ᠲᠠᠯ᠎ᠠ ᠨᠤᠳᠤᠭ ᠵᠢᠡᠷ ᠬᠠᠭᠤᠳᠠᠰᠤ ᠪᠤᠯᠭᠠᠵᠤ᠂ ᠠᠵᠤ ᠦᠢᠯᠡᠰ ᠵᠢᠡᠷ ᠪᠡᠬᠢ ᠪᠤᠯᠭᠠᠨ᠂ 《ᠲᠤᠭᠤᠷᠢᠨ ᠦᠵᠡᠬᠦ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ》 ᠤᠷᠳᠤᠰ᠎ᠤᠨ ᠲᠠᠯ᠎ᠠ ᠨᠤᠳᠤᠭ ᠲᠸ᠋ ᠠᠭᠠᠵᠢᠮ ᠵᠢᠡᠷ ᠦᠷᠨᠢᠨᠡ᠃ ᠥᠪᠥᠷ ᠮᠣᠩᠭᠣᠯ᠎ᠤᠨ ᠦᠨᠳᠦᠰᠦᠲᠡᠨ᠎ᠦ ᠬᠡᠦᠬᠡᠳ᠎ᠦᠨ ᠴᠡᠴᠡᠷᠯᠢᠭ᠎ᠦᠨ ᠪᠠᠭᠰᠢ᠎ᠶᠢᠨ ᠳᠡᠭᠡᠳᠦ ᠵᠡᠷᠭᠡ᠎ᠶᠢᠨ ᠲᠤᠰᠬᠠᠶ ᠮᠡᠷᠭᠡᠵᠢᠯ᠎ᠦᠨ ᠰᠤᠷᠭᠠᠭᠤᠯᠢ ᠰᠤᠷᠭᠠᠭᠤᠯᠢ ᠵᠢᠨ ᠬᠦᠷᠢᠶᠡᠨ ᠡᠴᠡ ᠭᠠᠷᠴᠤ᠂ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠦᠢᠯᠡᠳᠪᠤᠷᠢᠯᠠᠯ᠎ᠦᠨ ᠨᠢᠭᠡᠳᠦᠭᠡᠷ ᠹᠷᠣᠨᠲ᠂ ᠮᠠᠯᠵᠢᠬᠤ ᠲᠠᠷᠢᠶᠠᠯᠠᠬᠤ ᠣᠷᠣᠨ ᠳ᠋ᠤ ᠠᠭᠤᠰᠬᠠᠨ᠂ ᠰᠤᠷᠤᠭᠴᠢᠳᠤᠨᠲᠤᠬᠠᠶᠶᠢᠨ ᠭᠠᠵᠠᠷ᠎ᠲᠠᠭᠠᠨ ᠰᠢᠨᠵᠢᠯᠡᠨ ᠪᠠᠶ᠋ᠢᠴᠠᠭᠠᠬᠤ ᠳᠤᠮᠳᠠ ᠴᠠᠭ ᠦᠶ᠎ᠡ᠎ᠶᠢᠨ ᠪᠠᠶ᠋ᠢᠳᠠᠯ᠎ᠢ ᠣᠶ᠋ᠢᠯᠠᠭᠠᠵᠤ᠂ ᠪᠡᠶᠠᠴᠢᠯᠠᠨ ᠣᠶ᠋ᠢᠯᠠᠭᠠᠬᠤ ᠳᠤᠮᠳᠠ ᠢᠲᠡᠭᠡᠯ ᠪᠢᠰᠢᠷᠡᠯ ᠵᠢᠡᠨ ᠪᠠᠳᠤᠳᠬᠠᠬᠤ ᠵᠢ ᠠᠬᠢᠭᠤᠯᠵᠤ ᠪᠤᠢ᠃
ᠣᠲᠣᠭ ᠬᠣᠰᠢᠭᠤᠨ᠎ᠤ 《ᠶᠤᠸᠠᠨ·ᠮᠠᠯᠵᠢᠯ᠎ᠤᠨ ᠲᠠᠯᠠᠪᠠᠶ》 ᠳ᠋ᠤ ᠰᠤᠷᠭᠠᠭᠤᠯᠢ᠎ᠶᠢᠨ ᠵᠠᠬᠢᠷᠤᠯ ᠯᠢ ᠴᠦᠨ ᠬᠣᠶ ᠬᠦᠭᠡ ᠳᠡᠭᠷᠢ ᠪᠡᠷ ᠬᠥᠰᠢᠭᠡ ᠪᠣᠯᠭᠠᠨ᠂ ᠬᠦᠷᠦᠰᠦᠳᠦ ᠲᠠᠯ᠎ᠠ ᠪᠡᠷ ᠶᠠᠷᠢᠶᠠᠨ᠎ᠤ ᠲᠠᠪᠴᠠᠩ ᠪᠣᠯᠭᠠᠵᠤ᠂ ᠰᠤᠷᠤᠭᠴᠢᠳ᠎ᠢ ᠳᠠᠭᠠᠭᠤᠯᠤᠨ ᠢᠮᠠᠭᠠᠨ ᠨᠣᠤᠯᠤᠭᠤᠷ᠎ᠤᠨ ᠠᠵᠤ ᠦᠢᠯᠡᠰ ᠤ᠋ᠨ ᠬᠡᠯᠬᠢᠶ᠎ᠡ᠎ᠶᠢᠨ ᠡᠭᠦᠰᠦᠯ ᠭᠠᠷᠤᠯ᠎ᠢ ᠮᠥᠷᠳᠡᠵᠠᠢ᠃ ᠡᠨᠡ ᠬᠦ᠌ ᠤᠯᠠᠮᠵᠢᠯᠠᠯᠲᠤ᠌ ᠮᠠᠯ ᠠᠵᠤ ᠠᠬᠤᠶ ᠬᠢᠭᠡᠳ ᠣᠲᠣ ᠦᠶ᠎ᠡ᠎ᠶᠢᠨ ᠠᠵᠤ ᠦᠢᠯᠠᠰ᠎ᠦᠨ ᠣᠶ᠋ᠢᠯᠠᠭᠠᠭᠳᠠᠬᠤᠨ᠎ᠢ ᠠᠭᠤᠰᠤᠯᠴᠠᠭᠤᠯᠤᠭᠰᠠᠨ ᠵᠢᠱ᠌ᠢᠶ᠎ᠡ ᠦᠵᠡᠭᠦᠯᠬᠦ᠌ ᠰᠠᠭᠤᠷᠢᠨ᠎ᠨᠢ ᠲᠠᠯ᠎ᠠ ᠨᠤᠲᠤᠭ᠎ᠤᠨ ᠠᠵᠤ ᠠᠬᠤᠶ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠦᠭᠰᠡᠨᠢ ᠭᠡᠷᠡᠴᠢᠯᠡᠵᠦ᠍ ᠪᠠᠶ᠋ᠢᠬᠤ᠎ᠪᠠᠷ ᠪᠠᠷᠠᠬᠤ ᠥᠬᠡᠶ᠂ ᠨᠠᠩ ᠴᠤ᠌ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠬᠡᠷᠡᠯ ᠰᠠᠴᠤᠷᠠᠩᠭᠤᠶ ᠲᠤᠷᠠᠰᠤᠮᠵᠢ ᠵᠢ ᠠᠴᠢᠶᠠᠯᠠᠵᠤ ᠪᠠᠢᠳᠠᠭ᠃ ᠯᠢ ᠴᠦᠨ ᠬᠤᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢᠨ ᠴᠠᠭ ᠦᠶ᠎ᠡ᠎ᠶᠢᠨ ᠠᠴᠢ ᠬᠣᠯᠪᠣᠭᠳᠠᠯ᠎ᠢ ᠭᠦᠨᠵᠡᠭᠡᠢ ᠪᠥᠭᠡᠳ ᠣᠶ᠋ᠢᠯᠠᠭᠠᠮᠵᠢᠲᠠᠢ ᠲᠠᠶ᠋ᠢᠯᠪᠤᠷᠢᠯᠠᠵᠤ᠂ ᠰᠤᠷᠤᠭᠴᠢᠳ᠎ᠲᠤ᠌ ᠬᠤᠪᠢ ᠬᠥᠮᠦᠨ᠎ᠦ ᠦᠰᠦᠨ ᠪᠣᠶ᠋ᠢᠵᠢᠯᠲᠠ ᠨᠢ ᠦᠨᠳᠦᠰᠦᠲᠡᠨ᠎ᠦ ᠰᠡᠷᠭᠦᠨ ᠮᠠᠨᠳᠤᠯᠲᠠ᠂ ᠣᠷᠣᠨ ᠨᠤᠲᠤᠭ᠎ᠤᠨ ᠬᠥᠭᠵᠢᠯᠲᠡ᠎ᠲᠡᠶ ᠨᠢᠭᠲᠠ ᠬᠣᠯᠪᠣᠭ᠎ᠠ᠎ᠲᠠᠶ ᠭᠡᠳᠡᠭ᠎ᠢ ᠤᠢ᠌ᠯᠠᠭᠠᠭᠤᠯᠪᠠ᠃
ᠪᠠᠭᠰᠢ ᠰᠤᠷᠤᠭᠴᠢᠳ᠎ᠤᠨ ᠤᠯᠠ ᠮᠥᠷ ᠤᠷᠳᠤᠰ᠎ᠤᠨ ᠲᠤᠯᠤᠭᠠᠨ ᠬᠣᠰᠢᠭᠤ ᠬᠣᠶᠠᠷ ᠲᠣᠭᠣᠷᠢᠭᠵᠢᠡᠷ ᠲᠦᠭᠡᠵᠦ᠂ ᠭᠠᠵᠠᠷ ᠰᠠᠢ ᠦᠭᠡᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ ᠪᠤᠯᠵᠠᠢ᠃ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠢᠲᠡᠶ ᠨᠡᠭᠦᠷᠡᠰᠦ᠎ᠪᠡᠷ ᠲᠤᠰᠤ ᠦᠢᠯᠡᠳᠬᠦ᠌ ᠺᠣᠮᠫᠠᠨᠢ᠎ᠳᠤ ᠮᠠᠷᠺᠰ᠎ᠤᠨ ᠦᠵᠡᠯ᠎ᠦᠨ ᠵᠢᠭᠠᠨ ᠰᠤᠳᠤᠯᠬᠤ ᠬᠡᠯᠲᠡᠰ᠎ᠦᠨ ᠡᠷᠬᠢᠯᠡᠭᠴᠢ ᠬᠤᠸᠠᠩ ᠶᠦᠩ ᠱᠧᠩ ᠰᠤᠷᠤᠭᠴᠢᠳ᠎ᠢ ᠳᠠᠭᠠᠭᠤᠯᠤᠨ 《ᠬᠠᠷ᠎ᠠ ᠡᠨᠧᠷᠭᠢ》 ᠵᠢ 《ᠨᠣᠭᠣᠭᠠᠨ ᠬᠥᠳᠡᠯᠭᠡᠬᠦ᠌ ᠬᠦᠴᠦᠨ》 ᠪᠤᠯᠭᠠᠵᠤ ᠪᠠᠢᠭ᠎ᠠ ᠵᠢ ᠪᠡᠶᠡᠴᠢᠯᠡᠨ ᠤᠢᠯᠠᠭᠠᠪᠠ᠃ ᠨᠡᠭᠦᠷᠡᠰᠦ᠎ᠪᠡᠷ ᠲᠣᠰᠣ ᠦᠢᠯᠡᠳᠬᠦ ᠮᠡᠷᠭᠡᠵᠢᠯ᠎ᠦᠨ ᠰᠢᠪᠲᠤᠯᠤᠯᠲᠠ᠂ ᠨᠡᠭᠦᠷᠡᠰᠦᠲᠦ᠋ᠷᠥᠭᠴᠢᠶᠢᠨ ᠳᠠᠪᠬᠤᠷ ᠢᠰᠦᠯ᠎ᠢ ᠬᠠᠶ᠋ᠢᠬᠤ ᠰᠢᠰᠲ᠋ᠧᠮ᠎ᠦᠨ ᠠᠵᠢᠯᠯᠠᠭᠠᠨ᠎ᠨᠢ ᠰᠤᠷᠤᠭᠴᠢᠳ᠎ᠲᠤ᠌ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠦᠳᠦᠭᠡᠯᠴᠢ ᠦᠢᠯᠡᠲᠤᠯᠬᠡ᠎ᠶᠢ ᠣᠶ᠋ᠢᠯᠠᠭᠠᠭᠤᠯᠵᠤ᠂ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠥᠩᠭᠥᠨ ᠬᠠᠢᠷᠬᠠᠨ ᠮᠥᠨ》 ᠭᠡᠬᠦ᠌ ᠬᠥᠭᠵᠢᠯᠲᠡ᠎ᠶᠢᠨ ᠣᠶ᠋ᠢᠯᠠᠭᠠᠭᠳᠠᠬᠤᠨ ᠪᠣᠯ ᠬᠡᠶ᠋ᠢᠰᠪᠦᠷᠢ ᠤᠷᠢᠶ᠎ᠠ ᠪᠢᠰᠢ᠂ ᠬᠠᠷᠢᠨ ᠦᠨᠡᠨ ᠪᠣᠳᠠᠲᠠᠶ ᠠᠵᠤ ᠦᠢᠯᠠᠰ᠎ᠦᠨ ᠬᠤᠪᠢᠰᠤᠯᠲᠠ ᠮᠥᠨ ᠭᠡᠳᠡᠭ᠎ᠢ ᠭᠦᠨᠵᠡᠭᠡᠶ ᠣᠶ᠋ᠢᠯᠠᠭᠠᠭᠤᠯᠵᠠᠶ᠃
ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠤᠨ ᠳᠤᠮᠳᠠᠳᠤ ᠤᠯᠤᠰ᠎ᠤᠨ ᠠᠭᠤᠷᠬᠠᠶ᠎ᠶᠢᠨ ᠦᠢᠯᠡᠰ ᠤ᠋ᠨ ᠶᠡᠬᠡ ᠰᠤᠷᠭᠠᠭᠤᠯᠢ (ᠪᠡᠭᠡᠵᠢᠨᠭ) ᠵᠢᠨ ᠥᠪᠥᠷ ᠮᠣᠩᠭᠣᠯ᠎ᠤᠨ ᠰᠤᠳᠤᠯᠭᠠᠨ᠎ᠤ ᠬᠦᠷᠢᠶᠡᠯᠡᠩ᠎ᠳᠦ᠂ ᠸᠠᠩ ᠢ ᠲᠤᠤ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠨᠡᠭᠦᠷᠡᠰᠦ ᠬᠢᠮᠢ᠎ᠶᠢᠨ ᠠᠵᠤ ᠦᠢᠯᠡᠳᠪᠤᠷᠢ᠎ᠶᠢᠨ ᠪᠠᠭ᠎ᠠ ᠨᠡᠬᠦᠷᠡᠰᠦᠳᠦ᠋ᠷᠦᠭᠴᠢᠵᠢᠬᠦᠯᠬᠦ ᠮᠡᠷᠭᠡᠵᠢᠯ ᠪᠣᠯᠤᠨ ᠰᠢᠨ᠎ᠡ ᠡᠨᠧᠷᠭᠢ᠎ᠶᠢᠨ ᠮᠠᠲ᠋ᠧᠷᠢᠶᠠᠯ᠎ᠢ ᠰᠤᠳᠤᠯᠤᠨ ᠨᠡᠭᠡᠭᠡᠬᠦ ᠨᠢᠭᠤᠴᠠ ᠵᠢ ᠬᠠᠢᠪᠠ᠃ ᠪᠠᠶᠠᠴᠢᠯᠠᠨ ᠤᠢᠯᠠᠭᠠᠬᠤ ᠠᠵᠢᠯᠯᠠᠭ᠎ᠠ ᠪᠡᠷ ᠲᠠᠮᠵᠢᠨ ᠰᠤᠷᠤᠭᠴᠢᠳ《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ》ᠭᠡᠳᠡᠭ᠎ᠢ ᠨᠡᠩ ᠬᠦᠨᠵᠡᠭᠡᠢ ᠤᠢᠯᠠᠭᠠᠵᠤ᠂ ᠣᠷᠳᠣᠰ᠎ᠤᠨ ᠳᠡᠯᠡᠬᠡᠶ᠎ᠶᠢᠨ ᠲᠠᠰ᠎ᠤᠨ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠤᠷᠢ ᠶᠢᠨ ᠠᠵᠤ ᠦᠢᠯᠡᠰ᠎ᠢ ᠴᠣᠭᠴᠠᠯᠠᠬᠤ ᠡᠷᠡᠰ ᠪᠠᠳᠤ ᠵᠣᠷᠢᠭ᠎ᠢ ᠣᠶ᠋ᠢᠯᠠᠭᠠᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠂ ᠣᠷᠣᠨ ᠨᠤᠲᠤᠭ᠎ᠤᠨ ᠬᠥᠭᠵᠢᠯᠲᠡ᠎ᠳᠦ ᠦᠢᠯᠡᠴᠢᠯᠡᠬᠦ ᠢᠳᠡᠭᠡᠯ ᠵᠤᠷᠢᠭ ᠵᠢᠡᠨ ᠬᠦᠪᠴᠢᠯᠡᠪᠡ᠃
