ᠰᠢᠨ᠎ᠡ ᠤᠨ ᠰᠢᠨ᠎ᠡ ᠵᠤᠷᠢᠯᠳᠠ
2026-01-05 11:25:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 ᠡᠬᠡᠯᠵᠢᠯᠡᠬᠦ ᠤᠯᠠᠷᠢᠯ᠎ᠤᠨ ᠤᠷᠴᠢᠯ ᠵᠢᠡᠷ ᠤᠨ᠎ᠵᠢᠯ᠎ᠤᠨ ᠰᠢᠨ᠎ᠡ ᠬᠠᠭᠤᠳᠠᠰᠤ ᠨᠡᠬᠡᠬᠡᠭᠳᠡᠯ᠎ᠡ᠃ ᠰᠢᠨ᠎ᠡ ᠤᠨ ᠳ᠋ᠤ ᠰᠢᠨ᠎ᠡ ᠨᠢᠬᠡᠨ ᠬᠦᠰᠡᠯ ᠬᠠᠷᠠᠯᠳᠠ ᠵᠢᠨ ᠲᠦᠯᠦᠬᠡ ᠳᠡᠮᠡᠦᠯᠳᠡᠭ ᠤᠴᠢᠷᠳᠠᠢ᠃ 2026 ᠣᠨ ᠳ᠋ᠤ ᠦᠪᠦᠷ ᠮᠤᠩᠭᠤᠯ᠎ᠤᠨ ᠰᠤᠷᠭᠠᠨ ᠬᠥᠮᠦᠵᠢᠯ᠎ᠤᠨ ᠬᠢᠨ ᠰᠤᠷᠭᠠᠨ ᠬᠦᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠡᠷ《ᠴᠢᠨᠠᠷ ᠰᠠᠢᠳᠠᠢ ᠳᠡᠩᠴᠡᠬᠦᠷᠢᠳᠡᠢ ᠠᠭᠤᠯᠤᠭᠳᠠᠬᠤᠨ᠎ᠢ ᠳᠡᠬᠡᠭᠰᠢᠯᠡᠬᠦᠯᠬᠦ》 ᠪᠡᠷ ᠰᠢᠨ᠎ᠡ ᠬᠠᠷᠠᠯᠳᠠ ᠪᠠᠨ ᠪᠤᠯᠭᠠᠵᠤ᠂ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠳᠠ ᠵᠢᠨ ᠳᠤᠭᠤᠷᠢᠨ ᠳ᠋ᠤ ᠡᠯ᠎ᠠ ᠱᠠᠳᠤᠨ᠎ᠤ ᠰᠤᠷᠭᠠᠨ ᠬᠦᠮᠦᠵᠢᠯ᠎ᠤᠨ ᠴᠢᠨᠠᠷ ᠰᠠᠢᠳᠠᠢ ᠬᠦᠭᠵᠢᠯᠳᠡ ᠵᠢᠨ ᠲᠦᠰᠦᠪ ᠵᠢᠡᠨ ᠵᠢᠷᠤᠭᠯᠠᠵᠤ᠂ ᠦᠢᠯᠡᠳᠦᠯᠬᠡ ᠵᠢᠨ ᠳᠤᠮᠳᠠ ᠰᠢᠨ᠎ᠡ ᠵᠢ ᠡᠬᠦᠳᠴᠦ᠂ ᠴᠢᠨᠠᠷ ᠢ᠋ ᠳᠡᠬᠡᠭᠰᠢᠯᠡᠬᠦᠯᠬᠦ ᠳᠤᠮᠳᠠ ᠰᠢᠪᠳᠤᠯᠤᠯᠳᠠ ᠭᠠᠷᠭᠠᠵᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠪᠡᠷ ᠦᠷᠬᠦᠯᠵᠢᠯᠡᠨ ᠴᠢᠷᠮᠠᠢᠬᠤ ᠠᠶᠠᠨ᠎ᠤ ᠲᠦᠷᠦᠬᠡ ᠪᠠᠨ ᠴᠢᠩᠭᠠᠯᠠᠨ᠎ᠠ᠃

  ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠰᠢᠰᠲᠧᠮ᠎ᠤᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠡᠷ ᠠᠵᠢᠯ᠎ᠤᠨ ᠭᠤᠤᠯ ᠰᠢᠵᠢᠮ ᠵᠢᠡᠨ ᠪᠤᠯᠭᠠᠵᠤ᠂ ᠶᠤᠰᠤ ᠰᠤᠷᠳᠠᠬᠤᠨ ᠵᠢᠡᠷ ᠬᠦᠮᠦᠨ᠎ᠢ ᠬᠦᠮᠦᠵᠢᠬᠦᠯᠵᠦ᠂ ᠶᠡᠬᠡ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ᠎ᠢ ᠨᠢᠬᠡ ᠴᠤᠭᠴᠠᠵᠢᠭᠤᠯᠬᠤ ᠪᠠᠢᠭᠤᠯᠤᠯᠳᠠ ᠵᠢ  ᠠᠬᠢᠭᠤᠯᠵᠤ᠂ 《ᠠᠨᠠᠷ᠎ᠤᠨ ᠤᠯᠠᠭᠠᠨ》᠂ 《ᠤᠮᠠᠷᠠᠲᠤ ᠬᠢᠯᠢ᠎ᠶᠢᠨ ᠨᠣᠭᠣᠭᠠᠨ》᠂ 《ᠰᠠᠨᠰᠠᠷ᠎ᠤᠨ ᠠᠶᠠᠯᠠᠯ᠎ᠤᠨ ᠬᠦᠬᠡ》 ᠵᠡᠷᠭᠡ ᠣᠨᠴᠠᠯᠢᠭ᠍ᠲᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠵᠢᠡᠷ ᠰᠤᠷᠤᠭᠴᠢᠳ᠎ᠤᠨ ᠰᠡᠳᠬᠢᠯ᠎ᠢ ᠤᠮᠳᠠᠯᠠᠵᠤ᠂ ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ ᠵᠢᠡᠷ ᠰᠤᠷᠤᠭᠴᠢᠳ᠎ᠤᠨ ᠬᠠᠷᠠᠭ᠎ᠠ ᠵᠢ ᠳᠡᠯᠡᠵᠦ᠂ ᠰᠤᠷᠭᠠᠭᠤᠯᠢ ᠵᠢᠨ ᠬᠦᠷᠢᠶᠡᠨ᠎ᠤ ᠪᠦᠯᠬᠦᠮᠳᠡᠯ᠎ᠤᠨ ᠬᠦᠮᠦᠵᠢᠯ ᠵᠢᠡᠷ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠪᠦᠯᠬᠦᠮᠳᠡᠨ ᠲᠡᠮᠡᠴᠡᠬᠦ ᠦᠷ᠎ᠡ᠎ᠶᠢ ᠰᠠᠴᠤᠵᠤ᠂ ᠰᠤᠷᠭᠠᠭᠤᠯᠢ ᠵᠢᠨ ᠬᠦᠷᠢᠶᠡᠨ ᠳ᠋ᠤ ᠪᠦᠯᠬᠦᠮᠳᠡᠯ᠎ᠤᠨ ᠴᠡᠴᠡᠬᠡᠰ᠎ᠢ ᠳᠡᠯᠬᠡᠷᠡᠬᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ  ᠪᠦᠲᠦᠭᠡᠨ ᠪᠠᠶ᠋ᠢᠭᠤᠯᠬᠤ᠎ᠳᠤ ᠰᠤᠷᠭᠠᠨ ᠬᠥᠮᠦᠵᠢᠯ᠎ᠦᠨ ᠰᠠᠭᠤᠷᠢ᠎ᠶᠢ ᠦᠷᠬᠦᠯᠵᠢᠯᠡᠨ ᠴᠤᠭᠴᠠᠯᠠᠨ᠎ᠠ᠃

 ᠬᠡᠦᠬᠡᠳ ᠨᠢᠬᠡᠪᠦᠷᠢ ᠳ᠋ᠤ ᠡᠷᠬᠡ ᠳᠡᠭᠰᠢ ᠲᠦᠪ ᠭᠤᠤᠯᠴᠢ ᠰᠤᠷᠭᠠᠨ ᠬᠦᠮᠦᠵᠢᠯ ᠬᠦᠷᠳᠡᠬᠡᠬᠦ ᠪᠤᠯ ᠪᠢᠳᠡᠨ᠎ᠤ ᠵᠤᠷᠢᠯᠳᠠ ᠪᠤᠯᠤᠨ᠎ᠠ᠃ ᠦᠪᠦᠷ ᠮᠤᠩᠭᠤᠯ ᠰᠤᠷᠭᠠᠭᠤᠯᠢ ᠵᠢᠨ ᠨᠠᠰᠤᠨ  ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠲᠦᠭᠡᠮᠡᠯ ᠬᠠᠷᠠᠭᠠᠯᠵᠠᠯ ᠎ᠤᠨ ᠡᠬᠢ ᠪᠠᠶᠠᠯᠢᠭ᠋᠎ᠢ ᠲᠠᠰᠤᠷᠠᠯᠲᠠ ᠦᠭᠡᠢ ᠥᠷᠭᠡᠳᠬᠡᠨ᠂ ᠰᠠᠭᠤᠷᠢ ᠰᠤᠷᠭᠠᠨ ᠬᠦᠮᠦᠵᠢᠯ ᠎ᠤᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠪᠦᠷᠬᠦᠴᠡ᠎ᠶᠢ ᠥᠷᠭᠡᠳᠬᠡᠵᠦ᠂ ᠬᠤᠳᠠ ᠬᠦᠳᠡᠬᠡ ᠵᠢᠨ ᠰᠤᠷᠭᠠᠨ ᠬᠦᠮᠦᠵᠢᠯ ᠎ᠤᠨ ᠵᠦᠷᠢᠶ᠎ᠠ ᠵᠢ ᠪᠠᠭᠠᠰᠬᠠᠵᠤ᠂ ᠰᠤᠷᠤᠭᠴᠢ ᠨᠢᠬᠡᠪᠦᠷᠢ ᠳ᠋ᠤ ᠡᠷᠬᠡ ᠳᠡᠭᠰᠢ ᠲᠦᠪ ᠭᠤᠤᠯᠴᠢ ᠰᠤᠷᠭᠠᠨ ᠬᠦᠮᠦᠵᠢᠯ ᠢ᠋ ᠬᠦᠷᠳᠡᠬᠡᠬᠦ ᠪᠡᠷ ᠬᠦᠴᠦᠯᠡᠨ ᠴᠢᠷᠮᠠᠢᠭᠰᠠᠭᠠᠷ᠃ ᠳᠤᠮᠳᠠᠳᠤ ᠪᠠᠭ᠎ᠠ ᠰᠤᠷᠭᠠᠭᠤᠯᠢ ᠳ᠋ᠤ《ᠬᠤᠶᠠᠷ᠎ᠢ ᠬᠦᠩᠬᠡᠷᠡᠬᠦᠯᠬᠦ》ᠲᠦᠷᠦ ᠵᠢᠨ ᠪᠤᠳᠤᠯᠭ᠎ᠠ ᠵᠢ ᠬᠦᠴᠦᠳᠡᠢ ᠨᠠᠢᠳᠠᠪᠤᠷᠢᠵᠢᠭᠤᠯᠵᠤ᠂ 《ᠳᠠᠪᠤᠨ ᠬᠦᠮᠦᠵᠢᠯ》 ᠢ᠋ ᠵᠡᠷᠬᠡ ᠪᠡᠷ ᠠᠳᠬᠤᠵᠤ᠂ ᠰᠤᠷᠤᠭᠴᠢ ᠨᠢᠬᠡᠪᠦᠷᠢ ᠵᠢᠨ ᠪᠦᠬᠦ ᠳᠠᠯ᠎ᠠ ᠵᠢᠨ ᠦᠰᠦᠨ ᠪᠤᠢᠵᠢᠯᠳᠠ ᠳ᠋ᠤ ᠰᠢᠯᠢᠳᠡᠭ ᠰᠤᠷᠤᠯᠴᠠᠬᠤ ᠤᠷᠴᠢᠨ ᠨᠦᠬᠦᠴᠡᠯ᠎ᠢ ᠬᠠᠩᠭᠠᠵᠤ ᠦᠭᠴᠦ ᠪᠠᠢᠳᠠᠭ᠃

