ᠯᠢ ᠯᠤ᠌ 2025 ᠤᠨ᠎ᠤ ᠲᠤᠮᠳᠠᠳᠤ ᠤᠯᠤᠰ᠎ᠤᠨ ᠬᠤᠪᠤᠷ ᠰᠢᠷᠤᠢ ᠵᠢᠨ ᠰᠤᠳᠤᠯᠭᠠᠨ᠎ᠤ ᠨᠡᠢᠭᠡᠮᠯᠢᠭ᠎ᠤᠨ ᠭᠠᠷᠮᠠᠭᠠᠢ ᠢᠨᠵᠧᠨᠧᠷ᠎ᠤᠨ ᠱᠠᠩᠨᠠᠯ᠎ᠢ ᠬᠦᠷᠳᠡᠪᠡ
2026-01-04 08:37:47
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠲᠤᠮᠳᠠᠳᠤ ᠤᠯᠤᠰ᠎ᠤᠨ ᠬᠤᠪᠤᠷ ᠰᠢᠷᠤᠢ ᠵᠢᠨ ᠰᠤᠳᠤᠯᠭᠠᠨ᠎ᠤ ᠨᠡᠢᠭᠡᠮᠯᠢᠭ᠎ᠤᠨ 2025 ᠤᠨ᠎ᠤ ᠡᠷᠳᠡᠮ ᠰᠢᠨᠵᠢᠯᠡᠭᠡᠨ᠎ᠤ ᠤᠨ᠎ᠤ ᠬᠤᠷᠠᠯ ᠤᠢᠷ᠎ᠠ ᠵᠢᠨ ᠡᠳᠦᠷ ᠹᠦᠵᠢᠶᠠᠨ᠎ᠤ ᠰᠢᠶᠠᠮᠧᠨ ᠳ᠋ᠤ ᠬᠤᠷᠠᠯᠳᠤᠵᠦ᠂ 2025 ᠤᠨ᠎ᠤ ᠭᠠᠷᠮᠠᠭᠠᠢ ᠢᠨᠵᠧᠨᠧᠷ᠎ᠢ ᠰᠢᠯᠭᠠᠷᠠᠭᠤᠯᠤᠨ ᠱᠠᠩᠨᠠᠪᠠ᠃ ᠡᠬᠦᠨ ᠳ᠋ᠤ ᠪᠤᠭᠤᠲᠤ ᠬᠤᠪᠤᠷ ᠰᠢᠷᠤᠢ ᠵᠢᠨ ᠰᠤᠳᠤᠯᠭᠠᠨ᠎ᠤ ᠬᠦᠷᠢᠶᠡᠯᠡᠩ᠎ᠤᠨ ᠲᠢᠶᠠᠨᠵᠢᠨ᠎ᠤ ᠬᠤᠪᠢᠶᠠᠷᠢ ᠬᠦᠷᠢᠶᠡᠯᠡᠩ᠎ᠤᠨ ᠪᠠᠢᠩᠭᠤ ᠵᠢᠨ ᠲᠡᠳ᠋ ᠬᠦᠷᠢᠶᠡᠯᠡᠩ᠎ᠤᠨ ᠲᠠᠷᠤᠭ᠎ᠠ ᠯᠢ ᠯᠤ᠌ ᠬᠤᠪᠤᠷ ᠰᠢᠷᠤᠢ ᠵᠢᠨ ᠮᠠᠲᠧᠷᠢᠶᠠᠯ᠎ᠢ ᠰᠤᠳᠤᠯᠤᠨ ᠨᠡᠭᠡᠭᠡᠬᠦ ᠵᠢᠴᠢ ᠦᠷ᠎ᠠ ᠪᠦᠳᠦᠭᠡᠯ᠎ᠢ ᠬᠤᠪᠢᠷᠠᠭᠤᠯᠬᠤ ᠬᠦᠷᠢᠶᠡᠨ ᠳ᠋ᠡᠬᠢ ᠭᠠᠷᠮᠠᠭᠠᠢ ᠵᠢᠳᠬᠦᠯ ᠵᠢᠡᠷ ᠵᠢᠡᠨ ᠲᠤᠰ ᠱᠠᠩᠨᠠᠯ᠎ᠢ ᠲᠤᠰᠪᠠ᠃

