ᠵᠢᠦᠶ ᠶᠠᠨ ᠤ᠋ ᠬᠤᠯᠤᠰᠤᠨ ᠴᠤᠭᠤᠳᠠᠰᠤ ᠵᠢᠨ ᠨᠢᠭᠤᠴᠠ ᠲᠡᠮᠳᠡᠭ᠂ ᠬᠠᠷ᠎ᠠ ᠬᠣᠲᠠ ᠵᠢᠨ ᠪᠠᠭᠤᠷᠢ ᠡᠴᠡ ᠤᠯᠳᠠᠭᠰᠠᠨ ᠵᠢᠷᠤᠭ ᠤ᠋ᠨ ᠭᠠᠢᠬᠠᠮᠱᠢᠭ᠂ ᠦᠨᠳᠦᠰᠦᠲᠡᠨ ᠤ᠋ ᠠᠭᠤᠰᠤᠯᠴᠠᠯ ᠤ᠋ᠨ ᠠᠸ᠋ᠭᠠ ᠰᠦᠷᠯᠢᠭ ᠤᠷᠲᠤ ᠡᠪᠬᠡᠮᠡᠯ ᠨᠢ ᠲᠤᠭᠤᠷᠢᠨ ᠦᠵᠡᠭᠴᠢᠳ ᠢ᠋ ᠦᠪᠡᠷ ᠤ᠋ᠨ ᠡᠷᠬᠡ ᠦᠬᠡᠢ ᠱᠠᠭᠰᠢᠨ ᠪᠠᠬᠠᠳᠤᠭᠤᠯᠤᠨᠠ᠃ 2025 ᠤᠨ ᠤ᠋ 12 ᠰᠠᠷ᠎ᠠ ᠶ᠋ᠢᠨ ᠰᠡᠬᠦᠯᠴᠢ ᠪᠡᠷ ᠡᠬᠢᠯᠡᠭᠰᠡᠨ 《ᠵᠢᠤᠢ ᠶᠠᠨ ᠤ᠋ ᠪᠠᠭᠤᠷᠢ ᠡᠴᠡ ᠣᠯᠳᠠᠭ᠍ᠰᠠᠨ ᠬᠤᠯᠤᠰᠤᠨ ᠴᠤᠭᠤᠳᠠᠰᠤ ᠵᠢᠨ ᠲᠤᠰᠭᠠᠶ ᠦᠵᠡᠭᠦᠯᠭᠡ》᠂ 《ᠬᠠᠷ᠎ᠠ ᠬᠣᠲᠠ ᠶ᠋ᠢᠨ ᠡᠷᠳᠡᠨᠢ — ᠣᠷᠣᠰ ᠲᠦ᠍ ᠬᠠᠳᠠᠭᠠᠯᠠᠭᠳᠠᠵᠦ ᠪᠠᠢᠭ᠎ᠠ ᠬᠠᠷ᠎ᠠ ᠬᠣᠲᠠ ᠡᠴᠡ ᠣᠯᠳᠠᠭ᠍ᠰᠠᠨ ᠤᠷᠠᠨ ᠵᠢᠷᠤᠭ ᠤ᠋ᠨ ᠲᠤᠰᠭᠠᠶ ᠦᠵᠡᠭᠦᠯᠭᠡ》᠂ 《ᠢᠵᠢᠯᠢᠰᠢᠨ ᠳᠡᠯᠭᠡᠭᠳᠡᠭᠰᠡᠨ ᠶᠡᠬᠡ ᠵᠤᠬᠢᠶᠠᠩᠭᠤᠢ — ᠥᠪᠥᠷ ᠮᠣᠩᠭᠣᠯ ᠣᠷᠣᠨ ᠤ᠋ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠤᠤᠯ ᠰᠡᠳᠦᠪᠲᠦ ᠦᠵᠡᠭᠦᠯᠭᠡ》 ᠵᠢᠴᠢ 