ᠬᠠᠩᠭᠢᠨ ᠬᠣᠰᠢᠭᠤᠨ᠎ᠤ ᠬᠥᠪᠴᠢ᠎ᠶᠢᠨ ᠡᠯᠡᠰᠦᠨ ᠳ᠋ᠤ᠂ ᠴᠧᠩ ᠨᠠᠨ ᠨᠠᠨ ᠪᠠᠭᠰᠢ ᠰᠤᠷᠤᠭᠴᠢᠳ ᠵᠢᠡᠨ ᠳᠠᠭᠠᠭᠤᠯᠤᠨ《ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ》 ᠢ᠋ ᠳᠤᠭᠤᠯᠵᠤ᠂ ᠬᠡᠷᠡᠯᠴᠢ ᠴᠡᠨᠡᠭ᠎ᠦᠨ ᠬᠠᠪᠲᠠᠰᠤᠨ ᠳᠤᠤᠷᠠᠬᠢ ᠤᠰᠤ ᠠᠷᠪᠢᠯᠠᠨ ᠤᠰᠤᠯᠠᠬᠤ ᠲᠠᠷᠢᠶᠠᠯᠠᠩ᠎ᠤᠨ ᠰᠢᠰᠲ᠋ᠧᠮ᠎ᠢ ᠰᠢᠨᠵᠢᠯᠡᠨ ᠪᠠᠶ᠋ᠢᠴᠠᠭᠠᠵᠤ᠂ ᠦᠶ᠎ᠡ ᠦᠶ᠎ᠡ᠎ᠶᠢᠨ ᠡᠯᠡᠰᠦ ᠵᠠᠰᠠᠭᠴᠢᠳ ᠳᠠᠯᠠᠨ ᠵᠢᠯ᠎ᠦᠨ ᠴᠠᠭ᠎ᠢ ᠬᠡᠷᠡᠭᠰᠡᠵᠦ᠍᠂《ᠡᠯᠡᠰᠦ ᠤᠷᠤᠭᠰᠢᠯᠠᠠ ᠬᠥᠮᠦᠨ ᠤᠬᠤᠷᠢᠵᠤ》 ᠪᠠᠶ᠋ᠢᠭᠰᠠᠨ᠎ᠡᠴᠡ 《ᠨᠣᠭᠣᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ ᠪᠤᠯᠤᠭᠰᠠᠨ》 ᠠᠮᠢ ᠠᠬᠤᠢ᠎ᠶᠢᠨ ᠭᠠᠶ᠋ᠢᠬᠠᠮᠰᠢᠭ᠎ᠢ ᠪᠢᠴᠢᠭᠯᠡᠭᠰᠡᠨᠢ ᠤᠢᠯᠠᠭᠠᠵᠠᠢ᠃
ᠲᠠᠯ᠎ᠠ ᠨᠤᠲᠤᠭ᠎ᠤᠨ ᠮᠠᠯᠵᠢᠬᠤ ᠣᠷᠣᠨ᠎ᠠᠴᠠ ᠠᠵᠤ ᠦᠢᠯᠡᠰ᠎ᠦᠨ ᠬᠦᠷᠢᠶᠡᠯᠡᠩ ᠲᠣᠭᠣᠷᠢᠭ ᠬᠦᠷᠲᠡᠯ᠎ᠡ᠂ ᠡᠯᠡᠰᠦᠨ ᠴᠦᠯ᠎ᠦᠨ ᠨᠣᠭᠣᠭᠠᠨ ᠪᠦᠷᠢᠳᠦ᠎ᠡᠴᠡ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠬᠦᠷᠲᠡᠯ᠎ᠡ᠂ 《ᠲᠤᠭᠤᠷᠢᠨ ᠦᠵᠡᠬᠦ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》᠎ᠨᠢ ᠪᠣᠰᠣᠭ᠎ᠠ ᠴᠣᠭᠴᠠᠲᠤ᠌᠂ ᠪᠠᠶᠠᠴᠢᠯᠠᠨ ᠤᠢᠯᠠᠭᠠᠬᠤ ᠮᠠᠶᠢᠭ᠎ᠤᠨ ᠬᠡᠯᠪᠡᠷᠢ᠎ᠪᠡᠷ ᠤᠷᠳᠤᠰ᠎ᠤᠨ ᠪᠣᠬᠢᠷᠲᠤᠯ ᠦᠭᠡᠢ ᠬᠥᠭᠵᠢᠯᠲᠡ᠂ ᠨᠡᠭᠡᠭᠡᠯᠲᠡᠲᠡᠢ ᠪᠠᠭᠲᠠᠭᠠᠮᠵᠢᠲᠠᠢ᠂ ᠠᠮᠢᠵᠢᠷᠠᠯ᠎ᠤᠨ ᠬᠦᠴᠦᠨ ᠲᠠᠢ ᠰᠠᠢ᠌ᠨ ᠰᠠᠶ᠋ᠢᠬᠠᠨ ᠲᠦᠷᠢ ᠲᠥᠷᠬᠦ᠌᠎ᠶᠢ ᠪᠦᠬᠦ᠌ ᠲᠠᠯ᠎ᠠ᠎ᠪᠠᠷ ᠢᠯᠡᠷᠡᠭᠦᠯᠵᠠᠢ᠃ 《ᠡᠳᠡᠭᠡᠷ ᠠᠮᠢᠳᠤᠯᠢᠭ ᠪᠤᠳᠠᠳᠠᠢ ᠬᠢᠴᠢᠶᠡᠯ᠎ᠦᠨ ᠲᠠᠩᠬᠢᠮ᠎ᠢᠶᠠᠷ ᠳᠠᠮᠵᠢᠨ ᠪᠢ ᠨᠤᠲᠤᠭ ᠤᠰᠤᠨ᠎ᠤ᠎ᠪᠠᠨ ᠬᠥᠭᠵᠢᠯᠲᠡ ᠬᠤᠪᠢᠷᠠᠯᠳᠠ ᠠᠮᠵᠢᠯᠲᠠ ᠪᠦᠲᠦᠮᠵᠢ᠎ᠶᠢ ᠦᠨᠡᠨ ᠬᠦ᠌ ᠣᠶ᠋ᠢᠯᠠᠭᠠᠵᠤ᠂ ᠣᠮᠣᠭ ᠪᠠᠬᠠᠳᠤᠯᠲᠤ᠌ ᠰᠡᠳᠬᠢᠯᠭᠡ ᠠᠶᠠᠨ᠎ᠳᠠᠭᠠᠨ ᠲᠦᠷᠦᠭᠳᠡᠵᠦ᠂ ᠨᠤᠲᠤᠭ ᠣᠷᠣᠨ᠎ᠢᠶᠠᠨ ᠪᠦᠲᠦᠭᠡᠨ ᠪᠠᠶ᠋ᠢᠭᠤᠯᠬᠤ ᠡᠷᠴᠢ ᠵᠣᠷᠢᠭ ᠵᠢᠡᠨ ᠪᠠᠲᠤᠳᠬᠠᠪᠠ》 ᠭᠡᠵᠦ 2024 ᠣᠨ᠎ᠤ ᠰᠤᠷᠤᠭᠴᠢ ᠯᠢᠦ ᠶᠤᠸᠡᠢ ᠶᠢᠩᠬᠡᠯᠡᠪᠡ᠃ ᠡᠨᠡ ᠨᠢ ᠮᠦᠨ ᠴᠸ᠋ ᠪᠦᠬᠦ ᠤᠷᠤᠯᠴᠠᠭᠰᠡᠳ ᠤ᠋ᠨ ᠬᠠᠮᠲᠤ ᠵᠢᠨ ᠦᠢᠯᠡᠭᠠᠯᠲᠠ ᠲᠠᠨᠢᠯᠳᠠ ᠪᠤᠯᠵᠠᠢ᠃
《〈ᠲᠤᠭᠤᠷᠢᠨ ᠦᠵᠡᠬᠦ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ〉 ᠨᠢ ᠬᠣᠲᠠ᠎ᠶ᠋ᠢᠨ ᠪᠠᠢᠳᠠᠯ᠎ᠤᠨ ᠲᠤᠬᠠᠶ ᠭᠦᠨᠵᠡᠭᠡᠶ ᠬᠥᠮᠦᠵᠢᠯ ᠪᠣᠯᠬᠤ᠎ᠪᠠᠷ ᠪᠠᠷᠠᠬᠤ ᠥᠬᠡᠶ ᠨᠠᠩ ᠴᠤ᠌ ᠣᠷᠳᠣᠰ᠎ᠤᠨ 〈ᠭᠤᠷᠪᠠᠨ ᠳᠥᠷᠪᠡ〉 ᠵᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠤᠬᠠᠶ ᠠᠮᠢᠳᠤᠯᠢᠭ ᠲᠠᠢᠯᠤᠮᠵᠢ ᠪᠣᠯᠤᠨ᠎ᠠ᠃ ᠲᠡᠷᠡ ᠨᠢ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠭ᠎ᠠ ᠬᠢᠴᠢᠶᠡᠯ᠎ᠦᠨ ᠲᠠᠩᠬᠢᠮ᠎ᠢ ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ᠎ᠲᠠᠶ ᠠᠮᠵᠢᠯᠲᠠ᠎ᠲᠠᠶ ᠨᠢᠭ᠍ᠲᠠ ᠤᠶᠠᠯᠳᠤᠭᠤᠯᠵᠤ᠂ ᠦᠶ᠋ᠯᠡᠳᠦᠯᠭᠡ᠎ᠶ᠋ᠢᠨ ᠳᠤᠮᠳᠠ ᠰᠤᠷᠤᠭ᠍ᠴᠢᠳᠲᠸ᠋ ᠦᠵᠡᠯ ᠰᠠᠨᠠᠭᠠᠨ᠎ᠤ ᠠᠸ᠋ᠭ᠎ᠠ ᠬᠦᠴᠦᠨ᠎ᠢ ᠣᠢᠯᠠᠭᠠᠭᠤᠯᠵᠤ᠂ ᠪᠡᠶᠡᠴᠢᠯᠡᠨ ᠣᠢᠯᠠᠭᠠᠬᠤ ᠳᠤᠮᠳᠠ ᠡᠭᠦᠷᠭᠡ ᠬᠠᠷᠢᠭᠤᠴᠠᠯᠭ᠎ᠠ ᠶ᠋ᠢ ᠨᠢ ᠨᠡᠮᠡᠭᠲᠠᠬᠦᠯᠪᠠ᠃ ᠡᠢᠮᠦᠷᠬᠦᠦ ᠬᠥᠮᠦᠨ ᠬᠥᠮᠦᠵᠢᠭᠦᠯᠬᠦ᠌ ᠵᠠᠭ᠍ᠪᠤᠷ ᠨᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠢ ᠰᠤᠷᠤᠭᠴᠢᠳ᠎ᠤᠨ ᠤᠭᠤᠷᠠᠭ ᠲᠠᠷᠢᠬᠢᠨᠳ᠋ᠤ ᠬᠠᠳᠠᠩᠱᠢᠭᠤᠯᠤᠭ᠍ᠰᠠᠨᠢᠶᠠᠷ ᠪᠠᠷᠠᠬᠤ ᠦᠭᠡᠢ᠂ ᠨᠡᠩ ᠴᠤ᠌ ᠰᠤᠷᠤᠭ᠍ᠴᠢᠳ᠎ᠤᠨ ᠣᠷᠣᠨ ᠨᠤᠲᠤᠭ᠎ᠲᠤ ᠦᠢᠯᠡᠴᠢᠯᠡᠬᠦ᠌᠂ ᠤᠯᠤᠰ ᠣᠷᠣᠨ᠎ᠳᠠᠭᠠᠨ ᠬᠦᠴᠦ᠍᠎ᠪᠡᠨ ᠡᠷᠭᠦᠬᠦ᠌ ᠬᠠᠷᠢᠭᠤᠴᠠᠯᠭᠠᠲᠤ ᠰᠡᠳᠭᠢᠯᠭᠡ᠎ᠶ᠋ᠢ ᠬᠥᠮᠦᠵᠢᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌᠎ᠳᠦ ᠠᠮᠢᠳᠤᠯᠢᠭ ᠲᠠᠢᠯᠪᠤᠷᠢ ᠬᠢᠭᠰᠡᠨ ᠪᠠᠢᠨ᠎ᠠ》ᠬᠡᠵᠤ ᠯᠢ ᠴᠦᠨ ᠬᠤᠢ ᠬᠡᠯᠡᠪᠡ᠃