ᠥᠪᠥᠷ ᠮᠣᠩᠭᠣᠯ ᠬᠤᠯᠪᠤᠭᠠᠯᠠᠨ ᠰᠤᠷᠤᠯᠴᠠᠵᠤ ᠬᠠᠮᠲᠤ ᠎ᠪᠠᠷ ᠪᠠᠢᠭᠤᠯᠬᠤ᠎ᠪᠠᠷ ᠰᠣᠶᠣᠯ᠎ᠤᠨ ᠬᠠᠮᠲᠤ᠎ᠶ᠋ᠢᠨ ᠲᠠᠨᠢᠯᠲᠠ ᠬᠢᠭᠡᠳ ᠦᠨᠳᠦᠰᠦᠲᠡᠨ᠎ᠦ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ ᠪᠣᠶ
2026-01-04 10:32:59
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠎ᠦᠨ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠪᠠ ᠬᠡᠷᠡᠭ᠌ᠯᠡᠭᠡᠨ ᠎ᠦ ᠲᠥᠪ᠎ᠦᠨ ᠨᠠᠮ᠎ᠤᠨ ᠡᠭᠦᠷ ᠲᠦᠷᠦᠭᠦᠯᠡᠨ 《ᠠᠨᠠᠷ᠎ᠤᠨ ᠬᠡᠯᠬᠢᠶ᠎ᠠ 》 ᠬᠤᠯᠪᠤᠭᠠᠯᠠᠨ ᠰᠤᠷᠤᠯᠴᠠᠵᠤ ᠬᠠᠮᠲᠤ᠎ᠪᠠᠷ ᠪᠠᠢᠭᠤᠯᠬᠤ ᠠᠵᠢᠯᠯᠠᠭ᠎ᠠ ᠡᠷᠭᠢᠯᠡᠵᠤ᠂ 33 ᠦᠨᠳᠦᠰᠦᠨ ᠱᠠᠲᠤᠨ᠎ᠤ ᠨᠠᠮ᠎ᠤᠨ ᠡᠭᠦᠷ᠎ᠡᠴᠡ ᠢᠷᠡᠭ᠌ᠰᠡᠨ ᠨᠠᠮ᠎ᠤᠨ ᠭᠡᠱᠢᠭᠦᠨ᠎ᠤ ᠲᠥᠯᠥᠭᠡᠯᠡᠭ᠌ᠴᠢ ᠨᠢᠭᠡ ᠲᠠᠩᠬᠢᠮ᠎ᠳᠤ ᠴᠤᠭ᠍ᠯᠠᠷᠠᠠ᠂ ᠲᠥᠪᠯᠡᠷᠡᠭᠦᠯᠦᠨ ᠰᠤᠷᠤᠯᠴᠠᠬᠤ᠂ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ ᠪᠠ ᠮᠡᠷᠭᠡᠵᠢᠯ᠎ᠦᠨ ᠪᠣᠯᠪᠠᠰᠤᠷᠠᠯ᠎ᠢ ᠤᠶᠠᠯᠳᠤᠭᠤᠯᠬᠤ ᠬᠡᠯᠪᠡᠷᠢ ᠪᠡᠷ  ᠳᠠᠮᠵᠢᠨ  ᠦᠨᠳᠦᠰᠦᠲᠡᠨ᠎ᠦ ᠪᠦᠯᠬᠦᠮᠳᠡᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠨ᠂ ᠦᠨᠳᠦᠰᠦᠲᠡᠨ᠎ᠨᠦᠭᠦᠳ ᠎ᠦᠨ ᠰᠣᠶᠣᠯ ᠎ᠤᠨ ᠠᠭᠤᠰᠤᠯᠴᠠᠨ ᠬᠥᠭ᠌ᠵᠢᠬᠦ᠌᠎ᠶ᠋ᠢ ᠬᠠᠮᠲᠤ᠎ᠪᠠᠷ ᠳᠥᠯᠭᠢᠨ ᠠᠬᠢᠭᠤᠯᠪᠠ᠃

