ᠪᠠᠶᠠᠡᠠᠤᠪᠤᠭ᠎ᠠ ᠡᠴᠡ ᠪᠠᠰᠠ ᠬᠣᠶᠠᠷ ᠵᠦᠢᠯ᠎ᠦᠨ ᠰᠢᠨ᠎ᠡ ᠨᠢᠶᠦᠪᠢ᠎ᠶᠢᠨ ᠡᠷᠦᠳᠡᠰᠦ ᠢᠯᠡᠷᠡᠭᠦᠯᠪᠡ
2026-01-04 11:02:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠤᠨ ᠤ᠋ 12 ᠰᠠᠷ᠎ᠠ᠎ᠶᠢᠨ 30᠎ᠤ ᠡᠳᠦᠷ᠂ ᠰᠤᠷᠪᠤᠯᠵᠢᠯᠠᠭ᠍ᠴᠢ ᠪᠠᠶᠠᠡᠠᠤᠪᠤᠭ᠎ᠠ ᠵᠢᠨ ᠬᠣᠪᠣᠷ ᠰᠢᠷᠣᠢ᠎ᠶᠢᠨ ᠡᠬᠢ ᠪᠠᠶᠠᠯᠢᠭ᠋᠎ᠢ ᠰᠤᠳᠤᠯᠬᠤ ᠪᠠ ᠶᠡᠷᠦᠩᠬᠡᠢᠯᠡᠨ ᠠᠰᠢᠭ᠍ᠯᠠᠬᠤ ᠪᠥᠬᠥ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠠᠴᠠ ᠣᠢᠯᠠᠭᠠᠭᠰᠠᠨ ᠵᠢᠠᠷ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ᠎ᠶᠢᠨ ᠪᠠᠶᠠᠡᠠᠤᠪᠤᠭ᠎ᠠ ᠠᠭᠤᠷᠬᠠᠢ᠎ᠶᠢᠨ ᠣᠷᠣᠨ ᠡᠴᠡ ᠬᠣᠶᠠᠷ ᠵᠦᠢᠯ᠎ᠦᠨ ᠨᠢᠶᠤᠪᠢ ᠡᠯᠪᠡᠭ ᠡᠷᠦᠳᠡᠰᠦ ᠵᠢ ᠢᠯᠡᠷᠡᠭᠦᠯᠵᠥ᠂ ᠣᠢᠷ᠎ᠠ᠎ᠳᠤ ᠣᠯᠠᠨ ᠤᠯᠤᠰ᠎ᠤᠨ ᠡᠷᠦᠳᠡᠰᠦ᠎ᠶᠢᠨ ᠰᠤᠳᠤᠯᠤᠯ᠎ᠤᠨ ᠨᠡᠢᠭᠡᠮᠯᠢᠭ᠎ᠦᠨ ᠰᠢᠨ᠎ᠡ ᠡᠷᠦᠳᠡᠰᠦ᠎ᠶᠢ ᠨᠡᠷᠡᠢᠳᠬᠦ ᠪᠠ ᠲᠥᠷᠥᠯ ᠬᠤᠪᠢᠶᠠᠬᠤ ᠲᠤᠰᠬᠠᠢ ᠮᠡᠷᠭᠡᠵᠢᠯ᠎ᠦᠨ ᠺᠣᠮᠢᠰ᠎ᠠᠴᠠ ᠬᠢᠨᠠᠨ ᠲᠣᠭᠲᠠᠭᠠᠭᠰᠠᠨ᠎ᠤ ᠬᠠᠮᠲᠤ ᠵᠢᠩᠬᠢᠨᠢ᠎ᠪᠡᠷ ᠽᠦᠸᠧ ᠯᠢᠨ ᠨᠢᠶᠦᠪᠢ᠎ᠶᠢᠨ ᠠᠭᠤᠷᠬᠠᠢ᠂ ᠬᠣᠩ ᠷᠦᠢ ᠠᠭᠤᠷᠬᠠᠢ ᠭᠡᠵᠦ ᠨᠡᠷᠡᠢᠳᠬᠦ ᠵᠢ ᠵᠥᠪᠰᠢᠶᠡᠷᠡᠵᠡᠢ᠃ ᠡᠨᠡ ᠪᠣᠯ ᠲᠣᠰ ᠠᠭᠤᠷᠬᠠᠢ᠎ᠶᠢᠨ ᠣᠷᠣᠨ ᠎ᠤ 2025 ᠣᠨ᠎ᠤ 12 ᠰᠠᠷ᠎ᠠ᠎ᠶᠢᠨ ᠰᠡᠭᠦᠯᠴᠢ ᠪᠣᠯᠲᠠᠯ᠎ᠠ ᠢᠯᠡᠷᠡᠭᠦᠯᠵᠦ ᠨᠡᠷᠡᠢᠳᠦᠭᠰᠡᠨ 26 ᠪᠠ 27 ᠳ᠋ᠡᠬᠢ ᠰᠢᠨ᠎ᠡ ᠡᠷᠦᠳᠡᠰᠦ ᠪᠣᠯᠣᠨ᠎ᠠ᠃


QQ20260104-110337.png


ᠽᠦᠸᠧ ᠯᠢᠨ ᠨᠢᠶᠦᠪᠢ᠎ᠶᠢᠨ ᠠᠭᠤᠷᠬᠠᠢ ᠨᠢ ᠪᠠᠶᠠᠡᠠᠤᠪᠤᠭ᠎ᠠ ᠠᠭᠤᠷᠬᠠᠢ᠎ᠶᠢᠨ ᠣᠷᠣᠨ᠎ᠤ ᠴᠢᠯᠠᠭᠤᠯᠢᠭ᠋ ᠳᠣᠲᠣᠷ᠎ᠠ ᠠᠭᠤᠯᠤᠭᠳᠠᠵᠤ᠂ ᠰᠢᠷ᠎ᠠ ᠬᠦᠷᠡᠩ᠂ ᠬᠦᠷᠡᠩ ᠪᠤᠷᠤ ᠥᠩᠭᠡ ᠲᠡᠢ᠂ ᠰᠢᠯ ᠰᠢᠭ᠋ ᠭᠢᠯᠲᠠᠭᠠᠨᠠᠮ᠎ᠠ᠂ ᠬᠠᠪᠲᠠᠰᠤᠯᠢᠭ ᠬᠡᠯᠪᠡᠷᠢ ᠲᠡᠢ᠂ ᠮᠥᠬᠥᠯᠢᠭ᠎ᠦᠨ ᠬᠡᠮᠵᠢᠶ᠎ᠡ ᠨᠢ ᠪᠠᠷᠤᠭ 20 ᠡᠴᠡ 40 ᠮᠢᠺᠷᠦᠮᠧᠲᠷ᠂ ᠨᠢᠭ᠍ᠲᠠᠴᠠ ᠨᠢ 5.538 ᠭᠷᠡᠮ / ᠪᠣᠰᠣᠭ᠎ᠠ ᠳᠥᠷᠪᠡᠯᠵᠢᠨ ᠰᠠᠨᠲ᠋ᠢᠮᠧᠲᠷ ᠪᠠᠢᠵᠤ᠂ ᠨᠢᠭᠡ ᠵᠦᠢᠯ᠎ᠦᠨ ᠪᠠᠷᠢ᠂ ᠰᠲᠷᠤᠨᠲ ᠪᠣᠯᠣᠨ ᠨᠢᠶᠦᠪᠢ᠎ᠪᠡᠷ ᠭᠣᠣᠯ ᠪᠦᠷᠢᠯᠳᠦᠭᠦᠨ ᠪᠣᠯᠭᠠᠭᠰᠠᠨ ᠴᠣ ᠰᠢᠨ᠎ᠡ ᠲᠡᠮᠦᠷᠯᠢᠭ᠎ᠤᠨ ᠢᠰᠦᠯ᠎ᠤᠨ ᠲᠥᠷᠥᠯ᠎ᠦᠨ ᠡᠷᠦᠳᠡᠰᠦ ᠪᠠᠢᠵᠤ᠂ ᠨᠢᠶᠦᠪᠢ᠎ᠶᠢᠨ ᠢᠰᠦᠯ᠎ᠦᠨ ᠠᠭᠤᠯᠤᠭᠳᠠᠴᠠ ᠨᠢ 52.9% ᠬᠦᠷᠴᠦ ᠪᠤᠢ᠃ ᠲᠤᠰ ᠡᠷᠦᠳᠡᠰᠦ᠎ᠶᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠭᠠᠵᠠᠷ ᠰᠢᠨᠵᠢᠯᠡᠭᠡᠨ᠎ᠦ ᠰᠤᠳᠤᠯᠭᠠᠨ᠎ᠤ ᠭᠠᠵᠠᠷ᠎ᠤᠨ ᠤᠤᠯ ᠎ᠤᠨ ᠰᠤᠳᠤᠯᠤᠭ᠍ᠴᠢ ᠾᠧ ᠽᠦᠸᠧ ᠯᠢᠨ᠎ᠤ ᠨᠡᠷ᠎ᠡ ᠪᠡᠷ ᠨᠡᠷᠡᠢᠳᠪᠡ᠃

ᠬᠣᠩ ᠷᠦᠢ ᠠᠭᠤᠷᠬᠠᠢ ᠪᠣᠯ ᠪᠠᠶᠠᠡᠠᠤᠪᠤᠭ᠎ᠠ ᠠᠭᠤᠷᠬᠠᠢ᠎ᠶᠢᠨ ᠣᠷᠣᠨ᠎ᠤ ᠨᠡᠭᠦᠷᠡᠰᠦᠬᠦ᠋ᠴᠢᠯ᠎ᠦᠨ ᠴᠢᠯᠠᠭᠤᠯᠢᠭ᠋᠎ᠤᠨ ᠰᠤᠳᠠᠰᠤᠨ᠎ᠠᠴᠠ ᠭᠠᠷᠳᠠᠭ᠂ ᠤᠯᠠᠭᠠᠨ ᠬᠦᠷᠡᠩ ᠥᠩᠭᠡ᠎ᠲᠠᠢ᠂ ᠰᠢᠯ᠎ᠰᠢᠭ᠋ ᠭᠢᠯᠲᠠᠭᠠᠨᠠᠮ᠎ᠠ᠂ ᠬᠠᠪᠲᠠᠰᠤᠯᠢᠭ ᠬᠡᠯᠪᠡᠷᠢ ᠲᠡᠢ᠂ ᠮᠥᠬᠥᠯᠢᠭ᠎ᠦᠨ ᠬᠡᠮᠵᠢᠶ᠎ᠡ ᠨᠢ ᠪᠠᠷᠤᠭ 10 ᠡᠴᠡ 30 ᠮᠢᠺᠷᠦᠮᠧᠲᠷ᠂ ᠨᠢᠭ᠍ᠲᠠᠴᠠ ᠨᠢ 4.453 ᠭᠷᠡᠮ / ᠪᠣᠰᠣᠭ᠎ᠠ ᠳᠥᠷᠪᠡᠯᠵᠢᠨ ᠰᠠᠨᠲ᠋ᠢᠮᠧᠲᠷ ᠪᠠᠢᠵᠤ᠂ ᠮᠠᠭ᠍ᠨᠢ᠂ ᠲᠡᠮᠦᠷ ᠪᠣᠯᠣᠨ ᠨᠢᠶᠦᠪᠢ᠎ᠪᠡᠷ ᠭᠣᠣᠯ ᠪᠦᠷᠢᠯᠳᠦᠭᠦᠨ ᠪᠣᠯᠭᠠᠭᠰᠠᠨ ᠨᠢᠭᠡ ᠵᠦᠢᠯ᠎ᠦᠨ ᠡᠷᠦᠳᠡᠰᠦ᠎ᠶᠢᠨ ᠢᠰᠦᠯ ᠪᠣᠯᠣᠨ᠎ᠠ᠂ ᠨᠢᠶᠦᠪᠢ᠎ᠶᠢᠨ ᠢᠰᠦᠯ ᠨᠢ 32.8% ᠪᠠᠢᠳᠠᠭ᠃ ᠲᠣᠰ ᠡᠷᠦᠳᠡᠰᠦ᠎ᠶᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠭᠠᠵᠠᠷ ᠰᠢᠨᠵᠢᠯᠡᠭᠡ ᠪᠠ ᠳᠡᠯᠡᠬᠡᠢ᠎ᠶᠢᠨ ᠪᠥᠮᠪᠥᠷᠴᠡᠭ᠎ᠦᠨ ᠹᠢᠽᠢᠺ ᠰᠤᠳᠤᠯᠬᠤ ᠭᠠᠵᠠᠷ᠎ᠤᠨ ᠰᠤᠳᠤᠯᠤᠭ᠍ᠴᠢ ᠹᠠᠨ ᠬᠣᠩ ᠷᠦᠢ ᠵᠢᠨ ᠨᠡᠷ᠎ᠡ᠎ᠪᠡᠷ ᠨᠡᠷᠡᠯᠡᠵᠡᠢ᠃


