ᠰᠤᠷᠤᠭᠴᠢᠳ᠎ᠤᠨ ᠦᠰᠦᠨ ᠪᠤᠢᠵᠢᠯᠳᠠ ᠵᠢᠨ ᠬᠠᠯᠠᠮᠵᠢᠯᠠᠬᠴᠢ — 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》
2026-01-05 11:32:54
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ  《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠪᠠᠷ ᠵᠠᠩᠭᠢᠯᠠᠭ᠎ᠠ᠎ᠶᠢᠨ ᠭᠠᠷᠳᠠᠴᠠ ᠪᠣᠯᠭᠠᠵᠤ᠂ ᠵᠠᠰᠠᠭ᠎ᠤᠨ ᠣᠷᠳᠣᠨ  ᠠ᠋ᠴᠠ ᠨᠢᠭᠡᠳᠦᠯᠲᠡᠢ ᠲᠥᠯᠥᠪᠯᠡᠬᠦ᠂ ᠰᠠᠯᠠᠭ᠎ᠠ ᠮᠥᠴᠢᠷ᠎ᠦᠳ ᠬᠠᠮᠲᠤᠷᠠᠨ ᠬᠥᠳᠡᠯᠦᠯᠴᠡᠬᠦ᠂ ᠰᠤᠷᠭᠠᠭᠤᠯᠢ᠎ᠪᠠᠷ ᠭᠣᠣᠯᠯᠠᠭᠤᠯᠬᠤ᠂ ᠭᠡᠷ ᠪᠦᠯᠢ ᠬᠠᠷᠢᠭᠤᠴᠠᠯᠭ᠎ᠠ᠎ᠪᠠᠨ ᠭᠦᠢᠴᠡᠳᠬᠡᠬᠦ᠂ ᠪᠦᠬᠦ ᠨᠡᠢᠭᠡᠮ᠎ᠢᠶᠡᠷ᠎ᠢᠶᠡᠨ ᠣᠷᠣᠯᠴᠠᠬᠤ ᠬᠥᠮᠥᠨ ᠢ᠋ ᠬᠥᠮᠥᠵᠢᠭᠦᠯᠬᠦ ᠰᠢᠨ᠎ᠡ ᠪᠠᠢᠷᠢᠰᠢᠯ᠎ᠢ ᠬᠦᠴᠦᠯᠡᠨ ᠪᠣᠶ ᠪᠤᠯᠭᠠᠵᠤ᠂ ᠵᠠᠰᠠᠭ᠎ᠤᠨ ᠣᠷᠳᠣᠨ᠂ ᠰᠤᠷᠭᠠᠭᠤᠯᠢ᠂ ᠭᠡᠷ ᠪᠦᠯᠢ ᠬᠢᠭᠡᠳ ᠨᠡᠢᠭᠡᠮ᠎ᠦᠨ ᠬᠦᠴᠦᠨ ᠭᠦᠨᠵᠡᠭᠡᠢ ᠬᠠᠮᠵᠢᠯᠴᠠᠭᠰᠠᠨ ᠰᠤᠷᠭᠠᠨ ᠬᠥᠮᠦᠵᠢᠯ᠎ᠦᠨ ᠦᠢᠯᠡᠳᠦᠯᠭᠡ ᠵᠢ ᠭᠦᠨᠵᠡᠭᠡᠢ ᠦᠷᠨᠢᠬᠦᠯᠵᠦ᠂ ᠰᠤᠷᠤᠭᠴᠢᠳ᠎ᠤᠨ ᠦᠰᠦᠨ ᠪᠤᠢᠵᠢᠯᠳᠠ ᠵᠢ ᠬᠠᠯᠠᠮᠵᠢᠯᠠᠨ ᠬᠠᠮᠠᠭᠠᠯᠠᠵᠤ ᠪᠠᠢᠳᠠᠭ᠃

ᠣᠷᠣᠨ ᠪᠦᠰᠡ᠎ᠶᠢᠨ ᠰᠢᠨ᠎ᠡ᠎ᠶᠢ ᠡᠭᠦᠳᠦᠭᠰᠡᠨ᠎ᠠᠮᠢᠳᠤᠯᠢᠭ᠋ ᠦᠢᠯᠡᠳᠦᠯᠬᠡ ᠵᠢ ᠰᠦᠪᠡᠭᠴᠢᠯᠡᠪᠡ

 ᠡᠯ᠎ᠡ ᠠᠢᠮᠠᠭ ᠬᠣᠲᠠ᠂ ᠬᠣᠰᠢᠭᠤ ᠰᠢᠶᠠᠨ ᠲᠣᠭᠣᠷᠢᠭ᠋ ᠨᠢ ᠭᠠᠵᠠᠷ ᠣᠷᠣᠨ᠎ᠤ ᠣᠨᠴᠠᠯᠢᠭ᠋᠎ᠲᠠᠢ᠎ᠪᠠᠨ ᠤᠶᠠᠯᠳᠤᠭᠤᠯᠤᠨ᠂ ᠬᠡᠯᠪᠡᠷᠢ ᠮᠠᠶᠢᠭ᠋ ᠨᠢ ᠣᠯᠠᠨ ᠶᠠᠩᠵᠤ᠎ᠶᠢᠨ᠂ ᠤᠳᠬ᠎ᠠ ᠠᠭᠤᠯᠭ᠎ᠠ ᠨᠢ ᠦᠪᠡᠷᠮᠢᠴᠡ ᠤᠨᠴᠠᠯᠢᠭᠳᠤ ᠠᠮᠢᠳᠤᠯᠢᠭ᠋ ᠦᠢᠯᠡᠳᠦᠯᠭᠡ᠎ᠶᠢ ᠰᠦᠪᠡᠭᠴᠢᠯᠡᠪᠡ᠃