《ᠫᠸᠷᠰ ᠤ᠋ᠨ ᠰᠣᠶᠣᠯ ᠤᠷᠠᠯᠢᠭ ᠤ᠋ᠨ ᠦᠨᠡᠲᠦ ᠡᠷᠳᠡᠨᠢᠰ ᠤ᠋ᠨ ᠦᠵᠡᠬᠦᠯᠬᠡ》 ᠵᠡᠷᠭᠡ ᠵᠢᠯ ᠰᠤᠨᠳᠠᠯᠠᠭᠰᠠᠨ 4 ᠶᠡᠬᠡ ᠦᠵᠡᠬᠦᠯᠬᠡ ᠥᠪᠥᠷ ᠮᠣᠩᠭᠣᠯ ᠤ᠋ᠨ ᠮᠦᠽᠧᠶ ᠳ᠋ᠦ ᠬᠦᠷ ᠬᠦᠭᠵᠢᠶᠡᠨ ᠲᠠᠢ ᠦᠷᠬᠦᠯᠵᠢᠯᠡᠵᠤ᠂ ᠰᠢᠨ᠎ᠠ ᠤᠨ ᠳ᠋ᠤ ᠪᠠᠶᠠᠷ ᠪᠠᠶᠠᠰᠤᠯ ᠨᠡᠮᠡᠷᠢᠯᠡᠵᠤ ᠪᠠᠢᠨ᠎ᠠ᠃
ᠵᠢᠤᠢ ᠶᠠᠨ ᠤ᠋ ᠬᠤᠯᠤᠰᠤᠨ ᠴᠤᠭᠤᠳᠠᠰᠤ᠂ ᠶᠢᠨ ᠤᠯᠤᠰ ᠤ᠋ᠨ ᠨᠡᠢᠰᠯᠡᠯ ᠤ᠋ᠨ ᠪᠠᠭᠤᠷᠢ ᠶ᠋ᠢᠨ ᠶᠠᠰᠤᠨ ᠪᠢᠴᠢᠭ᠂ ᠳ᠋ᠦᠨᠬᠤᠸᠠᠩ ᠤ᠋ᠨ ᠰᠤᠷᠪᠤᠯᠵᠢ ᠪᠢᠴᠢᠭ᠂ ᠮᠢᠩ ᠤᠯᠤᠰ ᠴᠢᠩ ᠤᠯᠤᠰ ᠤ᠋ᠨ ᠲᠠᠩᠰᠠ ᠡᠪᠬᠡᠮᠡᠯᠢ ᠬᠣᠷᠢᠳᠤᠭᠠᠷ ᠵᠠᠭᠤᠨ ᠤ᠋ ᠡᠬᠢᠨ ᠤ᠋ ᠦᠶ᠎ᠡ ᠶ᠋ᠢᠨ ᠳᠤᠮᠳᠠᠳᠤ ᠤᠯᠤᠰ ᠤ᠋ᠨ ᠰᠤᠷᠪᠤᠯᠵᠢ ᠪᠢᠴᠢᠭ ᠤ᠋ᠨ 《ᠲᠦᠷᠪᠡᠨ ᠶᠡᠬᠡ ᠢᠯᠡᠷᠡᠭᠦᠯᠦᠯᠲᠡ》 ᠬᠡᠮᠡᠳᠡᠭ᠃ 《ᠵᠢᠤᠢ ᠶᠠᠨ ᠤ᠋ ᠪᠠᠭᠤᠷᠢ ᠡᠴᠡ ᠣᠯᠳᠠᠭ᠍ᠰᠠᠨ ᠬᠤᠯᠤᠰᠤᠨ ᠴᠤᠭᠤᠳᠠᠰᠤ ᠵᠢᠨ ᠲᠤᠰᠭᠠᠶ ᠦᠵᠡᠭᠦᠯᠭᠡ》 ᠳ᠋ᠦ ᠵᠢᠤᠢ ᠶᠠᠨ ᠤ᠋ ᠪᠠᠭᠤᠷᠢ ᠡᠴᠡ ᠣᠯᠳᠠᠭ᠍ᠰᠠᠨ ᠬᠤᠯᠤᠰᠤᠨ ᠴᠤᠭᠤᠳᠠᠰᠤ᠂ ᠡᠳ᠋ ᠬᠡᠷᠡᠭ᠌ᠰᠡᠯ᠂ ᠪᠢᠴᠢᠭ ᠬᠠᠷ᠎ᠠ ᠵᠡᠷᠭᠡ ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠶ᠋ᠯ ᠢ᠋ 400 ᠭᠠᠷᠤᠶ ᠬᠤᠪᠢ (ᠢᠵᠢ) ᠳᠡᠯᠭᠡᠨ ᠦᠵᠡᠭᠦᠯᠵᠦ᠍᠂ ᠵᠢᠤᠢ ᠶᠠᠨ ᠤ᠋ ᠪᠠᠭᠤᠷᠢ ᠶ᠋ᠢᠨ ᠲᠡᠦᠬᠡᠨ ᠰᠤᠳᠠᠰᠤ ᠵᠢ ᠱᠢᠰᠲ᠋ᠧᠮ ᠲᠡᠶ ᠡᠮᠬᠢᠯᠡᠨ ᠳᠢᠭ᠌ᠯᠡᠵᠦ᠍᠂ ᠵᠢᠤᠢ ᠶᠠᠨ ᠤ᠋ ᠬᠤᠯᠤᠰᠤᠨ ᠴᠤᠭᠤᠳᠠᠰᠤ ᠵᠢ ᠢᠯᠡᠷᠡᠭᠦᠯᠦᠭ᠌ᠰᠡᠨ ᠥᠩᠭᠡᠷᠡᠯᠲᠡ᠂ ᠡᠯᠪᠡᠭ ᠪᠠᠶᠠᠯᠢᠭ ᠠᠭᠤᠯᠤᠭ᠍ᠳᠠᠬᠤᠨ ᠵᠢᠴᠢ ᠲᠡᠭᠦᠨ ᠳ᠋ᠤ ᠠᠴᠢᠶᠠᠯᠠᠭ᠍ᠳᠠᠭᠰᠠᠨ ᠲᠡᠦᠬᠡ ᠶ᠋ᠢᠨ ᠮᠡᠳᠡᠭᠡ ᠵᠠᠩᠭᠢ ᠵᠢ ᠬᠠᠷᠠᠭᠤᠯᠵᠤ᠂ ᠦᠵᠡᠭᠦᠯᠭᠡ ᠨᠢ 2026 ᠣᠨ ᠤ᠋ 3 ᠰᠠᠷ᠎ᠠ ᠶ᠋ᠢᠨ 15 ᠪᠤᠯᠳᠠᠯ᠎ᠠ ᠶᠠᠪᠤᠭᠳᠠᠬᠤ ᠪᠤᠯᠤᠨ᠎ᠠ᠃
《ᠬᠠᠷ᠎ᠠ ᠬᠣᠲᠠ ᠶ᠋ᠢᠨ ᠡᠷᠳᠡᠨᠢ — ᠣᠷᠣᠰ ᠲᠦ᠍ ᠬᠠᠳᠠᠭᠠᠯᠠᠭᠳᠠᠵᠦ ᠪᠠᠢᠭ᠎ᠠ ᠬᠠᠷ᠎ᠠ ᠬᠣᠲᠠ ᠡᠴᠡ ᠣᠯᠳᠠᠭ᠍ᠰᠠᠨ ᠤᠷᠠᠨ ᠵᠢᠷᠤᠭ ᠤ᠋ᠨ ᠲᠤᠰᠭᠠᠶ ᠦᠵᠡᠭᠦᠯᠭᠡ》 ᠨᠢ ᠤᠯᠤᠰ ᠤ᠋ᠨ ᠳᠡᠰ ᠤ᠋ᠨ ᠴᠢᠬᠤᠯᠠ ᠶᠡᠬᠡ ᠰᠣᠶᠣᠯ ᠤ᠋ᠨ ᠢᠨᠵᠧᠨᠧᠷᠢᠩ ᠪᠣᠯᠬᠤ 《ᠳᠤᠮᠳᠠᠳᠤ ᠤᠯᠤᠰ ᠤ᠋ᠨ ᠦᠶ᠎ᠡ ᠦᠶ᠎ᠡ ᠶ᠋ᠢᠨ ᠵᠢᠷᠤᠭ ᠤ᠋ᠨ ᠱᠢᠰᠲ᠋ᠧᠮ》 ᠤ᠋ᠨ ᠡᠯᠪᠡᠭ ᠪᠠᠶᠠᠯᠢᠭ ᠦᠷ᠎ᠡ ᠪᠦᠲᠦᠭᠡᠯ ᠳ᠋ᠦ ᠲᠦᠱᠢᠭ᠌ᠯᠡᠨ᠂ ᠣᠷᠣᠰ ᠲᠦ᠍ ᠬᠠᠳᠠᠭᠠᠯᠠᠭ᠍ᠳᠠᠵᠤ ᠪᠠᠢᠭ᠎ᠠ ᠬᠠᠷ᠎ᠠ ᠬᠣᠲᠠ ᠡᠴᠡ ᠣᠯᠳᠠᠭ᠍ᠰᠠᠨ ᠵᠢᠷᠤᠭ ᠤ᠋ᠳ ᠡᠴᠡ ᠥᠩᠭᠡ ᠪᠤᠳᠤᠭ ᠢ᠋ ᠨᠢ ᠲᠣᠬᠢᠷᠠᠭᠤᠯᠤᠭ᠍ᠰᠠᠨ 197 ᠬᠤᠪᠢ ᠦᠯᠢᠬᠡᠷ ᠵᠢᠷᠤᠭ ᠢ᠋ ᠲᠥᠪᠯᠡᠷᠡᠩᠭᠦᠶ ᠪᠡᠷ ᠳᠡᠯᠭᠡᠨ ᠦᠵᠡᠭᠦᠯᠵᠤ ᠪᠤᠢ᠃ ᠡᠲᠡᠭᠡᠷ ᠵᠢᠷᠤᠭ ᠨᠢ ᠪᠠᠷᠠᠭᠤᠨ ᠱᠢᠶᠠ ᠤᠯᠤᠰ ᠡᠴᠡ ᠶᠤᠸᠠᠨ ᠤᠯᠤᠰ ᠤ᠋ᠨ ᠬᠣᠭᠣᠷᠣᠨᠳᠣ ᠪᠦᠳᠦᠬᠡᠭᠳᠡᠬᠰᠡᠨ ᠬᠣᠪᠣᠷ ᠨᠠᠨᠳᠢᠨ ᠵᠢᠷᠤᠭ ᠪᠠᠢᠵᠦ᠂ ᠳᠤᠮᠳᠠᠳᠤ ᠣᠷᠣᠨ ᠪᠠ ᠪᠠᠷᠠᠭᠤᠨ ᠣᠷᠣᠨ ᠤ᠋ ᠤᠷᠠᠨ ᠵᠢᠷᠤᠭᠤ᠋ᠨ ᠬᠡᠪ ᠨᠠᠮᠪᠠ ᠵᠢ ᠠᠭᠤᠰᠭᠠᠨ ᠨᠡᠢᠯᠡᠭᠦᠯᠵᠦ᠍᠂ ᠪᠤᠷᠬᠠᠨ ᠱᠠᠱᠢᠨ ᠤ᠋ ᠥᠯᠢᠭᠡᠷ᠂ ᠲᠡᠦᠬᠡᠨ ᠬᠥᠮᠦᠨ ᠪᠠ ᠡᠳᠦᠷ ᠲᠤᠲᠤᠮ ᠤ᠋ᠨ ᠠᠮᠢᠳᠤᠷᠠᠯ ᠵᠡᠷᠭᠡ ᠪᠠᠢᠳᠠᠯ ᠢ᠋ ᠵᠢᠷᠤᠭ᠍ᠯᠠᠵᠠᠢ ᠃ ᠲᠤᠰ ᠦᠵᠡᠬᠦᠯᠬᠡ 2026 ᠣᠨ ᠤ᠋ 3 ᠰᠠᠷ᠎ᠠ ᠶ᠋ᠢᠨ 15 ᠤ᠋ ᠡᠳᠦᠷ ᠪᠤᠯᠳᠠᠯ᠎ᠠ ᠦᠷᠬᠦᠯᠵᠢᠯᠡᠨᠠ᠃