ᠯᠢ ᠯᠤ᠌ ᠪᠤᠯ ᠤᠳᠠᠭᠠᠨ ᠵᠢᠯ ᠬᠤᠪᠤᠷ ᠰᠢᠷᠤᠢ ᠵᠢᠨ ᠮᠠᠲᠧᠷᠢᠶᠠᠯ᠎ᠢ ᠰᠤᠳᠤᠯᠤᠨ ᠨᠡᠭᠡᠭᠡᠬᠦ ᠵᠢᠴᠢ ᠦᠷ᠎ᠠ ᠪᠦᠳᠦᠭᠡᠯ᠎ᠢ ᠬᠤᠪᠢᠷᠠᠭᠤᠯᠬᠤ ᠡᠮᠦᠨ᠎ᠠ ᠹᠷᠤᠨᠲ ᠲᠦ᠍ ᠭᠠᠪᠰᠢᠭᠠᠢᠯᠠᠨ ᠠᠵᠢᠯᠯᠠᠵᠤ᠂ ᠬᠤᠪᠤᠷ ᠰᠢᠷᠤᠢ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠳᠤᠯᠭᠠᠨ᠂ ᠦᠷ᠎ᠠ ᠪᠦᠳᠦᠭᠡᠯ᠎ᠢ ᠬᠤᠪᠢᠷᠠᠭᠤᠯᠬᠤ ᠵᠢᠴᠢ ᠵᠠᠬ᠎ᠠ ᠲᠡᠯᠭᠡᠭᠦᠷ᠎ᠢ ᠨᠡᠭᠡᠭᠡᠬᠦ ᠵᠡᠷᠭᠡ ᠲᠠᠯ᠎ᠠ ᠪᠡᠷ ᠰᠢᠯᠢᠳᠡᠭ ᠦᠷ᠎ᠠ ᠪᠦᠳᠦᠮᠵᠢ ᠤᠯᠵᠠᠢ᠃ ᠲᠡᠷᠡ ᠤᠷᠢᠳ ᠬᠤᠵᠢᠳ 17 ᠬᠤᠪᠢ ᠡᠷᠳᠡᠮ ᠰᠢᠨᠵᠢᠯᠡᠭᠡᠨ᠎ᠤ ᠦᠬᠦᠯᠡᠯ ᠨᠡᠢᠳᠡᠯᠡᠵᠦ᠂ 150 ᠭᠠᠷᠤᠢ ᠵᠦᠢᠯ᠎ᠤᠨ ᠡᠭᠦᠳᠦᠯᠲᠡ ᠵᠢᠨ ᠲᠤᠰᠬᠠᠢ ᠠᠰᠢᠭ᠎ᠤᠨ ᠡᠷᠭᠡ ᠵᠢ ᠡᠷᠡᠮᠡᠯᠵᠡᠵᠦ᠂ 101 ᠵᠦᠢᠯ ᠨᠢ ᠨᠢᠭᠡᠨᠳᠡ ᠲᠤᠰᠬᠠᠢ ᠠᠰᠢᠬ᠎ᠤᠨ ᠡᠷᠬᠡ ᠲᠠᠢ ᠪᠤᠯᠵᠠᠢ᠂ ᠡᠭᠦᠨ᠎ᠤ ᠬᠠᠮᠳᠤ ᠪᠠᠰᠠ 1 ᠬᠠᠮᠳᠤ ᠪᠦᠯᠬᠦᠮ᠎ᠤᠨ  ᠪᠠᠷᠢᠮᠵᠢᠶ᠎ᠠ ᠵᠢ ᠳᠠᠭᠠᠭᠤᠯᠤᠨ ᠭᠤᠤᠯᠯᠠᠨ ᠨᠠᠢᠷᠠᠭᠤᠯᠵᠦ᠂ ᠪᠠᠳᠤ ᠪᠡᠬᠢ ᠰᠢᠨᠵᠢᠯᠡᠬᠦ ᠤᠬᠠᠭᠠᠨ᠎ᠤ᠎ᠰᠤᠳᠤᠯᠭᠠᠨ᠎ᠤ ᠤᠨᠤᠯ ᠪᠤᠯᠤᠨ ᠮᠡᠷᠭᠡᠵᠢᠯ᠎ᠤᠨ ᠰᠢᠰᠲᠧᠮ᠎ᠢ ᠪᠦᠷᠢᠯᠳᠤᠭᠦᠯᠵᠡᠢ᠃

ᠤᠢᠷ᠎ᠠ ᠵᠢᠨ ᠵᠢᠯ ᠡᠴᠡ  ᠯᠢ ᠯᠤ᠌ ᠰᠤᠳᠤᠯᠭᠠᠨ᠎ᠤ ᠪᠦᠯᠬᠦᠮ ᠵᠢᠡᠨ ᠲᠠᠭᠠᠭᠤᠯᠤᠨ᠂ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ᠎ᠢ ᠬᠦᠨᠵᠡᠭᠡᠢ ᠠᠭᠤᠰᠤᠯᠴᠠᠭᠤᠯᠤᠨ᠂ 《ᠵᠠᠬ᠎ᠠ ᠲᠡᠯᠭᠡᠭᠦᠷ ᠵᠢᠡᠷ ᠵᠢᠯᠤᠭᠤᠳᠤᠯᠭ᠎ᠠ ᠪᠤᠯᠭᠠᠨ᠂ ᠬᠡᠷᠡᠭᠯᠡᠭᠴᠢ ᠵᠢᠨ ᠬᠡᠷᠡᠭᠴᠡᠭᠡ ᠪᠡᠷ ᠴᠢᠭᠯᠡᠯ ᠪᠤᠯᠭᠠᠬᠰᠠᠨ》 ᠬᠦᠷᠢᠶᠡᠯᠡᠩ ᠠᠵᠤ ᠠᠬᠤᠢᠯᠠᠯ ᠎ᠤᠨ ᠬᠠᠮᠵᠢᠯᠴᠠᠭᠠᠨ᠎ᠤ ᠵᠠᠬᠪᠤᠷ᠎ᠢ ᠪᠦᠷᠢᠯᠳᠤᠬᠦᠯᠵᠦ᠂ 《ᠰᠠᠭᠤᠷᠢ ᠰᠤᠳᠤᠯᠭᠠᠨ — ᠮᠡᠷᠭᠡᠵᠢᠯ᠎ᠤᠨ ᠨᠡᠭᠡᠭᠡᠯᠳᠡ— ᠦᠷ᠎ᠠ ᠪᠦᠳᠦᠭᠡᠯ᠎ᠢ ᠬᠤᠪᠢᠷᠠᠭᠤᠯᠬᠤ》 ᠪᠦᠬᠦ ᠬᠡᠯᠬᠢᠶᠡᠨ᠎ᠤ ᠰᠢᠨ᠎ᠠ ᠵᠢ ᠡᠭᠦᠳᠬᠦ ᠰᠢᠰᠲᠧᠮ᠎ᠢ ᠪᠠᠢᠭᠤᠯᠪᠠ᠃ ᠲᠡᠭᠦᠨ᠎ᠤ ᠳᠠᠭᠠᠭᠤᠯᠤᠭᠰᠠᠨ ᠪᠦᠯᠬᠦᠮ ᠨᠢ ᠤᠷᠢᠳ ᠬᠤᠵᠢᠳ ᠵᠦᠩ ᠰᠢ ᠢ ᠲᠦ᠂ ᠠᠨ ᠲᠠ (ᠲᠤᠮᠳᠠᠳᠤ ᠤᠯᠤᠰ)᠂ ᠨᠠᠨᠺᠠᠢ ᠶᠡᠬᠡ ᠰᠤᠷᠭᠠᠭᠤᠯᠢ᠂ ᠲᠢᠶᠠᠨᠵᠢᠨ᠎ᠤ ᠠᠨᠠᠭᠠᠬᠤ ᠤᠬᠠᠭᠠᠨ᠎ᠤ  ᠶᠡᠬᠡ  ᠰᠤᠷᠭᠠᠭᠤᠯᠢ ᠵᠢᠨ ᠶᠡᠷᠦᠩᠬᠡᠢ ᠡᠮᠨᠡᠯᠭᠡ ᠵᠢᠨ ᠬᠤᠷᠢᠶ᠎ᠠ ᠵᠡᠷᠭᠡ ᠠᠷᠪᠠᠭᠠᠳ ᠠᠵᠤ ᠠᠬᠤᠢᠯᠠᠯ᠂ ᠶᠡᠬᠡ ᠲᠡᠭᠡᠳᠤ ᠰᠤᠷᠭᠠᠭᠤᠯᠢ ᠵᠢᠴᠢ ᠡᠮ ᠡᠮᠨᠡᠯᠭᠡ ᠵᠢᠨ ᠪᠠᠢᠭᠤᠯᠤᠮᠵᠢ ᠲᠠᠢ ᠬᠠᠮᠳᠤᠷᠠᠨ ᠲᠤᠷᠰᠢᠯᠳᠠ ᠵᠢᠨ ᠲᠠᠰᠤᠭ ᠪᠠᠢᠭᠤᠯᠵᠦ᠂ ᠬᠤᠪᠤᠷ ᠰᠢᠷᠤᠢ ᠵᠢᠨ ᠢᠯᠴᠢ ᠲᠤᠰᠠᠭᠠᠷᠯᠠᠬᠤ ᠨᠠᠨᠤ᠋ ᠮᠠᠲᠧᠷᠢᠶᠠᠯ᠂ ᠬᠤᠪᠤᠷ ᠰᠢᠷᠤᠢ ᠵᠢᠨ ᠤᠶᠤᠨᠴᠢ ᠲᠤᠯᠠᠭᠠᠨ ᠲᠤᠬᠢᠷᠠᠭᠤᠯᠬᠤ ᠰᠢᠷᠬᠡᠭᠯᠢᠭ᠂ ᠬᠤᠪᠤᠷ ᠰᠢᠷᠤᠢ ᠵᠢᠨ ᠡᠷᠡᠭᠦᠯ ᠮᠠᠨᠳᠤ ᠵᠢᠨ ᠴᠢᠳᠠᠮᠵᠢᠳᠤ ᠱᠠᠭᠠᠵᠠᠩ ᠵᠡᠷᠭᠡ ᠠᠷᠪᠢᠨ ᠦᠨᠳᠦᠷ ᠨᠡᠮᠡᠯᠳᠡ ᠦᠷᠳᠡᠭ ᠪᠦᠬᠦᠢ ᠦᠢᠯᠡᠳᠭᠦᠨ᠎ᠢ ᠰᠤᠳᠤᠯᠤᠨ ᠨᠡᠭᠡᠭᠡᠵᠦ᠂ ᠠᠵᠤ ᠦᠢᠯᠡᠰᠵᠢᠬᠦᠯᠦᠨ ᠬᠤᠪᠢᠷᠠᠭᠤᠯᠤᠭᠰᠠᠨ ᠪᠠᠢᠨ᠎ᠠ᠃ ᠡᠳᠡᠭᠡᠷ ᠦᠷ᠎ᠠ ᠪᠦᠳᠦᠭᠡᠯ ᠨᠢ  ᠦᠷᠭᠡᠨ ᠲᠡᠯᠭᠡᠷ ᠵᠠᠬ᠎ᠠ ᠲᠡᠯᠭᠡᠭᠦᠷ᠎ᠤᠨ ᠠᠯᠤᠰ ᠢᠷᠡᠭᠡᠳᠤᠢ ᠪᠤᠯᠤᠨ ᠨᠡᠢᠭᠡᠮ᠎ᠤᠨ ᠦᠷ᠎ᠠ  ᠠᠰᠢᠬ ᠲᠡᠢ ᠪᠡᠷ ᠦᠯᠦ ᠪᠠᠷᠠᠮ᠂ ᠯᠠᠨᠲ᠋ᠠᠨ ᠼᠸᠷᠢ ᠬᠤᠪᠤᠷ ᠰᠢᠷᠤᠢ ᠵᠢᠨ ᠦᠨᠳᠦᠷ ᠨᠡᠮᠡᠯᠳᠡ ᠦᠷᠳᠡᠭ ᠪᠦᠬᠦᠢ ᠭᠡᠷᠡᠭᠯᠡᠭᠡ ᠵᠢ ᠪᠦᠳᠦᠮᠵᠢᠳᠠᠢ ᠠᠬᠢᠭᠤᠯᠤᠨ᠂ ᠬᠤᠪᠤᠷ ᠰᠢᠷᠤᠢ ᠵᠢᠨ ᠠᠵᠤ ᠦᠢᠯᠡᠰ᠎ᠤᠨ ᠬᠡᠯᠪᠡᠷᠢ ᠪᠠᠨ ᠴᠢᠨᠠᠷ ᠰᠠᠢᠲᠠᠢ ᠬᠤᠪᠢᠷᠠᠭᠤᠯᠬᠤ ᠳ᠋ᠤ ᠬᠦᠴᠦᠳᠠᠢ ᠲᠡᠮᠵᠢᠯᠭᠡ ᠬᠠᠩᠭᠠᠵᠠᠢ᠃