 《ᠬᠡᠦᠬᠡᠳ᠎ᠦᠨ ᠰᠤᠷᠤᠯᠭ᠎ᠠ ᠪᠠ ᠠᠮᠢᠳᠤᠷᠠᠯ ᠎ᠤᠨ ᠲᠠᠯ᠎ᠠ᠎ᠪᠠᠷ ᠶᠠᠮᠠᠷ ᠬᠦᠴᠢᠷᠳᠡᠯ ᠪᠠᠢᠬᠤ ᠪᠣᠢ ?》᠂ 《ᠪᠠᠭ᠍ᠰᠢ ᠪᠣᠯᠣᠨ ᠰᠤᠷᠭᠠᠭᠤᠯᠢ᠎ᠳᠤ ᠶᠠᠮᠠᠷ ᠰᠠᠨᠠᠭᠤᠯᠭ᠎ᠠ ᠪᠠᠢᠬᠤ ᠪᠤᠢ?》 ᠁  ᠪᠤᠭᠤᠲᠤ ᠬᠤᠳᠠ᠎ᠶᠢᠨ ᠲᠠᠪᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠪᠠᠭ᠍ᠰᠢ ᠨᠠᠷ ᠬᠢᠴᠢᠶᠡᠯ᠎ᠦᠨ ᠭᠠᠳᠠᠨᠠᠬᠢ ᠴᠠᠭ᠎ᠢᠶᠠᠨ ᠠᠰᠢᠭ᠍ᠯᠠᠨ ᠰᠤᠷᠤᠭ᠍ᠴᠢᠳ᠎ᠤᠨ ᠭᠡᠷ᠎ᠲᠦ ᠬᠦᠷᠴᠦ᠂ ᠭᠡᠷ᠎ᠦᠨ ᠠᠬᠠᠮᠠᠳ᠎ᠲᠠᠢ ᠨᠢᠭᠤᠷᠳᠠᠨ ᠵᠤᠯᠭᠠᠵᠤ ᠰᠠᠨᠠᠯ᠎ᠢᠶᠠᠨ ᠭᠦᠨᠵᠡᠭᠡᠢ ᠰᠣᠯᠢᠯᠴᠠᠬᠤ᠎ᠶᠢ ᠪᠠᠷᠢᠮᠲᠠᠯᠠᠭᠰᠠᠭᠠᠷ ᠢᠷᠡᠵᠡᠢ᠃ ᠳᠤᠰ ᠰᠤᠷᠭᠠᠭᠤᠯᠢ ᠪᠣᠯ ᠬᠥᠳᠡᠭᠡ ᠲᠣᠰᠬᠣᠨ ᠎ᠤ 4 ᠪᠠᠭ᠎ᠠ ᠰᠤᠷᠭᠠᠭᠤᠯᠢ᠎ᠶᠢ ᠨᠡᠢᠯᠡᠭᠦᠯᠵᠦ ᠪᠠᠢᠭᠤᠯᠤᠭᠰᠠᠨ ᠶᠢᠰᠦᠨ ᠵᠢᠯ᠎ᠦᠨ ᠪᠠᠢᠷᠢ᠎ᠵᠢᠨ ᠳᠦᠷᠢᠮᠲᠦ ᠰᠤᠷᠭᠠᠭᠤᠯᠢ ᠪᠠᠢᠵᠤ᠂ ᠭᠠᠳᠠᠨ᠎ᠠ᠎ᠠᠴᠠ ᠢᠷᠡᠵᠦ ᠠᠵᠢᠯ ᠬᠥᠳᠡᠯᠮᠦᠷᠢ ᠬᠢᠵᠦ ᠪᠠᠢᠭ᠎ᠠ ᠬᠥᠮᠥᠰ᠎ᠦᠨ ᠦᠷ᠎ᠡ ᠬᠡᠦᠬᠡᠳ᠎ᠦᠨ ᠡᠵᠡᠯᠡᠬᠦ ᠬᠠᠷᠢᠴᠠᠯ 92%᠎ᠲᠤ ᠬᠦᠷᠴᠦ ᠪᠤᠢ᠃ ᠰᠣᠷᠣᠭ᠍ᠴᠢ᠎ᠶᠢᠨ ᠰᠢᠯᠵᠢᠯᠳᠡ ᠶᠡᠬᠡᠳᠡᠢ᠂ ᠭᠡᠷ ᠪᠦᠯᠢ᠎ᠶᠢᠨ ᠬᠥᠮᠦᠵᠢᠯ᠎ᠦᠨ ᠰᠠᠭᠤᠷᠢ ᠪᠠᠭᠤᠷᠠᠢ ᠪᠠᠢᠬᠤ ᠵᠡᠷᠭᠡ ᠨᠡᠢᠳᠡᠮ᠎ᠦᠨ ᠴᠢᠨᠠᠷᠲᠠᠢ ᠠᠰᠠᠭᠤᠳᠠᠯ᠎ᠳᠤ ᠴᠢᠭᠯᠡᠭᠦᠯᠦᠨ᠂ ᠰᠤᠷᠭᠠᠭᠤᠯᠢ᠎ᠨᠢ ᠬᠠᠮᠵᠢᠯᠴᠠᠨ ᠬᠥᠮᠥᠨ ᠢ᠋ ᠬᠥᠮᠥᠵᠢᠭᠦᠯᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠠᠢ᠃ ᠲᠡᠳᠡ ᠭᠡᠷ᠎ᠦᠨ ᠠᠬᠠᠮᠠᠳ᠎ᠤᠨ ᠵᠥᠪᠯᠡᠯ᠂ ᠪᠧᠢ ᠰᠢᠨ ᠨᠡᠢᠭᠡᠮ ᠲᠣᠭᠣᠷᠢᠭ᠋ ᠵᠡᠷᠭᠡ 7 ᠨᠢᠭᠡᠴᠢ᠎ᠲᠠᠢ ᠬᠣᠯᠪᠤᠭᠠᠯᠠᠨ ᠬᠥᠳᠡᠯᠦᠯᠴᠡᠵᠦ᠂ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠤᠳᠤᠷᠢᠳᠬᠤ ᠳᠤᠭᠤᠢᠯᠠᠩ᠎ᠢ ᠪᠠᠢᠭᠤᠯᠪᠠ᠃ ᠭᠡᠷ ᠪᠦᠯᠢ᠎ᠶᠢᠨ ᠰᠣᠷᠪᠤᠯᠵᠢᠯᠠᠭ᠎ᠠ᠎ᠶᠢᠨ ᠳᠤᠮᠳᠠ ᠢᠯᠡᠷᠡᠭᠦᠯᠦᠭᠰᠡᠨ ᠭᠡᠷ ᠪᠦᠯᠢ᠎ᠶᠢᠨ ᠬᠥᠮᠦᠵᠢᠯ᠎ᠦᠨ ᠲᠥᠭᠡᠷᠢᠭᠳᠡᠯ᠎ᠳᠦ ᠴᠢᠭᠯᠡᠭᠦᠯᠦᠨ᠂ ᠰᠤᠷᠭᠠᠭᠤᠯᠢ ᠨᠢ ᠭᠡᠷ᠎ᠦᠨ ᠠᠬᠠᠮᠠᠳ᠎ᠤᠨ ᠣᠷᠣᠢ᠎ᠶᠢᠨ ᠰᠤᠷᠭᠠᠭᠤᠯᠢ ᠨᠡᠭᠡᠭᠡᠪᠡ᠃ ᠬᠥᠮᠥᠨ ᠎ᠢ ᠬᠥᠮᠥᠵᠢᠭᠦᠯᠬᠦ ᠬᠦᠷᠢᠶ᠎ᠡ ᠴᠠᠷᠠᠭ᠎ᠠ ᠵᠢ ᠥᠷᠭᠡᠳᠬᠡᠬᠦ᠎ᠶᠢᠨ ᠲᠥᠯᠥᠭᠡ ᠪᠠᠰᠠ ᠨᠡᠢᠭᠡᠮ ᠎ᠦᠨ ᠡᠬᠢ ᠪᠠᠶᠠᠯᠢᠭ᠋᠎ᠢ ᠢᠳᠡᠪᠬᠢᠲᠡᠢ᠎ᠪᠡᠷ ᠨᠡᠢᠳᠬᠡᠵᠦ᠂ ᠰᠤᠷᠤᠭ᠍ᠴᠢᠳ᠎ᠢ ᠵᠣᠬᠢᠶᠠᠨ ᠪᠠᠢᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠤ ᠬᠦᠷᠴᠦ ᠪᠤᠳᠠᠳᠤ ᠲᠤᠷᠰᠢᠯᠲᠠ᠎ᠬᠢᠬᠦ ᠳ᠋ᠤ ᠤᠷᠤᠯᠴᠠᠭᠤᠯᠬᠤ᠂ ᠨᠣᠮ᠎ᠤᠨ ᠰᠠᠩ᠎ᠳᠤ ᠭᠣᠣᠯ ᠰᠡᠳᠦᠪᠲᠦ ᠤᠩᠰᠢᠯᠭ᠎ᠠ᠎ᠶᠢᠨ ᠠᠵᠢᠯᠯᠠᠭ᠎ᠠ ᠦᠷᠨᠢᠬᠦᠯᠬᠦ ᠵᠡᠷᠬᠡ ᠪᠡᠷ ᠬᠢᠴᠢᠶᠡᠯ᠎ᠦᠨ ᠲᠠᠩᠬᠢᠮ᠎ᠢ᠋ ᠦᠷᠬᠡᠳᠬᠡᠪᠡ᠃ ᠡᠨᠡ ᠬᠦ᠌ ᠦᠢᠯᠡᠳᠦᠯᠭᠡ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠭᠡᠷ᠎ᠦᠨ ᠠᠬᠠᠮᠠᠳ ᠰᠤᠷᠭᠠᠭᠤᠯᠢ ᠨᠡᠢᠭᠡᠮ᠎ᠤᠨ ᠬᠠᠮᠵᠢᠯᠴᠠᠨ ᠬᠥᠮᠥᠨ ᠢ᠋ ᠬᠥᠮᠥᠵᠢᠭᠦᠯᠬᠦ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠶ᠋ᠢ ᠨᠠᠢᠳᠠᠪᠤᠷᠢᠵᠢᠭᠤᠯᠬᠤ᠎ᠶᠢ ᠠᠬᠢᠭᠤᠯᠤᠭᠰᠠᠨ ᠠᠮᠢᠳᠤᠯᠢᠭ᠋ ᠬᠤᠷᠢᠶᠠᠩᠭᠤᠢ ᠵᠢᠷᠤᠭᠯᠠᠯ ᠪᠣᠯᠣᠨ᠎ᠠ᠃

 ᠡᠬᠦᠨ ᠡᠴᠡ ᠭᠠᠳᠠᠨ᠎ᠠ᠂ ᠤᠯᠠᠭᠠᠨᠬᠠᠳᠠ ᠬᠣᠲᠠ᠎ᠶᠢᠨ 《ᠬᠤᠩᠱᠠᠨ ᠰᠣᠶᠣᠯ᠎ᠳᠤ ᠣᠢᠷᠠᠲᠤᠭᠰᠠᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》᠂ ᠬᠢᠩᠭᠠᠨ ᠠᠢᠮᠠᠭ᠎ᠤᠨ ᠤᠯᠠᠭᠠᠨᠬᠣᠲᠠ᠎ᠶᠢᠨ ᠨᠢᠭᠡᠳᠦᠯᠲᠡᠢ ᠲᠥᠯᠥᠪᠵᠢᠭᠦᠯᠦᠭᠰᠡᠨ 《365》 ᠠᠵᠢᠯᠯᠠᠭ᠎ᠠ᠂ ᠦᠬᠠᠢ ᠬᠣᠲᠠ ᠬᠢᠭᠡᠳ ᠤᠯᠠᠭᠠᠨᠴᠠᠪ ᠬᠣᠲᠠ᠎ᠶᠢᠨ ᠬᠠᠮᠲᠤ᠎ᠪᠠᠷ ᠪᠠᠢᠭᠤᠯᠤᠭᠰᠠᠨ 《ᠢᠦᠢ ᠰᠢᠨ》 ᠲᠦᠷᠦᠯ ᠲᠡᠮᠳᠡᠭ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠳᠡᠭᠡᠰᠦ ᠦᠰᠦᠷᠬᠦ᠎ᠪᠡᠷ ᠭᠠᠷᠳᠠᠴᠠ ᠪᠣᠯᠭᠠᠨ ᠪᠡᠶ᠎ᠡ ᠮᠠᠬᠠᠪᠤᠳ᠎ᠤᠨ ᠡᠷᠡᠭᠦᠯ ᠮᠡᠨᠳᠤ ᠵᠢ ᠰᠠᠢᠵᠢᠷᠠᠭᠤᠯᠬᠤ ᠵᠠᠭᠪᠤᠷ ᠵᠡᠷᠭᠡ ᠨᠢ ᠥᠩᠭᠡ ᠪᠦᠷᠢ᠎ᠶᠢᠨ ᠴᠡᠴᠡᠭ᠎ᠢ ᠵᠡᠷᠭᠡ᠎ᠪᠡᠷ ᠳᠡᠯᠭᠡᠷᠡᠭᠦᠯᠦᠭᠰᠡᠨ ᠥᠪᠥᠷ ᠮᠣᠩᠭᠣᠯ᠎ᠤᠨ ᠬᠠᠮᠵᠢᠯᠴᠠᠨ ᠬᠥᠮᠥᠨ ᠬᠥᠮᠥᠵᠢᠭᠦᠯᠬᠦ ᠠᠮᠢᠳᠤᠯᠢᠭ᠋ ᠵᠢᠷᠤᠭ ᠲᠥᠰᠥᠪ᠎ᠢ ᠪᠦᠷᠢᠯᠳᠦᠭᠦᠯᠦᠭᠰᠡᠨ ᠪᠠᠢᠨ᠎ᠠ᠃

ᠬᠠᠮᠵᠢᠯᠴᠠᠨ ᠬᠥᠮᠥᠨ ᠢ᠋ ᠬᠥᠮᠥᠵᠢᠭᠦᠯᠬᠦ ᠳᠦᠷᠢᠮ᠎ᠦᠨ ᠰᠢᠰᠲᠧᠮ᠎ᠢ ᠳᠡᠬᠦᠯᠳᠡᠷᠵᠢᠬᠦᠯᠪᠡ

    

ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠳᠠ᠎ᠶᠢᠨ ᠠᠯᠪᠠᠨ ᠭᠡᠷ ᠵᠡᠷᠭᠡ 10 ᠰᠠᠯᠠᠭ᠎ᠠ ᠮᠥᠴᠢᠷ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠭᠤᠯᠢ ᠭᠡᠷ ᠪᠦᠯᠢ ᠨᠡᠢᠭᠡᠮ ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠲᠣᠭᠲᠠᠴᠠ᠎ᠶᠢ ᠪᠦᠷᠢᠨᠰᠢᠭᠦᠯᠬᠦ ᠬᠡᠷᠡᠭᠵᠢᠭᠦᠯᠬᠦ ᠲᠥᠰᠥᠯ》 ᠢ᠋ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠵᠡᠷᠭᠡ 17 ᠰᠠᠯᠠᠭ᠎ᠠ ᠮᠥᠴᠢᠷ᠎ᠲᠠᠢ ᠬᠠᠮᠲᠤᠷᠠᠨ  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ᠎ᠢ ᠬᠥᠮᠥᠵᠢᠭᠦᠯᠬᠦ 〈ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ〉 