  ᠳᠡᠬᠡᠳᠤ ᠵᠡᠷᠬᠡ ᠵᠢᠨ ᠰᠤᠷᠭᠠᠨ ᠬᠦᠮᠦᠵᠢᠯ ᠪᠤᠯ ᠤᠷᠤᠨ ᠪᠦᠰᠡ ᠵᠢᠨ ᠬᠦᠭᠵᠢᠯᠳᠡ ᠳ᠋ᠤ ᠦᠢᠯᠡᠴᠢᠯᠡᠳᠡᠭ᠃ ᠦᠪᠦᠷ ᠮᠤᠩᠭᠤᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠤᠨ《ᠬᠣᠣᠰ ᠲᠡᠷᠢᠭᠦᠨ ᠵᠡᠷᠬᠡ》ᠵᠢᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠢᠯᠠᠩᠭᠤᠶ᠎ᠠ ᠬᠣᠪᠣᠷ ᠰᠢᠷᠣᠢ᠂ ᠰᠦ᠎ᠶᠢᠨ ᠦᠢᠯᠡᠰ ᠵᠡᠷᠭᠡ ᠣᠨᠴᠠᠯᠢᠭ᠍ᠲᠤ ᠰᠢᠨᠵᠢᠯᠡᠭᠡᠨ ᠎ᠦ ᠰᠠᠯᠠᠭ᠎ᠠ ᠨᠢ ᠣᠷᠣᠨ ᠪᠦᠰᠡ᠎ᠶᠢᠨ ᠬᠥᠭᠵᠢᠯᠲᠡ ᠵᠢ ᠲᠤᠯᠭᠠᠭᠤᠷᠢᠯᠠᠵᠤ ᠪᠤᠢ᠃ ᠡᠬᠦᠨᠴᠡ ᠳᠡᠬᠡᠳᠤ ᠵᠡᠷᠬᠡ ᠵᠢᠨ ᠰᠤᠷᠭᠠᠨ ᠬᠦᠮᠦᠵᠢᠯ᠎ᠤᠨ ᠳᠠᠭᠠᠭᠤᠯᠤᠭᠴᠢ ᠦᠢᠯᠡᠳᠦᠯ ᠎ᠢ ᠦᠷᠬᠦᠯᠵᠢᠯᠡᠨ ᠴᠢᠩᠭᠠᠳᠬᠠᠵᠤ᠂ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ ᠎ᠦᠨ ᠪᠠᠢᠷᠢᠰᠢᠭᠤᠯᠤᠯᠲᠠ᠎ᠶᠢ ᠣᠷᠣᠨ ᠪᠦᠰᠡ᠎ᠶᠢᠨ ᠭᠣᠣᠯᠳᠠᠯᠭ᠎ᠠ᠎ᠲᠠᠢ ᠠᠵᠤ ᠦᠢᠯᠡᠰ ᠯᠤᠭᠡ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ᠂ ᠠᠵᠤ ᠦᠢᠯᠡᠰ ᠪᠠ ᠰᠤᠷᠭᠠᠨ ᠬᠥᠮᠦᠵᠢᠯ ᠎ᠢ ᠠᠭᠤᠰᠤᠯᠴᠠᠭᠤᠯᠬᠤ᠎ᠶᠢ ᠭᠦᠨᠵᠡᠭᠡᠢᠷᠡᠭᠦᠯᠵᠦ᠂ ᠰᠤᠷᠭᠠᠨ ᠬᠥᠮᠦᠵᠢᠯ᠎ᠦᠨ ᠦᠷ᠎ᠡ ᠪᠦᠲᠦᠭᠡᠯ ᠎ᠢ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠨᠡᠩ ᠰᠠᠢᠲᠤᠷ ᠦᠢᠯᠡᠴᠢᠯᠡᠭᠦᠯᠬᠦ ᠪᠤᠯᠤᠨ᠎ᠠ᠃  ᠤᠳᠤ ᠦᠶ᠎ᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠨᠢ ᠤᠷᠤᠨ ᠨᠤᠳᠤᠭ᠎ᠤᠨ ᠠᠵᠤ ᠠᠬᠤᠢ ᠵᠢᠨ ᠬᠦᠭᠵᠢᠯᠳᠡ ᠳ᠋ᠤ ᠦᠨᠳᠦᠷ ᠬᠡᠪ ᠪᠤᠯᠪᠠᠰᠤᠷᠠᠯ ᠳᠠᠢ ᠮᠡᠷᠬᠡᠵᠢᠯ᠎ᠤᠨ ᠴᠢᠳᠠᠪᠤᠷᠢᠳᠠᠨ ᠬᠦᠮᠦᠵᠢᠬᠦᠯᠵᠦ ᠦᠭᠳᠡᠭ᠃ ᠦᠪᠦᠷ ᠮᠤᠩᠭᠤᠯ᠎ᠤᠨ ᠠᠵᠢᠯ ᠮᠡᠷᠬᠡᠵᠢᠯ᠎ᠤᠨ ᠰᠤᠷᠭᠠᠨ ᠬᠦᠮᠦᠵᠢᠯ᠎ᠨᠢ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠲᠦᠷᠭᠡᠳᠬᠡᠵᠦ᠂ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢᠨ ᠪᠠᠢᠭᠤᠯᠤᠯᠲᠠ᠂ 《ᠤᠷᠠᠨ ᠲᠠᠷᠬᠠᠨ᠎ᠤ ᠠᠩᠭᠢ》ᠵᠢᠨ ᠲᠥᠯᠥᠪᠯᠡᠭᠡ ᠵᠡᠷᠭᠡ ᠎ᠪᠡᠷ ᠳᠠᠮᠵᠢᠭᠤᠯᠵᠤ᠂ ᠠᠵᠤ ᠦᠢᠯᠡᠰ᠎ᠦᠨ ᠬᠥᠭᠵᠢᠯᠲᠡ ᠳ᠋ᠤ ᠎ᠱᠠᠭᠠᠷᠳᠠᠭᠳᠠᠬᠤ ᠤᠷ᠎ᠠ ᠮᠡᠷᠬᠡᠵᠢᠯ ᠲᠠᠢ  ᠴᠢᠳᠠᠪᠤᠷᠢᠲᠠᠨ ᠎ᠢ ᠬᠦᠮᠦᠵᠢᠬᠦᠯᠵᠦ᠂ ᠥᠪᠥᠷ ᠮᠣᠩᠭᠣᠯ ᠎ᠤᠨ ᠴᠢᠨᠠᠷ ᠰᠠᠢᠲᠠᠢ ᠬᠥᠭᠵᠢᠯᠲᠡ᠎ᠳᠦ ᠦᠷᠬᠦᠯᠵᠢᠯᠡᠨ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