《ᠢᠵᠢᠯᠢᠰᠢᠨ ᠳᠡᠯᠭᠡᠭᠳᠡᠭᠰᠡᠨ ᠶᠡᠬᠡ ᠵᠤᠬᠢᠶᠠᠩᠭᠤᠢ — ᠥᠪᠥᠷ ᠮᠣᠩᠭᠣᠯ ᠣᠷᠣᠨ ᠤ᠋ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠤᠤᠯ ᠰᠡᠳᠦᠪᠲᠦ ᠦᠵᠡᠭᠦᠯᠭᠡ》 ᠨᠢ ᠱᠢᠨ᠎ᠡ ᠴᠢᠯᠠᠭᠤᠨ ᠵᠡᠪᠰᠡᠭ ᠤ᠋ᠨ ᠴᠠᠭ ᠦᠶ᠎ᠡ ᠡᠴᠡ ᠮᠢᠩ ᠴᠢᠩ ᠤ᠋ᠨ ᠴᠠᠭ ᠦᠶ᠎ᠡ ᠬᠦᠷᠲᠡᠯᠡᠬᠢ ᠥᠪᠥᠷ ᠮᠣᠩᠭᠣᠯ ᠤᠷᠤᠨ ᠤ᠋ ᠲᠡᠦᠬᠡ ᠪᠡᠷ ᠰᠢᠵᠢᠮᠯᠡᠵᠦ᠂ 169 ᠬᠤᠪᠢ (ᠢᠵᠢ) ᠲᠡᠦᠬᠡ ᠶ᠋ᠢᠨ ᠳᠤᠷᠠᠰᠭᠠᠯᠲᠤ ᠵᠦᠢᠯ ᠢ᠋ᠶ᠋ᠡᠷ ᠥᠪᠥᠷ ᠮᠣᠩᠭᠣᠯ ᠣᠷᠣᠨ ᠤ᠋ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡ ᠶ᠋ᠢᠨ ᠤᠷᠳᠤ ᠬᠠᠭᠤᠳᠠᠰᠤ ᠵᠢ ᠬᠣᠯᠪᠣᠵᠠᠢ᠃ ᠲᠤᠰ ᠦᠵᠡᠬᠦᠯᠬᠡ ᠨᠢ ᠭᠦᠨᠵᠡᠬᠡᠢ ᠤᠢᠯᠠᠭᠠᠭᠤᠯᠬᠤ ᠮᠠᠶᠢᠭ ᠤ᠋ᠨ ᠲᠠᠢᠯᠤᠮᠵᠢ᠂ ᠠᠷᠠᠳ ᠤ᠋ᠨ ᠵᠠᠩ ᠦᠢᠯᠡ ᠤᠷᠠᠯᠢᠭ ᠤ᠋ᠨ ᠲᠣᠭ᠍ᠯᠠᠯᠲᠠ᠂ ᠦᠨᠳᠦᠰᠦᠲᠡᠨ ᠤ᠋ ᠬᠤᠪᠴᠠᠰᠤ ᠵᠠᠰᠠᠯ ᠤ᠋ᠨ ᠦᠵᠡᠭᠦᠯᠭᠡ ᠵᠡᠷᠭᠡ ᠤᠨᠴᠠᠯᠢᠬ᠍ᠳᠤ ᠠᠵᠢᠯᠯᠠᠭ᠎ᠠ ᠪᠡᠷ ᠰᠣᠶᠣᠯ ᠤ᠋ᠨ ᠠᠭᠤᠯᠤᠭ᠍ᠳᠠᠬᠤᠨ ᠢ᠋ ᠲᠠᠢᠯᠪᠤᠷᠢᠯᠠᠵᠤ᠂ 2026 ᠣᠨ ᠤ᠋ 3 ᠰᠠᠷ᠎ᠠ ᠶ᠋ᠢᠨ 31 ᠤ᠋ ᠡᠳᠦᠷ ᠪᠤᠯᠳᠠᠯ᠎ᠠ ᠶᠠᠪᠤᠭᠳᠠᠬᠤ ᠪᠤᠯᠤᠨ᠎ᠠ᠃