ᠵᠢᠨ ᠬᠡᠷᠡᠭᠵᠢᠭᠦᠯᠬᠦ ᠲᠥᠰᠥᠯ》 ᠢ᠋ ᠲᠣᠭᠲᠠᠭᠠᠵᠤ᠂ ᠪᠥᠬᠥ ᠣᠷᠣᠨ᠎ᠤ ᠠᠵᠢᠯ᠎ᠳᠤ ᠲᠣᠳᠣᠷᠬᠠᠢ ᠵᠢᠷᠤᠭ ᠲᠦᠰᠦᠪ᠎ᠢ ᠵᠢᠷᠤᠭᠯᠠᠵᠤ ᠦᠭᠴᠡᠢ᠃ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠵᠣᠬᠢᠶᠠᠨ ᠪᠠᠢᠭᠤᠯᠤᠨ ᠵᠣᠬᠢᠴᠠᠭᠤᠯᠬᠤ ᠲᠣᠭᠲᠠᠴᠠ᠎ᠶᠢ ᠵᠡᠷᠭᠡ ᠪᠡᠷ ᠪᠠᠢᠭᠤᠯᠵᠤ᠂ 《ᠳᠤᠮᠳᠠᠳᠤ ᠪᠠᠭ᠎ᠠ ᠰᠤᠷᠭᠠᠭᠤᠯᠢ᠎ᠶᠢᠨ ᠭᠡᠷ ᠪᠦᠯᠢ ᠵᠢᠨ ᠰᠣᠷᠪᠤᠯᠵᠢᠯᠠᠭ᠎ᠠ᠎ᠶᠢᠨ ᠠᠵᠢᠯ᠎ᠤᠨ ᠳᠦᠷᠢᠮ ᠎ᠢ ᠤᠯᠠᠮ ᠴᠢᠨᠠᠭᠰᠢᠳᠠ ᠪᠠᠢᠭᠤᠯᠤᠨ ᠪᠦᠷᠢᠨᠰᠢᠭᠦᠯᠬᠦ ᠲᠤᠬᠠᠢ ᠮᠡᠳᠡᠭᠳᠡᠯ》᠂ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ ᠎ᠦᠨ ᠭᠡᠷ᠎ᠦᠨ ᠠᠬᠠᠮᠠᠳ᠎ᠤᠨ ᠵᠥᠪᠯᠡᠯ᠎ᠦᠨ ᠪᠠᠢᠷᠢᠯᠠᠭᠤᠯᠤᠯᠲᠠ ᠪᠠ ᠬᠠᠮᠢᠶᠠᠷᠤᠯᠲᠠ᠎ᠶᠢᠨ ᠠᠷᠭ᠎ᠠ》 ᠵᠡᠷᠭᠡ ᠪᠢᠴᠢᠭ ᠮᠠᠲᠧᠷᠢᠶᠠᠯ᠎ᠢ ᠨᠡᠢᠲᠡᠯᠡᠵᠦ᠂ ᠭᠡᠷ᠎ᠦᠨ ᠠᠬᠠᠮᠠᠳ ᠪᠠ ᠰᠤᠷᠭᠠᠭᠤᠯᠢ᠎ᠶᠢᠨ ᠨᠡᠪᠲᠡᠷᠡᠯᠴᠡᠭᠡ᠎ᠶᠢ ᠳᠦᠷᠢᠮᠵᠢᠭᠦᠯᠬᠦ ᠪᠠ ᠪᠠᠢᠩᠭᠤᠵᠢᠭᠤᠯᠬᠤ᠎ᠶᠢ ᠠᠬᠢᠭᠤᠯᠵᠤ᠂ ᠭᠡᠷ᠎ᠲᠡᠬᠡᠨ ᠬᠣᠴᠣᠷᠤᠭᠰᠠᠨ ᠬᠡᠦᠬᠡᠳ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠢ ᠬᠠᠯᠠᠮᠵᠢᠯᠠᠪᠠ᠃

  ᠲᠤᠰᠬᠠᠢᠵᠢᠭ᠍ᠰᠠᠨ ᠲᠤᠯᠭᠠᠭᠤᠷᠢᠯᠠᠬᠤ ᠰᠢᠰᠲᠧᠮ᠎ᠢ ᠵᠡᠷᠭᠡ᠎ᠪᠡᠷ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ ᠭᠡᠷ ᠪᠦᠯᠢ᠎ᠶᠢᠨ ᠬᠥᠮᠦᠵᠢᠯ᠎ᠦᠨ ᠬᠢᠴᠢᠶᠡᠯ᠎ᠦᠨ ᠰᠢᠰᠲᠧᠮ᠎ᠢ᠋ ᠪᠠᠶ᠋ᠢᠭᠤᠯᠬᠤ ᠵᠢᠯᠤᠭᠣᠳᠬᠤ ᠬᠥᠲᠥᠯᠪᠦᠷᠢ》 ᠵᠢ ᠨᠠᠢᠷᠠᠭᠤᠯᠤᠨ ᠬᠡᠪᠯᠡᠭᠦᠯᠵᠦ᠂ ᠡᠯ᠎ᠡ ᠰᠤᠷᠤᠯᠭ᠎ᠠ᠎ᠶᠢᠨ ᠱᠠᠲᠤᠨ᠎ᠤ ᠭᠡᠷ᠎ᠦᠨ ᠠᠬᠠᠮᠠᠳ᠎ᠲᠤ ᠰᠢᠨᠵᠢᠯᠡᠬᠦ ᠤᠬᠠᠭᠠᠨᠴᠢ ᠯᠠᠪᠯᠠᠯᠲᠠ ᠬᠠᠩᠭᠠᠪᠠ᠃ ᠰᠢᠰᠲᠧᠮ᠎ᠲᠠᠢ ᠪᠣᠯᠪᠠᠰᠤᠷᠠᠯ᠎ᠢᠶᠠᠷ ᠳᠠᠮᠵᠢᠭᠤᠯᠤᠨ ᠭᠣᠣᠯᠯᠠᠭ᠍ᠴᠢ ᠪᠠᠭ᠍ᠰᠢ᠎ᠶᠢᠨ ᠡᠩᠨᠡᠭᠡ᠎ᠶᠢ ᠦᠷᠭᠦᠯᠵᠢᠯᠡᠨ ᠪᠠᠢᠭᠤᠯᠵᠤ᠂ ᠭᠡᠷ ᠪᠦᠯᠢ᠎ᠶᠢᠨ ᠬᠥᠮᠦᠵᠢᠯ᠎ᠦᠨ ᠵᠢᠭᠠᠨ ᠵᠢᠯᠤᠭᠣᠳᠬᠤ ᠦᠢᠯᠡᠴᠢᠯᠡᠭᠡᠨ ᠎ᠤ  ᠲᠤᠰᠬᠠᠢ ᠮᠡᠷᠭᠡᠵᠢᠯ᠎ᠦᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠠᠴᠠ ᠤᠯᠠᠨ ᠨᠡᠶ᠋ᠢᠲᠡ᠎ᠶᠢᠨ ᠤᠬᠠᠭᠤᠯᠭ᠎ᠠ᠎ᠶᠢᠨ ᠲᠠᠪᠴᠠᠩ ᠢ᠋ ᠥᠷᠭᠡᠨ ᠳᠡᠯᠭᠡᠷ ᠪᠠᠢᠭᠤᠯᠵᠤ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶᠢᠨ 《ᠭᠠᠷᠠᠭ᠎ᠤᠨ ᠲᠠᠪᠤᠨ᠎ᠤ ᠭᠡᠷ᠎ᠦᠨ ᠠᠬᠠᠮᠠᠳ᠎ᠤᠨ ᠴᠤᠭᠯᠠᠭᠠᠨ》 ᠲᠧᠯᠸᠢᠰ ᠫᠷᠣᠭ᠌ᠷᠠᠮ ᠎ᠢ ᠨᠢᠭᠡᠨᠲᠡ 159 ᠬᠤᠭᠤᠴᠠᠭ᠎ᠠ ᠨᠠᠪᠲᠠᠷᠡᠭᠦᠯᠵᠦ᠂ ᠰᠢᠨᠵᠢᠯᠡᠬᠦ ᠤᠬᠠᠭᠠᠨᠴᠢ ᠪᠡᠷ ᠬᠡᠦᠬᠡᠳ ᠬᠥᠮᠥᠵᠢᠭᠦᠯᠬᠦ ᠣᠢᠯᠠᠭᠠᠭᠳᠠᠬᠤᠨ᠎ᠢ ᠤᠯᠠᠮᠵᠢᠯᠠᠬᠤ ᠴᠢᠬᠤᠯᠠ ᠴᠣᠩᠬᠣᠪᠴᠢ ᠪᠣᠯᠤᠭᠰᠠᠨ ᠪᠠᠢᠨ᠎ᠠ᠃

ᠬᠦᠴᠦ ᠎ᠪᠡᠨ ᠬᠠᠮᠲᠤᠳᠬᠠᠨ ᠰᠤᠷᠤᠭ᠍ᠴᠢᠳ᠎ᠤᠨ ᠪᠥᠬᠥ ᠲᠠᠯ᠎ᠠ᠎ᠶᠢᠨ ᠦᠰᠦᠨ ᠪᠤᠢᠵᠢᠯᠳᠠ ᠵᠢ ᠬᠠᠮᠠᠭᠠᠯᠠᠪᠠ

 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠭᠦᠨᠵᠡᠭᠡᠢᠷᠡᠬᠦ᠎ᠶᠢ ᠳᠠᠭᠠᠯᠳᠤᠨ᠂ ᠬᠥᠮᠥᠨ ᠢ᠋ ᠬᠥᠮᠥᠵᠢᠭᠦᠯᠬᠦ ᠡᠯ᠎ᠡ ᠵᠦᠢᠯ᠎ᠦᠨ ᠠᠷᠭ᠎ᠠ ᠬᠡᠮᠵᠢᠶ᠎ᠡ ᠵᠢ ᠡᠯ᠎ᠡ ᠭᠠᠵᠠᠷ᠎ᠲᠤ ᠯᠠᠪᠳᠠᠭᠤᠨ᠎ᠢᠶᠠᠷ ᠠᠬᠢᠭᠤᠯᠵᠤ᠂ ᠰᠤᠷᠤᠭ᠍ᠴᠢᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶᠢ ᠬᠠᠮᠲᠤ᠎ᠪᠠᠷ ᠰᠠᠬᠢᠨ ᠬᠠᠮᠠᠭᠠᠯᠠᠵᠤ ᠪᠠᠢᠭ᠎ᠠ ᠶᠤᠮ᠃ ᠡᠯ᠎ᠡ ᠭᠠᠵᠠᠷ᠎ᠤᠨ ᠬᠢᠨ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠰᠢᠭ᠌ᠰᠢᠨ ᠪᠠᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠡᠮ ᠡᠮᠨᠡᠯᠬᠡ ᠰᠤᠷᠭᠠᠨ ᠬᠥᠮᠦᠵᠢᠯ᠎ᠦᠨ ᠬᠠᠮᠵᠢᠯᠴᠠᠬᠤ ᠲᠣᠭᠲᠠᠴᠠ᠎ᠶᠢ ᠪᠠᠶ᠋ᠢᠭᠤᠯᠬᠤ ᠎ᠶᠢ ᠢᠳᠡᠪᠬᠢᠲᠡᠢ ᠠᠬᠢᠭᠤᠯᠪᠠ᠃ ᠪᠡᠶ᠎ᠡ᠎ᠶᠢᠨ ᠲᠠᠮᠢᠷ᠎ᠤᠨ ᠠᠵᠢᠯᠯᠠᠭ᠎ᠠ ᠬᠢᠭᠡᠳ ᠣᠢᠷ᠎ᠠ ᠬᠠᠷᠠᠭ᠎ᠠ᠎ᠶᠢ ᠰᠡᠷᠭᠡᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠤ ᠵᠢ ᠠᠬᠢᠭᠤᠯᠬᠤ ᠠᠵᠢᠯ᠎ᠢ ᠦᠷᠭᠦᠯᠵᠢᠯᠡᠨ ᠴᠢᠩᠭᠠᠳᠬᠠᠵᠤ ᠪᠤᠢ᠃ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠠᠵᠢᠯ ᠎ᠢ ᠢᠮᠠᠭᠲᠠ ᠠᠳᠬᠤᠵᠤ᠂《ᠰᠤᠷᠤᠭᠴᠢ᠎ᠶᠢ ᠬᠠᠮᠠᠭᠠᠯᠠᠬᠤ ᠠᠵᠢᠯ᠎ᠤᠨ ᠪᠠᠢᠷᠢ》᠂ ᠬᠠᠤᠯᠢ ᠎ᠪᠠᠷ ᠵᠠᠰᠠᠬᠤ ᠳᠡᠳ᠋ ᠰᠤᠷᠭᠠᠭᠤᠯᠢ᠎ᠶᠢᠨ ᠵᠠᠬᠢᠷᠤᠯ ᠵᠡᠷᠭᠡ ᠲᠣᠭᠲᠠᠴᠠ᠎ᠶᠢ ᠥᠷᠭᠡᠨ᠎ᠢᠶᠡᠷ ᠬᠡᠷᠡᠭᠵᠢᠭᠦᠯᠬᠦ᠎ᠪᠡᠷ ᠳᠠᠮᠵᠢᠭᠤᠯᠤᠨ᠂ ᠰᠤᠷᠭᠠᠭᠤᠯᠢ ᠪᠠ ᠰᠣᠷᠣᠭ᠍ᠴᠢ᠎ᠳᠤ ᠬᠣᠯᠪᠣᠭᠳᠠᠬᠤ ᠵᠥᠷᠢᠴᠡᠯ᠎ᠢ ᠬᠠᠮᠵᠢᠯᠴᠠᠨ ᠰᠢᠢᠳᠪᠦᠷᠢᠯᠡᠵᠦ᠂ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠪᠡ᠃

 ᠮᠦᠽᠧᠢ  ᠳ᠋ᠡᠬᠢ ᠦᠵᠡᠯ ᠰᠠᠨᠠᠭ᠎ᠠ ᠤᠯᠤᠰ ᠲᠥᠷᠥ  ᠶ᠋ᠢᠨ ᠬᠢᠴᠢᠶᠡᠯ᠎ᠡᠴᠡ ᠨᠤᠮ᠎ᠤᠨ ᠦᠨᠦᠷ ᠬᠠᠩᠬᠤᠯᠤᠭᠰᠠᠨ ᠨᠡᠢᠭᠡᠮ ᠲᠣᠭᠣᠷᠢᠭ᠋᠎ᠤᠨ ᠭᠡᠷ ᠪᠦᠯᠢ ᠶ᠋ᠢᠨ ᠬᠠᠮᠲᠤ᠎ᠵᠢᠨ ᠤᠩᠰᠢᠯᠭ᠎ᠠ ᠬᠦᠷᠲᠡᠯ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠰᠣᠨᠢᠷᠬᠠᠯᠳᠤ ᠲᠤᠷᠰᠢᠯᠲᠠ᠎ᠠᠴᠠ ᠬᠥᠳᠡᠯᠮᠦᠷᠢ᠎ᠶᠢᠨ ᠰᠠᠭᠤᠷᠢᠨ ᠤ᠋ ᠦᠢᠯᠡᠳᠦᠯᠭᠡ᠎ᠶᠢᠨ ᠳᠠᠪᠲᠠᠯᠲᠠ ᠬᠦᠷᠲᠡᠯ᠎ᠡ᠂ ᠰᠦᠯᠵᠢᠶᠡᠨ ᠳ᠋ᠡᠬᠢ ᠬᠥᠮᠥᠰ᠎ᠦᠨ ᠬᠦᠷᠢᠶᠡᠯᠡᠯ᠎ᠢ ᠣᠯᠣᠭᠰᠠᠨ ᠭᠡᠷ ᠪᠦᠯᠢ᠎ᠶᠢᠨ ᠬᠥᠮᠦᠵᠢᠯ᠎ᠦᠨ ᠪᠢᠴᠢᠯ ᠬᠢᠴᠢᠶᠡᠯ᠎ᠡᠴᠡ ᠬᠥᠮᠥᠰ᠎ᠦᠨ ᠰᠡᠳᠬᠢᠯ᠎ᠳᠦ ᠭᠦᠨ ᠬᠠᠳᠠᠩᠰᠢᠭ᠍ᠰᠠᠨ ᠭᠡᠷ ᠪᠦᠯᠢ᠎ᠶᠢᠨ ᠰᠣᠷᠪᠤᠯᠵᠢᠯᠠᠭ᠎ᠠ ᠬᠦᠷᠲᠡᠯ᠎ᠡ ᠁ ᠰᠤᠷᠭᠠᠭᠤᠯᠢ᠂ ᠭᠡᠷ ᠪᠦᠯᠢ ᠪᠣᠯᠣᠨ ᠨᠡᠢᠭᠡᠮ ᠡᠳᠦᠷ ᠢᠷᠡᠬᠦᠶ᠎ᠡ ᠨᠢᠭ᠍ᠲᠠ ᠬᠣᠯᠪᠣᠯᠳᠤᠵᠤ᠂ ᠬᠠᠷᠠᠯᠲᠠ ᠴᠢᠭᠯᠡᠯ᠎ᠨᠢᠬᠡᠳᠡᠢ᠂ ᠡᠬᠢ ᠪᠠᠶᠠᠯᠢᠭ᠋ ᠬᠠᠷᠢᠯᠴᠠᠨ ᠨᠥᠬᠥᠪᠦᠷᠢᠯᠡᠭᠰᠡᠨ᠂ ᠠᠮᠢᠵᠢᠷᠠᠯ ᠎ᠤᠨ  ᠬᠦᠴᠦᠨ ᠪᠢᠯᠬᠠᠮ᠎ᠠ ᠬᠥᠮᠥᠨ ᠢ᠋ ᠬᠥᠮᠥᠵᠢᠭᠦᠯᠬᠦ ᠰᠤᠷᠭᠠᠨ ᠬᠦᠮᠦᠵᠢᠯ᠎ᠤᠨ ᠬᠠᠮᠲᠤ᠎ᠶᠢᠨ ᠴᠣᠭᠴᠠ᠎ᠶᠢ ᠬᠠᠮᠲᠤᠪᠠᠷ ᠪᠠᠢᠭᠤᠯᠵᠤ ᠪᠤᠢ᠃ ᠣᠲᠣ᠌ ᠪᠣᠯᠲᠠᠯ᠎ᠠ᠂ ᠪᠥᠬᠥ ᠣᠷᠣᠨ᠎ᠳᠤ ᠨᠢᠭᠡᠨᠲᠡ 73 ᠬᠣᠰᠢᠭᠤ ᠰᠢᠶᠠᠨ (ᠬᠣᠲᠠ᠂ ᠲᠣᠭᠣᠷᠢᠭ᠋) ᠳ᠋ᠤ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠪᠠᠢᠭᠤᠯᠤᠭᠳᠠᠵᠤ᠂ 70.9%᠎ᠶᠢ ᠡᠵᠡᠯᠡᠪᠡ᠃

  ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》  ᠵᠢᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠭᠠᠭᠤᠯᠢ᠂ ᠭᠡᠷ ᠪᠦᠯᠢ᠂ ᠨᠡᠢᠭᠡᠮ᠎ᠦᠨ ᠬᠠᠮᠵᠢᠯᠴᠠᠬᠤ ᠬᠦᠴᠦᠨ᠎ᠢ ᠰᠤᠷᠤᠭ᠍ᠴᠢᠳ᠎ᠤᠨ ᠪᠥᠬᠥ ᠲᠠᠯ᠎ᠠ ᠎ᠶᠢᠨ ᠬᠥᠭᠵᠢᠯᠲᠡ᠎ᠶᠢᠨ ᠰᠦᠷ ᠳᠠᠯᠠᠢᠴᠠᠲᠠᠢ ᠬᠥᠳᠡᠯᠭᠡᠭᠴᠢ ᠬᠦᠴᠦᠨ ᠪᠤᠯᠭᠠᠵᠤ᠂ ᠰᠤᠷᠭᠠᠨ ᠬᠥᠮᠦᠵᠢᠯ ᠎ᠦᠨ ᠴᠢᠨᠠᠷ ᠰᠠᠢᠲᠠᠢ ᠬᠥᠭᠵᠢᠯᠲᠡ᠎ᠳᠦ ᠥᠨᠢᠳᠡ᠎ᠶᠢᠨ ᠠᠮᠢᠵᠢᠷᠠᠯ᠎ᠤᠨ ᠬᠦᠴᠦᠨ ᠨᠡᠮᠡᠷᠢᠯᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号