ᠲᠣᠰ ᠤᠳᠠᠭᠠᠨ᠎ᠤ ᠠᠵᠢᠯᠯᠠᠭ᠎ᠠ᠎ᠨᠢ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ᠂ ᠤᠷ᠎ᠠ ᠮᠡᠷᠬᠡᠵᠢᠯ᠎ᠢ ᠳᠡᠭᠡᠭ᠌ᠰᠢᠯᠡᠭᠦᠯᠬᠦ᠌ ᠪᠠ ᠦᠶ᠋ᠯᠡᠴᠢᠯᠡᠭᠡ ᠬᠠᠩᠭᠠᠯᠭ᠎ᠠ᠎ᠶ᠋ᠢ ᠵᠡᠷᠭᠡ᠎ᠪᠡᠷ ᠴᠢᠬᠤᠯᠠᠴᠢᠯᠠᠬᠤ ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠤᠨ ᠦᠶ᠋ᠯᠡᠳᠦᠯᠭᠡ᠎ᠶ᠋ᠢᠨ ᠲᠠᠪᠴᠠᠩ ᠎ᠢ ᠪᠠᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠶ᠃ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠭᠣᠭ᠍ᠴᠣᠭ᠎ᠠ᠎ᠳᠤ ᠪᠠᠶᠠᠴᠢᠯᠠᠨ ᠤᠢᠯᠠᠭᠠᠬᠤ ᠮᠠᠶᠢᠭ᠎ᠤᠨ ᠦᠵᠡᠭᠦᠯᠭᠡ ᠰᠣᠯᠢᠯᠴᠠᠭ᠎ᠠ᠎ᠪᠠᠷ ᠳᠠᠮᠵᠢᠨ ᠣᠯᠠᠨ᠎ᠢᠶᠠᠷ᠎ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠪᠡᠬᠢᠵᠢᠭᠦᠯᠵᠦ᠍᠂ 《ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ 》 ᠪᠦᠯᠬᠦᠮᠳᠡᠯ᠎ᠦᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃

ᠡᠭᠦᠨ᠎ᠦ ᠬᠠᠮᠲᠤ᠂ ᠠᠵᠢᠯᠯᠠᠭ᠎ᠠ ᠨᠢ ᠪᠠᠰᠠ ᠣᠷᠣᠨ ᠨᠤᠲᠤᠭ ᠎ᠤᠨ ᠦᠭᠡ ᠬᠡᠯᠡ ᠦᠰᠦᠭ ᠪᠢᠴᠢᠭ᠎ᠦᠨ ᠦᠢᠯᠡᠰ᠎ᠦᠨ ᠣᠳᠣᠬᠢᠴᠢᠯᠠᠯᠲᠠ᠎ᠶ᠋ᠢᠨ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠣᠬᠢᠶᠠᠮᠠᠯ ᠤᠶᠤᠨ ᠴᠢᠳᠠᠪᠤᠷᠢ᠎ᠶ᠋ᠢᠨ  ᠬᠦᠷᠢᠶᠡᠨ᠎ᠦ  ᠲᠤᠰᠭᠠᠢ  ᠮᠡᠷᠭᠡᠵᠢᠯᠲᠡᠨ ᠎ᠢ  ᠤᠷᠢᠵᠤ  ᠠᠵᠢᠯ᠎ᠤᠨ ᠭᠣᠣᠯᠯᠠᠭ᠍ᠴᠢ ᠬᠦᠴᠦᠨ ᠎ᠳᠦ ᠮᠡᠳᠡᠭᠡ ᠵᠠᠩᠭᠢᠴᠢᠯᠠᠯᠳᠠ᠎ᠶ᠋ᠢᠨ ᠬᠣᠱᠢᠭᠤᠷᠠᠯ ᠮᠡᠷᠭᠡᠵᠢᠯ᠎ᠦᠨ ᠲᠤᠰᠭᠠᠢ ᠰᠡᠳᠦᠪᠲᠦ ᠪᠣᠯᠪᠠᠰᠤᠷᠠᠯ ᠥᠷᠨᠢᠭᠦᠯᠪᠡ᠃ ᠪᠣᠯᠪᠠᠰᠤᠷᠠᠯ᠎ᠤᠨ ᠠᠭᠤᠯᠭ᠎ᠠ᠎ᠨᠢ ᠦᠭᠡ ᠬᠡᠯᠡ ᠥᠰᠥᠭ ᠪᠢᠴᠢᠭ ᠎ᠦᠨ ᠰᠤᠳᠤᠯᠭᠠᠨ ᠬᠡᠷᠡᠭ᠌ᠯᠡᠯᠲᠡ᠎ᠶ᠋ᠢᠨ ᠲᠣᠭᠠᠴᠢᠯᠠᠯᠳᠠ᠂ ᠤᠶᠤᠨᠴᠢᠯᠠᠯᠳᠠ ᠳᠡᠢᠰᠢ ᠬᠡᠯᠪᠡᠷᠢ ᠎ᠪᠡᠨ ᠬᠤᠪᠢᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠪᠣᠯᠪᠠᠰᠤᠷᠠᠯ ᠎ᠳᠤ ᠣᠷᠣᠯᠴᠠᠭ᠍ᠰᠠᠳ᠎ᠤᠨ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠢ ᠬᠡᠷᠡᠭ᠌ᠯᠡᠨ ᠭᠤᠤᠯᠯᠠᠬᠤ ᠲᠤᠬᠠᠢᠯᠠᠭ᠍ᠰᠠᠨ ᠠᠵᠢᠯ᠎ᠳᠤ ᠦᠶ᠋ᠯᠡᠴᠢᠯᠡᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠪᠡ᠃

ᠲᠣᠰ ᠤᠳᠠᠭᠠᠨ᠎ᠤ 《ᠠᠨᠠᠷ᠎ᠤᠨ ᠬᠡᠯᠬᠢᠶ᠎ᠠ 》 ᠬᠤᠯᠪᠤᠭᠠᠯᠠᠨ ᠰᠤᠷᠤᠯᠴᠠᠵᠤ ᠬᠠᠮᠲᠤ᠎ᠪᠠᠷ ᠪᠠᠢᠭᠤᠯᠬᠤ ᠠᠵᠢᠯᠯᠠᠭ᠎ᠠ ᠪᠣᠯ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠤᠨ ᠦᠶ᠋ᠯᠡᠳᠦᠯᠭᠡ  ᠪᠣᠯᠬᠤ ᠎ᠪᠠᠷ  ᠪᠠᠷᠠᠬᠤ   ᠥᠬᠡᠶ᠂ ᠪᠠᠰᠠ  ᠴᠤ᠌ ᠥᠪᠥᠷ  ᠮᠣᠩᠭᠣᠯ᠎ᠤᠨ  ᠦᠨᠳᠦᠰᠦᠲᠡᠨ ᠎ᠦ  ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠣᠳᠣᠬᠢᠴᠢᠯᠠᠯᠲᠠ ᠳᠠᠢᠰᠢ ᠤᠷᠤᠭ᠍ᠰᠢᠯᠠᠬᠤ᠎ᠶ᠋ᠢ ᠠᠬᠢᠭᠤᠯᠬᠤ᠎ᠶ᠋ᠢᠨ ᠠᠮᠢᠳᠤᠯᠢᠭ ᠢᠯᠡᠷᠡᠯ ᠪᠣᠯᠤᠨ᠎ᠠ᠃ ᠨᠠᠮ᠎ᠤᠨ ᠪᠠᠢᠭᠤᠯᠤᠯᠲᠠ ᠬᠣᠯᠪᠣᠭᠠᠯᠠᠨ ᠬᠥᠳᠡᠯᠦᠯᠴᠡᠬᠦ᠌᠂ ᠰᠣᠶᠣᠯ᠎ᠢᠶᠠᠨ ᠬᠠᠷᠢᠯᠴᠠᠨ ᠲᠣᠯᠢᠯᠠᠬᠤ ᠪᠠ ᠮᠡᠷᠭᠡᠵᠢᠯ᠎ᠢᠶᠡᠷ ᠬᠦᠴᠦᠨ ᠣᠯᠭᠣᠬᠤ ᠣᠯᠠᠨ ᠲᠠᠯᠠᠲᠤ ᠠᠷᠭ᠎ᠠ ᠵᠠᠮ᠎ᠢᠶᠠᠷ ᠳᠠᠮᠵᠢᠨ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭᠠᠨ᠎ᠤ ᠰᠠᠭᠤᠷᠢ ᠪᠠ ᠦᠶ᠋ᠯᠡᠳᠦᠯᠭᠡ᠎ᠶ᠋ᠢᠨ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号