ᠡᠬᠦᠨ ᠡᠴᠡ ᠭᠠᠳᠠᠨ᠎ᠠ᠂ 2025ᠤᠨ ᠤ 12 ᠰᠠᠷ᠎ᠠ ᠶ᠋ᠢᠨ 20 ᠤ᠋ ᠡᠳᠦᠷ ᠡᠬᠢᠯᠡᠭᠰᠡᠨ 《 ᠫᠸᠷᠰ ᠤ᠋ᠨ ᠰᠣᠶᠣᠯ ᠤᠷᠠᠯᠢᠭ ᠤ᠋ᠨ ᠦᠨᠡᠲᠦ ᠡᠷᠳᠡᠨᠢᠰ ᠤ᠋ᠨ ᠦᠵᠡᠬᠦᠯᠬᠡ 》 ᠨᠢ ᠢᠷᠠᠨ ᠤ᠋ 5 ᠭᠤᠤᠯᠳᠠᠯᠭ᠎ᠠ ᠲᠠᠢ ᠮᠦᠽᠧᠶ ᠶ᠋ᠢᠨ 151 ᠬᠤᠪᠢ (ᠢᠵᠢ) ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠶ᠋ᠯ ᠢ᠋ ᠳᠡᠯᠭᠡᠨ ᠦᠵᠡᠭᠦᠯᠵᠦ᠍᠂ ᠫᠸᠷᠰ ᠤ᠋ᠨ ᠪᠣᠯᠪᠠᠰᠤᠨ ᠤ᠋ ᠮᠢᠩᠭᠠᠨ ᠣᠨ ᠤ᠋ ᠤᠯᠠ ᠮᠥᠷ ᠢ᠋ ᠵᠢᠷᠤᠭ᠍ᠯᠠᠨ᠂ ᠳᠤᠮᠳᠠᠳᠤ ᠢᠷᠠᠨ ᠬᠣᠶᠠᠷ ᠤᠯᠤᠰ ᠤ᠋ᠨ ᠲᠣᠷᠭᠠᠨ ᠵᠠᠮ ᠢ᠋ᠶ᠋ᠠᠷ ᠳᠡᠮᠵᠢᠨ ᠣᠲᠣᠬᠠᠨ ᠪᠣᠯᠲᠠᠯᠠᠬᠢ ᠰᠣᠶᠣᠯ ᠤ᠋ᠨ ᠠᠭᠤᠰᠤᠯᠴᠠᠯ ᠪᠠ ᠪᠣᠯᠪᠠᠰᠤᠨ ᠤ᠋ ᠰᠤᠯᠢᠯᠴᠠᠭ᠎ᠠ ᠵᠢ ᠭᠡᠷᠡᠴᠢᠯᠡᠵᠠᠢ᠃ ᠲᠤᠰ ᠦᠵᠡᠬᠦᠯᠬᠡ 2026 ᠣᠨ ᠤ᠋ 3 ᠰᠠᠷ᠎ᠠ ᠶ᠋ᠢᠨ 31 ᠤ᠋ ᠡᠳᠦᠷ ᠪᠤᠯᠳᠠᠯ᠎ᠠ ᠶᠠᠪᠤᠭᠳᠠᠨ᠎ᠠ᠃