QQ20260104-110346.png


ᠳᠤᠮᠳᠠᠳᠤ ᠤᠯᠤᠰ᠎ᠤᠨ ᠬᠣᠪᠣᠷ ᠰᠢᠷᠣᠢ᠎ᠶᠢᠨ ᠰᠤᠳᠤᠯᠭᠠᠨ᠎ᠤ ᠨᠡᠢᠭᠡᠮᠯᠢᠭ᠎ᠦᠨ ᠬᠡᠷᠡᠭ ᠡᠷᠬᠢᠯᠡᠭᠴᠢᠳ᠎ᠦᠨ ᠳᠡᠳ᠋ ᠳᠠᠷᠤᠭ᠎ᠠ ᠪᠥᠭᠡᠳ ᠨᠠᠷᠢᠨ ᠪᠢᠴᠢᠭ᠎ᠦᠨ ᠳᠠᠷᠤᠭ᠎ᠠ᠂ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠭᠡᠳᠦ ᠵᠡᠷᠭᠡ᠎ᠶᠢᠨ ᠢᠨᠵᠧᠨᠧᠷ ᠶᠠᠩ ᠵᠠᠨ ᠹᠧᠩ᠎ᠤᠨ ᠲᠠᠨᠢᠯᠴᠠᠭᠤᠯᠤᠭᠰᠠᠨ᠎ᠢᠶᠠᠷ᠂ ᠡᠨᠡ ᠤᠳᠠᠭ᠎ᠠ᠎ᠶᠢᠨ ᠬᠣᠶᠠᠷ ᠵᠦᠢᠯ᠎ᠦᠨ ᠰᠢᠨ᠎ᠡ ᠡᠷᠦᠳᠡᠰᠦ᠎ᠶᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠭᠠᠵᠠᠷ ᠰᠢᠨᠵᠢᠯᠡᠭᠡ ᠪᠣᠯᠣᠨ ᠳᠡᠯᠡᠬᠡᠢ᠎ᠶᠢᠨ ᠪᠥᠮᠪᠥᠷᠴᠡᠭ᠎ᠦᠨ ᠹᠢᠽᠢᠺ ᠰᠤᠳᠤᠯᠬᠤ ᠭᠠᠵᠠᠷ᠂ ᠵᠢᠶᠠᠩᠰᠢ᠎ᠶᠢᠨ ᠬᠡᠷᠡᠭᠯᠡᠭᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠭᠡᠳᠦ ᠰᠤᠷᠭᠠᠭᠤᠯᠢ ᠪᠣᠯᠣᠨ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠢᠶᠡᠷ ᠪᠦᠷᠢᠯᠳᠦᠭᠰᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ ᠬᠠᠮᠲᠤ᠎ᠪᠠᠷ ᠢᠯᠡᠷᠡᠭᠦᠯᠪᠡ᠃


QQ20260104-110357.png

ᠨᠢᠶᠦᠪᠢ ᠨᠢ ᠬᠠᠢᠯᠬᠤ ᠴᠡᠭ ᠥᠨᠳᠥᠷ᠂ ᠢᠳᠡᠭᠳᠡᠯ᠎ᠳᠦ ᠳᠠᠭᠠᠭᠠᠮᠠᠭᠠᠢ ᠪᠠ ᠭᠡᠳᠤ ᠴᠠᠬᠢᠯᠭᠠᠨ ᠳᠠᠮᠵᠢᠭᠤᠯᠬᠤ ᠴᠢᠨᠠᠷ ᠵᠡᠷᠭᠡ ᠳᠠᠪᠠᠭᠤᠯᠢᠭ᠋᠎ᠲᠠᠢ ᠪᠠᠢᠵᠥ᠂ ᠣᠨᠴᠠ ᠲᠦᠷᠦᠯ᠎ᠦᠨ ᠪᠣᠯᠣᠳ ᠲᠡᠮᠦᠷ᠂ ᠭᠡᠳᠤ ᠳᠠᠮᠵᠢᠭᠤᠯᠬᠤ ᠮᠠᠲᠧᠷᠢᠶᠠᠯ ᠪᠠ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠬᠦᠷᠢᠶᠡᠨ᠎ᠳᠦ ᠳᠡᠭᠡᠳᠦ ᠬᠡᠮᠵᠢᠶᠡᠨ᠎ᠦ ᠣᠷᠣᠯᠠᠭᠤᠯᠵᠤ ᠪᠣᠯᠣᠰᠢ ᠦᠭᠡᠢ ᠴᠢᠨᠠᠷᠲᠠᠢ ᠶᠤᠮ᠃ ᠰᠢᠨ᠎ᠡ᠎ᠪᠡᠷ ᠢᠯᠡᠷᠡᠭᠦᠯᠦᠭᠰᠡᠨ ᠬᠣᠶᠠᠷ ᠵᠦᠢᠯ᠎ᠦᠨ ᠰᠢᠨ᠎ᠡ ᠡᠷᠦᠳᠡᠰᠦ ᠨᠢ ᠴᠥᠮ ᠨᠢᠶᠦᠪᠢ᠎ᠶᠢᠨ ᠠᠭᠤᠯᠤᠭᠳᠠᠴᠠ ᠦᠨᠳᠦᠷ ᠪᠠᠢᠬᠤ ᠢᠯᠡᠷᠬᠡᠢ ᠣᠨᠴᠠᠯᠢᠭ᠋ ᠲᠠᠢ᠂ ᠪᠠᠶᠠᠡᠠᠤᠪᠤᠭ᠎ᠠ᠎ᠶᠢᠨ ᠬᠡᠷᠡᠭᠯᠡᠵᠦ ᠪᠣᠯᠬᠤ ᠨᠢᠶᠦᠪᠢ᠎ᠶᠢᠨ ᠲᠡᠮᠦᠷᠯᠢᠭ᠎ᠢ ᠰᠣᠩᠭᠣᠨ ᠪᠣᠯᠪᠠᠰᠤᠷᠠᠭᠤᠯᠬᠤ ᠡᠷᠦᠳᠡᠰᠦ᠎ᠶᠢᠨ ᠲᠥᠷᠥᠯ ᠵᠦᠢᠯ᠎ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠨᠠᠩ ᠴᠤ᠌ ᠨᠢᠶᠦᠪᠢ᠎ᠶᠢᠨ ᠬᠠᠳᠠᠭᠠᠯᠠᠭᠳᠠᠬᠤ ᠪᠠᠢᠳᠠᠯ ᠪᠠ ᠡᠷᠦᠳᠡᠰᠦ᠎ᠪᠦᠲᠦᠬᠦ ᠶᠠᠪᠤᠴᠠ᠎ᠶᠢ ᠤᠢᠯᠠᠭᠠᠬᠤ᠎ᠳᠤ ᠴᠣ ᠰᠢᠨ᠎ᠡ ᠡᠷᠦᠳᠡᠰᠦ᠎ᠶᠢᠨ ᠤᠬᠠᠭᠠᠨ᠎ᠤ ᠬᠠᠷᠠᠭᠠᠰᠤ ᠪᠠ ᠵᠠᠩᠭᠢᠯᠠᠭ᠎ᠠ᠎ᠶᠢᠨ ᠰᠤᠳᠤᠯᠭᠠᠨ᠎ᠤ ᠠᠴᠢᠶᠠᠯᠠᠪᠤᠷᠢ᠎ᠶᠢ ᠬᠠᠩᠭᠠᠵᠠᠢ ᠭᠡᠵᠦ ᠶᠠᠩ ᠵᠠᠨ ᠹᠧᠩ ᠬᠡᠯᠡᠨ᠎ᠡ᠃

