ᠲᠦᠷᠦᠬᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ 2024 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠦᠬᠢᠬᠦᠯᠦᠨ ᠱᠠᠩᠨᠠᠬᠤ ᠶᠡᠭᠡ ᠬᠤᠷᠠᠯ ᠲᠡᠭᠡᠷ᠎ᠡ ᠱᠠᠩᠨᠠᠯ ᠤᠯᠤᠭᠰᠠᠨ ᠲᠥᠯᠥᠭᠡᠯᠡᠭ᠌ᠴᠢᠳ᠎ᠤᠨ ᠰᠤᠷᠪᠤᠯᠵᠢᠯᠠᠭ᠍ᠴᠢᠳ᠎ᠲᠠᠶ ᠠᠭᠤᠯᠵᠠᠬᠤ ᠬᠤᠷᠠᠯ ᠬᠢᠪᠡ᠃ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠠᠩ ᠫᠸᠩ ᠵᠢᠤᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠴᠧᠨ ᠶᠦᠩ ᠹᠦ᠋᠂ ᠪᠤᠭᠤᠲᠤ᠎ᠶ᠋ᠢᠨ ᠬᠣᠪᠣᠷ ᠱᠢᠷᠣᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠡᠭᠡᠳᠦ ᠵᠡᠷᠭᠡ᠎ᠶ᠋ᠢᠨ ᠢᠨᠵᠧᠨᠧᠷ ᠼᠤᠤ ᠬᠣᠩ ᠵᠠᠩ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠸᠠᠩ ᠯᠸᠢ ᠵᠡᠷᠭᠡ ᠱᠠᠩᠨᠠᠯ ᠬᠦᠷᠳᠡᠭ᠌ᠰᠡᠨ 4 ᠲᠥᠯᠥᠭᠡᠯᠡᠭ᠌ᠴᠢ ᠰᠤᠷᠪᠤᠯᠵᠢᠯᠠᠭ᠍ᠴᠢᠳ᠎ᠲᠠᠶ ᠠᠭᠤᠯᠵᠠᠵᠦ᠂ ᠲᠤᠰ ᠲᠤᠰ᠎ᠤᠨ ᠬᠦᠷᠢᠶᠡᠨ᠎ᠤ ᠱᠢᠨ᠎ᠡ᠎ᠶ᠋ᠢ ᠡᠬᠦᠳᠦᠭᠰᠡᠨ ᠦᠢᠯᠡᠳᠦᠯᠭᠡ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠤᠯᠤᠰ᠎ᠲᠠᠭᠠᠨ ᠵᠢᠳᠬᠦᠭᠰᠡᠨ ᠰᠡᠳᠬᠢᠭᠳᠡᠯ᠎ᠢᠶᠡᠨ ᠬᠤᠪᠢᠶᠠᠯᠴᠠᠭ᠍ᠰᠠᠨ ᠪᠥᠭᠡᠳ ᠰᠤᠷᠪᠤᠯᠵᠢᠯᠠᠭ᠍ᠴᠢᠳ᠎ᠤᠨ ᠬᠠᠯᠠᠮᠵᠢᠯᠠᠵᠤ ᠪᠠᠢᠭ᠎ᠠ ᠠᠰᠠᠭᠤᠳᠠᠯ᠎ᠳ᠋ᠤ ᠬᠠᠷᠢᠭᠤᠯᠲᠠ ᠥᠭ᠌ᠴᠡᠢ᠃
4 ᠲᠥᠯᠥᠭᠡᠯᠡᠭ᠌ᠴᠢ ᠲᠤᠰ ᠲᠤᠰ ᠪᠠᠷᠢᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠂ ᠰᠦ᠎ᠶᠢᠨ ᠬᠦᠴᠢᠯ᠎ᠦᠨ ᠪᠠᠺᠲ᠋ᠧᠷᠢ ᠡᠳ᠋᠎ᠦᠨ ᠡᠬᠢ ᠪᠠᠶᠠᠯᠢᠭ᠂ ᠬᠣᠪᠣᠷ ᠱᠢᠷᠣᠶ ᠵᠢᠴᠢ ᠡᠨᠧᠷᠭᠢ᠎ᠶ᠋ᠢᠨ ᠮᠠᠲ᠋ᠧᠷᠢᠶᠠᠯ ᠵᠡᠷᠭᠡ ᠬᠦᠷᠢᠶᠡᠨ᠎ᠤ ᠰᠤᠳᠤᠯᠭᠠᠨ ᠳ᠋ᠤ ᠭᠠᠪᠰᠢᠭᠠᠢᠯᠠᠨ 《ᠤᠯᠤᠰ᠎ᠢᠶᠠᠨ ᠬᠠᠢᠷᠠᠯᠠᠬᠤ᠂ ᠱᠢᠨ᠎ᠡ᠎ᠶ᠋ᠢ ᠡᠭᠦᠳᠬᠦ᠌᠂ ᠪᠤᠳᠠᠳᠠᠢ ᠵᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠌᠂ ᠬᠠᠮᠵᠢᠯᠴᠠᠬᠤ᠂ ᠬᠥᠮᠦᠨ ᠬᠥᠮᠦᠵᠢᠭᠦᠯᠬᠦ᠌》 ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠰᠢᠭᠤᠷᠠᠯ ᠮᠡᠷᠭᠡᠵᠢᠯ᠎ᠤᠨ ᠴᠢᠬᠤᠯᠠ ᠶᠡᠬᠡ ᠱᠢᠪᠲᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠪᠱᠢᠯᠲᠠ ᠳᠤ ᠲᠣᠪᠣᠢᠮ᠎ᠠ ᠬᠤᠪᠢ ᠨᠡᠮᠡᠷᠢ ᠦᠵᠡᠭᠦᠯᠵᠡᠢ᠃ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠳᠠᠪᠱᠢᠯᠲᠠ᠎ᠶ᠋ᠢᠨ ᠣᠨᠴᠠ ᠲᠠᠰ᠎ᠤᠨ ᠱᠠᠩᠨᠠᠯᠬᠦᠷᠳᠡᠭᠰᠡᠨ ᠦᠷ᠎ᠡ ᠪᠦᠲᠦᠭᠡᠯ᠎ᠦᠨ ᠨᠢᠭᠡᠳᠦᠭᠡᠷ ᠪᠡᠶᠡᠯᠡᠭᠦᠯᠦᠭ᠌ᠴᠢ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠵᠠᠩ ᠫᠸᠩ ᠵᠢᠤᠢ᠄ 《ᠪᠦᠯᠬᠦᠮ᠎ᠦᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠪᠠ ᠣᠭ ᠰᠠᠨᠠᠭᠠᠪᠤᠯ ᠲᠠᠯ᠎ᠠ ᠨᠤᠲᠤᠭ᠎ᠤᠨ ᠠᠮᠢᠳᠤᠷᠠᠯ ᠪᠠ ᠦᠶ᠋ᠯᠡᠳᠪᠦᠷᠢᠯᠡᠯ᠎ᠦᠨ ᠦᠶ᠋ᠯᠡᠳᠦᠯᠭᠡ᠎ᠡᠴᠡ ᠢᠷᠡᠯᠲᠡ᠎ᠲᠡᠶ ᠶᠤᠮ᠃ 30 ᠭᠠᠷᠤᠶ ᠵᠢᠯ᠎ᠦᠨ ᠲᠤᠷᠱᠢᠬᠢ ᠤᠯᠠᠮᠵᠢᠯᠠᠯᠲᠤ ᠪᠠᠷᠢᠯᠭ᠎ᠠ᠎ᠶ᠋ᠢᠨ ᠲᠤᠬᠠᠶ ᠪᠠᠢᠴᠠᠭᠠᠨ ᠰᠤᠳᠤᠯᠤᠯᠲᠠ᠎ᠶ᠋ᠢᠨ ᠳᠤᠮᠳᠠ ᠡᠴᠡ ᠪᠢᠳᠡ ᠲᠠᠯ᠎ᠠ ᠨᠤᠲᠤᠭ᠎ᠤᠨ ᠬᠥᠮᠦᠰ᠎ᠦᠨ ᠣᠷᠣᠱᠢᠨ ᠰᠠᠭᠤᠷᠢᠰᠢᠬᠤ ᠣᠷᠴᠢᠨ ᠨᠥᠬᠥᠴᠡᠯ᠎ᠢ ᠰᠠᠢᠵᠢᠷᠠᠭᠤᠯᠬᠤ᠎ᠶ᠋ᠢᠨ ᠲᠤᠯᠭᠠᠮᠴᠢᠨᠠᠷ ᠪᠤᠯᠤᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠠᠢ᠃ ᠪᠢᠳᠡ ᠦᠷᠭᠦᠯᠵᠢᠯᠡᠨ ᠪᠣᠳᠠᠳᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ ᠪᠡᠷ ᠴᠢᠷᠮᠠᠢᠨ᠎ᠠ》 ᠭᠡᠵᠦ ᠶᠠᠷᠢᠪᠠ᠃
