ᠪᠠᠷᠢᠮᠵᠢᠶ᠎ᠠ᠎ᠨᠢ ᠲᠣᠰ ᠲᠣᠰ ᠰᠠᠷ᠎ᠠ ᠪᠦᠷᠢ 2237 ᠲᠥᠭᠥᠷᠢᠭ ᠪᠠ 1899 ᠲᠥᠭᠥᠷᠢᠭ ᠪᠠᠢᠵᠤ᠂ 《ᠠᠷᠪᠠᠨ ᠭᠤᠷᠪᠠᠳᠤᠭᠠᠷ ᠲᠠᠪᠤᠨ ᠵᠢᠯ 》 ᠦ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ᠎ᠶ᠋ᠢᠨ᠎ᠬᠢ᠎ᠡᠴᠡ ᠴᠥᠮ 20% ᠡᠴᠠ ᠳᠡᠭᠡᠭ᠌ᠰᠢ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ᠎ᠯᠦᠭᠡ ᠬᠠᠷᠢᠯᠴᠠᠨ ᠵᠣᠬᠢᠴᠠᠯᠳᠤᠵᠤ᠂ ᠨᠡᠢᠭᠡᠮ᠎ᠦᠨ ᠪᠠᠲᠤᠯᠠᠭ᠎ᠠ᠂ ᠨᠡᠢᠭᠡᠮ᠎ᠦᠨ ᠠᠪᠤᠷᠠᠨ ᠲᠤᠰᠠᠯᠠᠬᠤ᠂ ᠨᠡᠢᠭᠡᠮ᠎ᠦᠨ ᠠᠰᠠᠷᠠᠮᠵᠢ᠎ᠶ᠋ᠢᠨ ᠲᠥᠷᠥ᠎ᠶ᠋ᠢᠨ ᠪᠣᠳᠣᠯᠭ᠎ᠠ ᠵᠢᠴᠢ ᠨᠢᠭᠦᠯᠡᠰᠦᠩᠭᠦᠶ ᠵᠢᠨ ᠬᠠᠪᠰᠤᠷᠤᠨ ᠲᠡᠳᠬᠦᠬᠦ᠌᠎ᠯᠦᠭᠡ ᠬᠠᠷᠢᠯᠴᠠᠨ ᠵᠣᠯᠭᠠᠯᠳᠤᠭ᠍ᠰᠠᠨ ᠱᠢᠨ᠎ᠡ ᠴᠠᠭ ᠦᠶ᠎ᠡ ᠎ᠶ᠋ᠢᠨ ᠬᠦᠴᠢᠷᠳᠡᠯ ᠎ᠳᠦ ᠲᠤᠯᠭᠠᠷᠠᠭ᠍ᠰᠠᠨ ᠬᠡᠦᠬᠡᠳ᠎ᠦᠨ ᠠᠰᠠᠷᠠᠮᠵᠢ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ ᠪᠣᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号