2025 ᠤᠨ᠎ᠤ 12 ᠰᠠᠷ᠎ᠠ᠎ᠶᠢᠨ 25᠎ᠤ᠋ ᠡᠳᠦᠷ᠂ ᠥᠪᠥᠷ ᠮᠣᠩᠭᠣᠯ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠤᠷᠤᠨ᠂ ᠲᠤᠷᠰᠢᠯᠲᠠ᠎ᠶᠢᠨ ᠰᠤᠷᠭᠠᠭᠤᠯᠢ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠦᠬᠡᠬᠤᠳᠠ ᠳ᠋ᠤ ᠦᠨᠳᠦᠷᠯᠡᠪᠡ᠃
3 ᠡᠳᠦᠷ᠎ᠤᠨ ᠬᠤᠭᠤᠴᠠᠭ᠎ᠠ ᠳᠠᠢ ᠶᠠᠪᠤᠭᠳᠠᠭᠰᠠᠨ ᠲᠤᠰ ᠤᠳᠠᠭ᠎ᠠ ᠶᠢᠨ ᠪᠤᠯᠪᠠᠰᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠳᠠᠭᠠᠭᠠᠴᠢᠯᠠᠨ ᠡᠷᠭᠢᠯᠡᠪᠡ᠃ ᠪᠤᠯᠪᠠᠰᠤᠷᠠᠯ ᠨᠢ ᠲᠤᠰᠬᠠᠢ ᠰᠡᠳᠦᠪᠲᠦ ᠲᠠᠢᠯᠤᠮᠵᠢ ᠬᠢᠬᠦ᠂ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ ᠂ ᠬᠠᠷᠢᠭᠤ ᠮᠡᠳᠡᠭᠦᠯᠵᠦ ᠰᠣᠯᠢᠯᠴᠠᠬᠤ᠂ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠡᠷ ᠶᠠᠪᠤᠭᠳᠠᠵᠠᠢ᠃ ᠪᠤᠯᠪᠠᠰᠤᠷᠠᠯ᠎ᠤᠨ ᠬᠤᠭᠤᠴᠠᠭᠠᠨ᠎ᠳᠤ ᠂ ᠰᠤᠷᠭᠠᠨ ᠬᠥᠮᠦᠵᠢᠯ᠎ᠦᠨ ᠶᠠᠮᠤᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠰᠤᠳᠤᠯᠭᠠᠨ᠎ᠤ ᠪᠠᠢᠭᠤᠯᠤᠮᠵᠢ ᠨᠢᠭᠡᠴᠢ ᠵᠢᠴᠢ ᠹᠦᠳᠠᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠡᠷᠳᠡᠮᠲᠡᠳ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠬᠣᠰᠢᠭᠤᠷᠠᠯ ᠣᠢᠯᠠᠭᠠᠭᠳᠠᠬᠤᠨ᠂ ᠬᠢᠴᠢᠶᠡᠯ᠎ᠦᠨ ᠲᠠᠩᠬᠢᠮ᠎ᠤᠨ ᠬᠤᠪᠢᠰᠤᠯᠲᠠ᠎ᠶᠢᠨ ᠠᠷᠭ᠎ᠠ ᠵᠠᠮ᠂ ᠬᠡᠪ ᠪᠣᠯᠪᠠᠰᠤᠷᠠᠯ᠎ᠤᠨ ᠤᠳᠤᠷᠢᠳᠤᠮᠵᠢ᠎ᠶᠢᠨ ᠦᠨᠡᠯᠡᠯᠲᠡ᠎ᠶᠢᠨ ᠥᠭᠡᠷᠡᠴᠢᠯᠡᠯᠲᠡ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠲᠤᠰᠬᠠᠢ ᠰᠡᠳᠦᠪᠲᠦ ᠲᠠᠢᠯᠤᠮᠵᠢ ᠬᠢᠪᠡ᠃ ᠪᠥᠬᠥ ᠣᠷᠣᠨ᠎ᠤ 12 ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠵᠢᠴᠢ ᠡᠯ᠎ᠡ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠤᠷᠤᠨ᠂ ᠲᠤᠷᠰᠢᠯᠲᠠ᠎ᠶᠢᠨ ᠰᠤᠷᠭᠠᠭᠤᠯᠢ᠎ᠶᠢᠨ ᠲᠥᠯᠥᠭᠡᠯᠡᠭᠴᠢ ᠲᠣᠰ ᠭᠠᠵᠠᠷ ᠣᠷᠣᠨ᠂ ᠲᠣᠰ ᠨᠢᠭᠡᠴᠢ᠎ᠶᠢᠨ᠎ᠢᠶᠡᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠠᠬᠢᠭᠤᠯᠤᠭᠰᠠᠨ ᠪᠠᠢᠳᠠᠯ᠂ ᠱᠠᠲᠤᠴᠢ ᠴᠢᠨᠠᠷᠲᠠᠢ ᠦᠷ᠎ᠡ ᠪᠦᠲᠦᠭᠡᠯ ᠬᠢᠭᠡᠳ ᠥᠷᠢᠰᠦᠯᠳᠦᠭᠡᠨ᠎ᠦ ᠲᠤᠬᠠᠢ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ ᠭᠦᠨᠵᠡᠭᠡᠢ ᠰᠣᠯᠢᠯᠴᠠᠭ᠎ᠠ ᠬᠢᠪᠡ᠃ ᠪᠣᠯᠪᠠᠰᠤᠷᠠᠯ ᠨᠢ ᠪᠠᠰᠠ ᠬᠥᠬᠡᠬᠣᠲᠠ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠦᠢᠯᠡᠳᠦᠯᠭᠡ᠎ᠶᠢᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠤᠷᠢᠳ ᠬᠣᠵᠢᠳ ᠬᠥᠬᠡᠬᠣᠲᠠ᠎ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠡᠮᠦᠨ᠎ᠡ ᠰᠤᠷᠭᠠᠭᠤᠯᠢ᠎ᠶᠢᠨ ᠲᠣᠭᠣᠷᠢᠭ᠋᠂ ᠪᠡᠭᠡᠵᠢᠩ᠎ᠦᠨ 101 ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠶᠢᠨ ᠬᠤᠪᠢᠶᠠᠷᠢ ᠰᠤᠷᠭᠠᠭᠤᠯᠢ᠎ᠶᠢᠨ ᠪᠧᠢ ᠴᠧᠨ ᠰᠤᠷᠭᠠᠭᠤᠯᠢ᠎ᠶᠢᠨ ᠲᠣᠭᠣᠷᠢᠭ᠋᠂ ᠰᠢᠨ᠎ᠡ ᠬᠤᠳᠠ ᠲᠣᠭᠣᠷᠢᠭ᠋᠎ᠤᠨ ᠰᠤ᠌ ᠬ᠍ᠤ ᠵᠡᠭᠡᠯᠢ᠎ᠶᠢᠨ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠬᠣᠷᠴᠢᠨ ᠰᠤᠷᠭᠠᠭᠤᠯᠢ᠎ᠶᠢᠨ ᠲᠣᠭᠣᠷᠢᠭ᠋ ᠵᠢᠴᠢ ᠰᠢᠨ᠎ᠡ ᠬᠤᠳᠠ ᠲᠣᠭᠣᠷᠢᠭ᠋᠎ᠤᠨ ᠬᠡᠩᠬᠡᠷᠬᠡ᠎ᠳᠤ ᠠᠰᠠᠷ᠎ᠤᠨ ᠪᠠᠭ᠎ᠠ ᠰᠤᠷᠭᠠᠭᠤᠯᠢ ᠵᠡᠷᠭᠡ ᠲᠦᠷᠪᠡᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠰᠤᠷᠭᠠᠭᠤᠯᠢ᠎ᠪᠡᠷ ᠲᠣᠭᠣᠷᠢᠨ ᠦᠵᠡᠵᠦ᠂ ᠡᠯ᠎ᠡ ᠰᠤᠷᠭᠠᠭᠤᠯᠢ᠎ᠶᠢᠨ ᠬᠢᠴᠢᠶᠡᠯ᠎ᠦᠨ ᠰᠢᠰᠲᠧᠮ᠎ᠦᠨ ᠪᠠᠢᠭᠤᠯᠤᠯᠲᠠ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ᠂ ᠣᠨᠴᠠᠯᠢᠭ᠍ᠲᠤ ᠲᠥᠷᠥᠯ ᠲᠡᠮᠳᠡᠭ᠎ᠤᠨ ᠴᠣᠭᠴᠠᠯᠠᠯᠲᠠ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ ᠵᠡᠷᠭᠡ ᠲᠠᠯ᠎ᠠ᠎ᠪᠠᠷ ᠬᠢ ᠢᠳᠡᠪᠬᠢᠲᠡᠢ ᠰᠦᠪᠡᠭᠴᠢᠯᠡᠯᠲᠡ ᠪᠠ ᠡᠯᠪᠡᠭ ᠪᠠᠶᠠᠯᠢᠭ᠋ ᠦᠷ᠎ᠡ ᠪᠦᠲᠦᠭᠡᠯ᠎ᠢ ᠣᠢᠯᠠᠭᠠᠪᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ᠂ ᠡᠯ᠎ᠡ ᠭᠠᠵᠠᠷ᠎ᠤᠨ ᠬᠢᠨ ᠴᠢᠨᠠᠷ ᠰᠠᠢᠲᠠᠢ ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠵᠤ᠂ ᠵᠥᠪ ᠣᠨᠣᠪᠴᠢᠲᠠᠢ ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠪᠠᠲᠤ ᠪᠤᠢ ᠪᠣᠯᠭᠠᠵᠤ᠂ ᠬᠢᠴᠢᠶᠡᠯ᠎ᠢᠶᠡᠷ ᠬᠥᠮᠥᠨ᠎ᠢ ᠬᠥᠮᠥᠵᠢᠭᠦᠯᠬᠦ ᠲᠠᠯ᠎ᠠ᠎ᠪᠠᠷ ᠬᠢ ᠰᠢᠨ᠎ᠡ᠎ᠶᠢ ᠡᠭᠦᠳᠴᠦ᠂ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠨᠡᠢᠭᠡᠮ᠎ᠦᠨ ᠬᠥᠮᠥᠨ ᠬᠥᠮᠥᠵᠢᠭᠦᠯᠬᠦ ᠡᠬᠢ ᠪᠠᠶᠠᠯᠢᠭ᠋᠎ᠢ ᠨᠡᠢᠳᠬᠡᠵᠦ᠂ 《ᠨᠢᠭᠡ ᠭᠠᠵᠠᠷ᠎ᠲᠤ ᠨᠢᠭᠡ ᠠᠷᠭ᠎ᠠ ᠪᠣᠳᠣᠯᠭ᠎ᠠ》᠂《ᠨᠢᠭᠡ ᠰᠤᠷᠭᠠᠭᠤᠯᠢ᠎ᠳᠤ ᠨᠢᠭᠡ ᠠᠷᠭ᠎ᠠ ᠪᠣᠳᠣᠯᠭ᠎ᠠ》 ᠵᠢ ᠬᠡᠷᠡᠭᠵᠢᠬᠦᠯᠵᠦ ᠬᠢᠴᠢᠶᠡᠯ᠎ᠦᠨ ᠪᠠᠢᠭᠤᠯᠤᠯᠲᠠ ᠪᠠ ᠬᠡᠷᠡᠭᠵᠢᠭᠦᠯᠬᠦ ᠲᠣᠭᠲᠠᠴᠠ᠎ᠶᠢ ᠪᠦᠷᠢᠨᠰᠢᠭᠦᠯᠬᠦ ᠬᠡᠷᠡᠭᠲᠡᠢ᠃ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠳᠠ ᠵᠢ ᠬᠦᠴᠦᠷᠬᠡᠭᠵᠢᠭᠦᠯᠵᠦ᠂ ᠪᠠᠭ᠍ᠰᠢ ᠨᠠᠷ᠎ᠤᠨ ᠲᠤᠭᠠᠴᠢᠯᠠᠭᠰᠠᠨ ᠬᠡᠪ ᠪᠣᠯᠪᠠᠰᠤᠷᠠᠯ ᠪᠣᠯᠣᠨ ᠰᠢᠨᠵᠢᠯᠡᠭᠡᠨ᠎ᠦ ᠰᠠᠯᠠᠭ᠎ᠠ ᠠᠯᠤᠰᠯᠠᠭᠰᠠᠨ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ ᠦᠨᠡᠯᠡᠯᠲᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠦᠨᠡᠯᠡᠬᠦ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠂ ᠦᠷ᠎ᠡ ᠪᠦᠲᠦᠮᠵᠢᠲᠦ ᠴᠢᠨᠠᠷ᠎ᠢ ᠴᠢᠩᠭᠠᠳᠬᠠᠬᠤ ᠬᠡᠷᠡᠭᠲᠡᠢ ᠬᠡᠵᠦ ᠱᠠᠭᠠᠷᠳᠠᠪᠠ᠃