ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ
ᠣᠷᠳᠣᠨ᠎ᠤ ᠠᠯᠪᠠᠨ ᠰᠦᠯᠵᠢᠶ᠎ᠡ ᠲᠡᠭᠡᠷ᠎ᠡ 2025 ᠣᠨ᠎ᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭᠠᠢ ᠴᠢᠳᠠᠪᠤᠷᠢᠲᠠᠨ᠎ᠤ ᠱᠠᠩᠨᠠᠯ》 ᠬᠦᠷᠲᠡᠭᠰᠡᠳ᠎ᠢ ᠬᠥᠬᠢᠭᠦᠯᠦᠨ ᠱᠠᠩᠨᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠠᠯ᠎ᠢ ᠨᠡᠢᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭᠠᠢ ᠴᠢᠳᠠᠪᠤᠷᠢᠲᠠᠨ》᠂《ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ》᠂ 《ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠰᠢᠨ᠎ᠡ᠎ᠶᠢ ᠡᠭᠦᠳᠦᠭᠰᠡᠨ ᠵᠠᠯᠠᠭᠤ ᠴᠢᠳᠠᠪᠤᠷᠢᠲᠠᠨ》 ᠤ ᠱᠠᠩᠨᠠᠯ ᠬᠦᠷᠲᠡᠭᠰᠡᠳ᠎ᠦᠨ ᠨᠡᠷᠡᠰ᠎ᠢ ᠨᠡᠢᠲᠡᠯᠡᠪᠡ᠃
2025 ᠣᠨ ᠤ 《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ ᠤ ᠭᠠᠷᠮᠠᠭᠠᠢ ᠴᠢᠳᠠᠪᠤᠷᠢᠲᠠᠨ ᠤ ᠱᠠᠩᠨᠠᠯ》 ᠬᠦᠷᠲᠡᠭᠰᠡᠳ᠎ᠢ ᠬᠥᠬᠢᠭᠦᠯᠦᠨ ᠱᠠᠩᠨᠠᠬᠤ
ᠲᠤᠬᠠᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠵᠠᠰᠠᠭ ᠤ᠋ᠨ ᠤᠷᠳᠤᠨ ᠤ ᠵᠠᠷᠯᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ
ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂
ᠠᠵᠢᠯ ᠦᠢᠯᠡᠰ᠎ᠦᠨ ᠨᠢᠭᠡᠴᠢ ᠳᠦ᠄
《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭᠠᠢ ᠴᠢᠳᠠᠪᠤᠷᠢᠲᠠᠨ᠎ᠤ ᠱᠠᠩᠨᠠᠯ ᠤᠨ
ᠬᠠᠮᠢᠶᠠᠷᠤᠯᠲᠠ᠎ᠶᠢᠨ ᠠᠷᠭ᠎ᠠ》᠎ᠶᠢᠨ ᠲᠣᠭᠲᠠᠭᠠᠯ᠎ᠢ ᠦᠨᠳᠦᠰᠦᠯᠡᠵᠦ᠂ ᠵᠣᠬᠢᠶᠠᠨ ᠪᠠᠢᠭᠤᠯ᠎ᠦᠨ ᠰᠢᠯᠭᠠᠷᠠᠭᠤᠯᠬᠤ᠎ᠪᠠᠷ
ᠳᠡᠮᠵᠢᠨ᠂ ᠵᠠᠩ ᠵᠢᠦ ᠾᠧ ᠵᠡᠷᠭᠡ 10 ᠬᠥᠮᠥᠨ᠎ᠢ 2025 ᠣᠨ ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠭᠠᠷᠮᠠᠭᠠᠢ ᠴᠢᠳᠠᠪᠤᠷᠢᠲᠠᠨ》᠎ᠢᠶᠠᠷ ᠰᠢᠯᠭᠠᠷᠠᠭᠤᠯᠵᠦ᠂ ᠶᠠᠩ ᠢᠦᠢ ᠴᠧᠩ ᠵᠡᠷᠭᠡ 50 ᠬᠥᠮᠥᠨ ᠢ 2025 ᠣᠨ᠎ᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ
ᠮᠡᠷᠭᠡᠵᠢᠯᠲᠡᠨ》᠎ᠢᠶᠠᠷ ᠰᠢᠯᠭᠠᠷᠠᠭᠤᠯᠵᠦ᠂ ᠮᠦᠨᠭᠭᠦᠨᠳᠠᠯᠠᠢ ᠵᠡᠷᠭᠡ 100 ᠬᠥᠮᠥᠨ᠎ᠢ 2025 ᠣᠨ᠎ᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠶᠢ ᠡᠭᠦᠳᠦᠭᠰᠡᠨ ᠵᠠᠯᠠᠭᠤ
ᠴᠢᠳᠠᠪᠤᠷᠢᠲᠠᠨ》ᠵᠢᠡᠷ ᠰᠢᠯᠭᠠᠷᠠᠭᠤᠯᠵᠠᠢ᠃
ᠬᠥᠬᠢᠭᠦᠯᠦᠭᠳᠡᠨ ᠰᠠᠢᠰᠢᠶᠠᠭᠳᠠᠭᠰᠠᠨ ᠬᠥᠮᠥᠰ ᠢᠷᠠᠭᠤ ᠠᠯᠳᠠᠷ᠎ᠢᠶᠠᠨ ᠨᠠᠨᠳᠢᠩᠨᠠᠵᠤ᠂ ᠴᠢᠷᠮᠠᠢᠭᠰᠠᠨ
ᠳᠡᠭᠡᠷ᠎ᠡ᠎ᠪᠡᠨ ᠴᠢᠷᠮᠠᠢᠵᠤ᠂ 《ᠤᠯᠤᠰ᠎ᠤᠨ ᠶᠡᠬᠡ ᠶᠠᠪᠤᠳᠠᠯ》᠎ᠢ ᠪᠤᠳᠤᠵᠤ᠂ ᠰᠢᠨᠵᠢᠯᠡᠬᠦ ᠤᠬᠠᠭᠠᠨᠲᠠᠨ ᠤ ᠵᠣᠷᠢᠭ᠋ ᠰᠠᠨᠠᠭ᠎ᠠ ᠪᠣᠯᠣᠨ ᠤᠷᠠᠨ ᠳᠠᠷᠬᠠᠨ᠎ᠤ
ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠲᠠᠰᠤᠷᠠᠯᠲᠠ ᠦᠭᠡᠢ ᠨᠡᠩ ᠶᠡᠬᠡ ᠰᠢᠨ᠎ᠡ ᠬᠤᠪᠢ ᠨᠡᠮᠡᠷᠢ
ᠦᠵᠡᠭᠦᠯᠬᠦ᠎ᠶᠢ ᠬᠦᠰᠡᠵᠦ ᠪᠠᠢᠨ᠎ᠠ᠃ ᠡᠭᠦᠨ᠎ᠦ ᠬᠠᠮᠲᠤ᠂ ᠪᠥᠬᠥ ᠣᠷᠣᠨ᠎ᠤ ᠡᠯ᠎ᠡ ᠠᠵᠢᠯ ᠲᠥᠷᠥᠯ᠂ ᠡᠯ᠎ᠡ ᠹᠷᠣᠨᠲ
ᠲᠡᠬᠢ ᠴᠢᠳᠠᠪᠤᠷᠢᠲᠠᠳ ᠬᠥᠬᠢᠭᠦᠯᠦᠭᠳᠡᠨ ᠰᠠᠢᠰᠢᠶᠠᠭᠳᠠᠭᠰᠠᠨ ᠬᠥᠮᠥᠰ᠎ᠢᠶᠡᠷ ᠥᠯᠢᠭᠡᠷ ᠳᠠᠭᠤᠷᠢᠶᠠᠯ ᠪᠣᠯᠭᠠᠵᠤ᠂
ᠲᠤᠰᠬᠠᠢ ᠮᠡᠷᠭᠡᠵᠢᠯ ᠢᠶᠡᠨ ᠭᠦᠨᠵᠡᠭᠡᠢᠷᠡᠭᠦᠯᠦᠨ᠂ ᠡᠷᠡᠮᠡᠬᠡᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶᠢᠭ᠋ ᠤᠨ
ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠶᠢ ᠴᠢᠷᠮᠠᠢᠨ
ᠪᠢᠴᠢᠭᠯᠡᠬᠦ᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠎ᠶᠢ ᠤᠷᠢᠶᠠᠯᠠᠵᠦ ᠪᠠᠢᠨ᠎ᠠ᠃
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ᠎ᠶᠢᠨ
ᠬᠢᠨ ᠰᠢ᠎ᠶᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ
ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶᠢᠨ
ᠫᠢᠩ᠎ᠦᠨ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠤ ᠠᠵᠢᠯ᠎ᠢ ᠰᠠᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶᠢ
ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ
ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ
ᠬᠠᠮᠲᠤ᠎ᠶᠢᠨ ᠴᠣᠭᠴᠠ ᠵᠢᠨ ᠤᠬᠠᠮᠰᠠᠷ ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠨᠠᠮ᠎ᠠᠴᠠ ᠴᠢᠳᠠᠪᠤᠷᠢᠲᠠᠨ ᠢ
ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠭᠣᠣᠯ ᠠᠵᠢᠯ ᠳᠤ ᠦᠢᠯᠡᠴᠢᠯᠡᠬᠦ᠎ᠶᠢ ᠪᠠᠷᠢᠮᠲᠠᠯᠠᠵᠤ᠂ ᠴᠢᠳᠠᠪᠤᠷᠢᠲᠠᠨ᠎ᠤ
ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠶᠢ ᠪᠠᠷᠢᠮᠲᠠᠯᠠᠵᠤ᠂ ᠰᠢᠯᠢᠳᠡᠭ ᠴᠢᠳᠠᠪᠤᠷᠢᠲᠠᠨ ᠴᠣᠯᠭᠣᠷᠠᠨ ᠭᠠᠷᠬᠤ
ᠰᠠᠢᠨ ᠰᠠᠢᠬᠠᠨ ᠲᠣᠭᠲᠠᠴᠠ᠎ᠶᠢ ᠴᠢᠷᠮᠠᠢᠨ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ
ᠬᠥᠭᠵᠢᠯᠲᠡ᠎ᠳᠦ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠶ᠎ᠠ!










ᠢᠷᠡᠯᠲᠡ᠄ ᠬᠦᠬᠡᠬᠤᠲᠠ ᠵᠢᠨ ᠬᠠᠮ ᠵᠠᠭᠤᠴᠢᠯᠠᠭᠤᠷ