ᠪᠠᠶᠠᠡᠠᠤᠪᠤᠭ᠎ᠠ ᠠᠭᠤᠷᠬᠠᠢ᠎ᠶᠢᠨ ᠬᠡᠪᠲᠡᠰᠢ ᠨᠢ ᠳᠡᠯᠡᠬᠡᠢ᠎ᠶᠢᠨ ᠲᠡᠰ᠎ᠤᠨ ᠬᠡᠳᠦ ᠲᠣᠮᠣ᠌ ᠬᠡᠯᠪᠡᠷᠢ᠎ᠶᠢᠨ ᠤᠯᠠᠨ ᠲᠡᠮᠦᠷᠯᠢᠭ᠎ᠦᠨ ᠬᠠᠮᠲᠤ ᠣᠷᠣᠰᠢᠬᠤ ᠠᠭᠤᠷᠬᠠᠢ ᠪᠣᠯᠤᠭᠰᠠᠨ᠎ᠤ ᠬᠤᠪᠢ᠎ᠳᠤ᠂ ᠪᠦᠬᠦ ᠪᠥᠮᠪᠥᠷᠴᠡᠭ ᠎ᠦᠨ ᠬᠠᠮᠤᠭ᠎ᠤᠨ ᠶᠡᠬᠡ ᠬᠣᠪᠣᠷ ᠰᠢᠷᠣᠢ᠎ᠶᠢᠨ ᠬᠦᠳᠡᠷ᠎ᠦᠨ ᠬᠡᠪᠲᠡᠰᠢ ᠪᠠ ᠭᠤᠷᠪᠠᠳᠤᠭᠠᠷ ᠶᠡᠬᠡ ᠨᠢᠶᠦᠪᠢ᠎ᠶᠢᠨ ᠬᠦᠳᠡᠷ ᠎ᠦᠨ ᠬᠡᠪᠲᠡᠰᠢ ᠪᠣᠯᠬᠤ᠎ᠪᠠᠷ ᠪᠠᠷᠠᠬᠤ ᠦᠭᠡᠢ ᠪᠠᠰᠠ ᠡᠷᠦᠳᠡᠰᠦ᠎ᠶᠢᠨ ᠰᠤᠳᠤᠯᠤᠯ᠎ᠤᠨ ᠡᠷᠳᠡᠨᠢ᠎ᠶᠢᠨ ᠬᠥᠮᠥᠷᠭᠡ ᠪᠣᠯᠣᠨ᠎ᠠ᠂ ᠨᠢᠭᠡᠨᠲᠡ ᠢᠯᠡᠷᠡᠭᠦᠯᠦᠭᠰᠡᠨ ᠡᠷᠦᠳᠡᠰᠦ᠎ᠶᠢᠨ ᠶᠡᠷᠦᠩᠬᠡᠢ ᠲᠣᠭ᠎ᠠ 200 ᠲᠦᠷᠦᠯ᠎ᠢ ᠳᠠᠪᠠᠪᠠ᠃ ᠰᠢᠨ᠎ᠡ ᠪᠡᠷ ᠢᠯᠡᠷᠡᠭᠦᠯᠦᠭᠰᠡᠨ ᠽᠦᠸᠧ ᠯᠢᠨ ᠨᠢᠶᠦᠪᠢ᠎ᠶᠢᠨ ᠠᠭᠤᠷᠬᠠᠢ ᠪᠠ ᠬᠣᠩ ᠷᠦᠢ ᠠᠭᠤᠷᠬᠠᠢ ᠪᠣᠯ ᠪᠠᠶᠠᠡᠠᠤᠪᠤᠭ᠎ᠠ ᠠᠭᠤᠷᠬᠠᠢ᠎ᠶᠢᠨ ᠣᠷᠣᠨ᠎ᠤ 1959 ᠣᠨ᠎ᠠᠴᠠ ᠨᠠᠭᠠᠰᠢ ᠢᠯᠡᠷᠡᠭᠦᠯᠦᠭᠰᠡᠨ ᠪᠥᠭᠡᠳ ᠨᠡᠷᠡᠢᠳᠦᠭᠰᠡᠨ 26 ᠪᠠ 27 ᠳ᠋ᠤᠭᠠᠷ ᠵᠦᠢᠯ᠎ᠦᠨ ᠰᠢᠨ᠎ᠡ ᠡᠷᠦᠳᠡᠰᠦ ᠪᠣᠯᠣᠨ᠎ᠠ᠃

 

ᠢᠷᠡᠯᠲᠡ᠄ ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号