  ᠰᠤᠷᠭᠠᠨ ᠬᠥᠮᠦᠵᠢᠯ ᠪᠣᠯ ᠤᠯᠤᠰ᠎ᠤᠨ ᠶᠡᠬᠡ ᠪᠣᠳᠣᠯᠭ᠎ᠠ᠂ ᠨᠠᠮ᠎ᠤᠨ ᠶᠡᠬᠡ ᠪᠣᠳᠣᠯᠭ᠎ᠠ ᠮᠥᠨ᠃ ᠰᠤᠷᠭᠠᠨ ᠬᠦᠮᠦᠵᠢᠯ᠎ᠤᠨ ᠦᠢᠯᠡᠰ᠎ᠤᠨ ᠠᠯᠬᠤᠮ ᠪᠦᠷᠢ ᠵᠢᠨ ᠦᠬᠡᠷᠡᠴᠢᠯᠡᠯᠳᠡ᠂ ᠤᠷᠤᠭᠰᠢᠯᠠᠯᠳᠠ᠂ ᠠᠮᠵᠢᠯᠳᠠ ᠨᠢ ᠰᠤᠷᠭᠠᠨ ᠬᠦᠮᠦᠵᠢᠯ᠎ᠤᠨ ᠹᠷᠤᠨᠲ ᠲᠤ᠌ ᠠᠵᠢᠯᠯᠠᠵᠤ ᠪᠠᠢᠭ᠎ᠠ ᠬᠦᠮᠦᠰ ᠎ᠤᠨ ᠤᠶᠤᠨ ᠤᠬᠠᠭᠠᠨ ᠰᠢᠷᠭᠠᠭᠤ ᠬᠦᠳᠡᠯᠮᠦᠷᠢ ᠪᠤᠯᠬᠤ ᠪᠦᠬᠡᠳ 《ᠨᠠᠮ᠎ᠤᠨ ᠲᠥᠯᠥᠭᠡ ᠬᠥᠮᠥᠨ ᠎ᠢ ᠬᠥᠮᠥᠵᠢᠭᠦᠯᠵᠦ᠂ ᠤᠯᠤᠰ᠎ᠤᠨ ᠲᠥᠯᠥᠭᠡ ᠴᠢᠳᠠᠪᠤᠷᠢᠲᠠᠨ ᠎ᠢ ᠬᠥᠮᠥᠵᠢᠭᠦᠯᠬᠦ》ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠵᠢᠨ ᠬᠢᠨᠢ ᠪᠤᠳᠠᠳᠤ ᠦᠢᠯᠡᠳᠦᠯᠬᠡᠵᠢᠬᠦᠯᠦᠯᠳᠡ ᠪᠤᠯᠬᠤ ᠶᠤᠮ᠃ ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠦᠢᠯᠡᠰ᠎ᠤᠨ ᠦᠬᠡᠷᠡᠴᠢᠯᠡᠯᠳᠡ ᠬᠦᠭᠵᠢᠯᠳᠡ ᠵᠢ ᠠᠬᠢᠭᠤᠯᠬᠤ ᠠᠯᠢ ᠤᠯᠠᠨ ᠪᠤᠳᠠᠳᠤ ᠠᠷᠭ᠎ᠠ ᠠᠪᠴᠠᠯ᠎ᠨᠢ ᠵᠠᠯᠠᠭᠤᠴᠤᠳ ᠪᠠᠭᠠᠴᠤᠳ᠎ᠤᠨ ᠦᠰᠦᠨ ᠪᠤᠢᠵᠢᠯᠳᠠ ᠳ᠋ᠤ ᠦᠩ ᠰᠢᠮᠡᠯᠢᠭ ᠬᠦᠷᠦᠰᠤ ᠰᠢᠷᠤᠢ ᠪᠤᠯᠵᠤ᠂ ᠳᠡᠳᠡᠨ᠎ᠤ ᠦᠰᠦᠨ ᠪᠤᠢᠵᠢᠵᠤ ᠴᠢᠳᠠᠪᠤᠷᠢᠳᠠᠨ ᠪᠤᠯᠬᠤ ᠳ᠋ᠤ ᠦᠷᠬᠡᠨ ᠳᠠᠪᠴᠠᠩ ᠪᠤᠯᠵᠤ᠂ ᠴᠢᠨᠠᠭᠰᠢᠯᠠᠭᠠᠳ ᠤᠷᠤᠨ ᠪᠦᠰᠡ ᠵᠢᠨ ᠬᠦᠭᠵᠢᠯᠳᠡ ᠵᠢᠨ ᠬᠦᠴᠦᠳᠤ ᠬᠦᠳᠡᠯᠬᠡᠬᠦ ᠬᠦᠴᠦᠨ ᠪᠤᠯᠵᠤ᠂ ᠢᠷᠡᠵᠦ ᠪᠤᠢ ᠰᠢᠨ᠎ᠡ ᠤᠨ ᠳ᠋ᠠᠭᠠᠨ ᠭᠢᠯᠠᠯᠵᠠᠮ᠎ᠠ ᠠᠮᠵᠢᠯᠳᠠ ᠤᠯᠬᠤ ᠨᠢ ᠯᠠᠪᠳᠠᠢ ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号