ᠠᠭᠤᠯᠵᠠᠯᠲᠠ᠎ᠶ᠋ᠢᠨ ᠬᠤᠷᠠᠯ᠎ᠤᠨ ᠠᠬᠤᠶ ᠲᠠᠯᠠᠪᠠᠶ᠎ᠳᠤ ᠱᠠᠩᠨᠠᠯ ᠭᠥᠷᠳᠡᠭ᠌ᠰᠡᠨ ᠲᠥᠯᠥᠭᠡᠯᠡᠭ᠌ᠴᠢᠳ ᠡᠴᠡ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠮᠵᠢᠯᠲᠠ ᠪᠦᠲᠦᠮᠵᠢ ᠪᠤᠯ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠷᠴᠢᠨ ᠲᠣᠭᠣᠷᠢᠨ᠎ᠢ ᠲᠠᠰᠤᠷᠠᠯᠳᠠ ᠦᠭᠡᠢ ᠰᠢᠯᠢᠳᠡᠭᠵᠢᠬᠦᠯᠦᠭᠰᠡᠨ᠎ᠠᠴᠠ ᠰᠠᠯᠵᠤ ᠴᠢᠳᠠᠰᠢ ᠥᠬᠡᠶ ᠶᠤᠮ᠂ ᠪᠠᠰᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠨᠡᠢᠭᠡᠮ᠎ᠦᠨ ᠡᠯ᠎ᠡ ᠡᠲᠡᠭᠡᠳᠦᠨᠬᠢᠨᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠬᠠᠯᠠᠮᠵᠢᠯᠠᠨ ᠳᠡᠮᠵᠢᠵᠦ᠍ ᠪᠠᠢᠬᠤ᠎ᠠᠴᠠ ᠰᠠᠯᠵᠤ ᠴᠢᠳᠠᠰᠢ ᠥᠬᠡᠶ ᠶᠤᠮ᠃ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ ᠪᠣᠯᠤᠨ 《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢᠶᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍ ᠨᠡᠩ ᠶᠡᠬᠡ ᠱᠢᠪᠲᠤᠯᠤᠯᠲᠠ ᠭᠠᠷᠭᠠᠬᠤ᠎ᠶ᠋ᠢ ᠠᠬᠢᠭᠤᠯᠵᠤ᠂ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠲᠠᠬᠢᠨ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠦ᠍ ᠢᠯᠡᠳᠭᠡᠵᠡᠭᠡᠪᠡ᠃
ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《 ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭ᠌ᠯᠡᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠦᠭᠵᠢᠭᠡᠭᠰᠡᠨ ᠰᠠᠢᠨ ᠰᠠᠢᠬᠠᠨ ᠪᠠᠢᠳᠠᠯ᠎ᠢ ᠪᠤᠢ ᠪᠤᠯᠭᠠᠪᠠ᠃