ᠤᠢᠯᠠᠭᠠᠬᠰᠠᠨ ᠵᠢᠡᠷ᠂ ᠲᠤᠮᠳᠠᠳᠤ ᠤᠯᠤᠰ᠎ᠤᠨ ᠬᠤᠪᠤᠷ ᠰᠢᠷᠤᠢ ᠵᠢᠨ ᠰᠤᠳᠤᠯᠭᠠᠨ᠎ᠤ ᠨᠡᠢᠭᠡᠮᠯᠢᠭ᠎ᠤᠨ ᠭᠠᠷᠮᠠᠭᠠᠢ ᠢᠨᠵᠧᠨᠧᠷ ᠤ᠋ᠨ ᠱᠠᠩᠨᠠᠯ᠎ᠢ ᠬᠤᠶᠠᠷ ᠵᠢᠯ ᠳ᠋ᠤ ᠨᠢᠭᠡ ᠤᠳᠠᠭ᠎ᠠ ᠰᠢᠯᠭᠠᠷᠠᠭᠤᠯᠳᠠᠭ᠂ ᠡᠭᠦᠨ᠎ᠳᠤ ᠬᠤᠭᠤᠴᠠᠭ᠎ᠠ ᠪᠦᠷᠢ ᠵᠢᠨ ᠱᠠᠩᠨᠠᠯ ᠬᠦᠷᠲᠡᠭᠰᠡᠳ 5 ᠬᠦᠮᠦᠨ ᠡᠴᠡ ᠬᠡᠳᠤᠷᠠᠬᠦ ᠦᠭᠡᠢ᠃ ᠦᠷᠭᠡᠨ ᠤᠯᠠᠨ ᠰᠢᠨᠵᠢᠯᠠᠬᠦ ᠤᠬᠠᠭᠠᠨ ᠲᠧᠭᠨᠢᠭ ᠮᠡᠷᠭᠡᠵᠢᠯ᠎ᠤᠨ ᠠᠵᠢᠯᠳᠠᠨ᠎ᠢ ᠤᠷᠮᠠᠰᠢᠭᠤᠯᠤᠨ ᠵᠤᠷᠢᠬᠵᠢᠭᠤᠯᠵᠦ᠂ ᠬᠤᠪᠤᠷ ᠰᠢᠷᠤᠢ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ ᠪᠤᠯᠤᠨ ᠦᠷ᠎ᠠ ᠪᠦᠳᠦᠭᠡᠯ᠎ᠢ ᠬᠡᠷᠡᠭᠯᠡᠵᠦ ᠲᠦᠭᠡᠮᠡᠯᠵᠢᠬᠦᠯᠬᠦ ᠵᠢ ᠠᠬᠢᠭᠤᠯᠤᠨ᠂ ᠠᠵᠢᠯ ᠲᠦᠷᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠪᠤᠯᠤᠨ ᠠᠵᠤ ᠦᠢᠯᠡᠰ᠎ᠤᠨ ᠲᠡᠰ ᠲᠡᠪᠰᠢᠬᠦ ᠳ᠋ᠤ ᠬᠦᠳᠡᠯᠭᠡᠬᠦ ᠬᠦᠴᠦ ᠨᠡᠮᠡᠷᠢᠯᠡᠬᠦ ᠵᠢᠨ ᠲᠦᠯᠦᠭᠡ ᠲᠤᠰ ᠱᠠᠩᠨᠠᠯ᠎ᠢ ᠭᠠᠷᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号