《ᠵᠢᠯ ᠪᠦᠷᠢ ᠪᠢ ᠥᠪᠡᠷ᠎ᠢᠶᠡᠨ 200 ᠲᠥᠭᠥᠷᠢᠭ᠎ᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ ᠲᠤᠱᠢᠶᠠᠵᠤ᠂ ᠵᠠᠰᠠᠭ᠎ᠤᠨ ᠣᠷᠳᠣᠨ᠎ᠠᠴᠠ 100 ᠲᠥᠭᠥᠷᠢᠭ ᠨᠥᠬᠥᠪᠥᠷᠢᠯᠡᠵᠦ᠍᠂ ᠬᠠᠮᠲᠤ ᠡᠴᠡ 200 ᠲᠥᠭᠥᠷᠢᠭ ᠥᠭ᠌ᠴᠦ᠂ ᠠᠵᠤ ᠠᠬᠤᠢᠯᠠᠯ᠎ᠠᠴᠠ 100 ᠲᠥᠭᠥᠷᠢᠭ ᠲᠤᠰᠠᠯᠠᠵᠤ ᠪᠠᠢᠨ᠎ᠠ᠂ ᠥᠲᠡᠯᠦᠭᠡ ᠨᠠᠰᠤᠨ᠎ᠤ ᠠᠮᠢᠳᠤᠷᠠᠯ ᠮᠠᠨᠢ ᠨᠠᠩ ᠪᠠᠲᠤᠯᠠᠭ᠎ᠠ᠎ᠲᠠᠶ ᠪᠣᠯᠤᠭᠰᠠᠨ ᠰᠢᠦ》᠃ 12 ᠰᠠᠷ᠎ᠠ᠎ᠶ᠋ᠢᠨ 19 ᠤ᠋ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠲᠡᠯᠡᠶ ᠰᠤᠮᠤ᠎ᠶ᠋ᠢᠨ ᠪᠠᠶᠠᠨᠪᠤᠯᠠᠭ ᠭᠠᠴᠠᠭᠠᠨ᠎ᠤ ᠮᠠᠯᠴᠢᠨ ᠡᠷᠳᠡᠨᠢᠪᠠᠭᠠᠲᠤᠷ ᠡᠢᠨ ᠬᠦ᠌ ᠪᠠᠶᠠᠷᠲᠠᠢᠬᠠᠨ ᠬᠡᠯᠡᠵᠦ ᠪᠠᠢᠯ᠎ᠠ᠃
ᠡᠨᠡ ᠵᠢᠯ᠎ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ 《ᠠᠢᠮᠠᠭ — ᠬᠣᠱᠢᠭᠤ — ᠰᠤᠮᠤ — ᠭᠠᠴᠠᠭ᠎ᠠ》 ᠳᠥᠷᠪᠡᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ 《ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ》᠂ 《ᠨᠠᠭᠠᠳᠤᠮ + ᠨᠡᠢᠭᠡᠮ᠎ᠦᠨ ᠲᠠᠭᠠᠳᠬᠠᠯ》 ᠵᠡᠷᠭᠡ ᠣᠨᠴᠠᠯᠢᠭ᠍ᠲᠤ ᠠᠴᠢᠶᠠᠯᠠᠪᠤᠷᠢ᠎ᠳᠤ ᠲᠦᠱᠢᠭ᠌ᠯᠡᠨ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠮᠠᠯᠵᠢᠬᠤ ᠣᠷᠣᠨ ᠳ᠋ᠤ ᠤᠷᠤᠭᠤᠯᠬᠤ᠂ ᠬᠡᠷ ᠪᠦᠯᠢ᠎ᠳᠦ ᠣᠷᠣᠭᠤᠯᠬᠤ ᠠᠵᠢᠯᠯᠠᠭ᠎ᠠ᠎ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠪᠡ᠃ ᠳᠠᠭᠠᠳᠭᠠᠯ᠎ᠳᠤ ᠣᠷᠣᠯᠴᠠᠭ᠍ᠰᠠᠨ ᠦᠭᠡᠢ ᠬᠥᠮᠦᠰ᠎ᠲᠦ ᠴᠢᠭ᠌ᠯᠡᠭᠦᠯᠦᠨ ᠡᠷᠦᠬᠡ ᠳᠠᠷᠠᠭᠠᠯᠠᠨ ᠬᠠᠷᠭᠤᠭᠤᠯᠤᠨ ᠪᠠᠢᠴᠠᠭᠠᠬᠤ ᠠᠵᠢᠯ ᠥᠷᠨᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠨ ᠦᠭᠡᠢ ᠬᠥᠮᠦᠰ᠎ᠢ ᠲᠠᠭᠠᠳᠬᠠᠯ ᠳ᠋ᠤ ᠤᠷᠤᠭᠤᠯᠬᠤ ᠵᠢ ᠲᠠᠢᠴᠢᠯᠠᠨ ᠠᠬᠢᠭᠤᠯᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠤᠨ 5 ᠬᠢᠯᠢ᠎ᠶ᠋ᠢᠨ ᠬᠣᠱᠢᠭᠤ ᠬᠣᠲᠠ᠂ 15 ᠰᠤᠮᠤ ᠪᠠᠯᠭᠠᠰᠤ᠂ 45 ᠭᠠᠴᠠᠭᠠᠨ᠎ᠤ 14870 ᠰᠠᠭᠤᠭᠠᠯᠢ ᠠᠷᠠᠳ ᠳᠠᠭᠠᠳᠭᠠᠯ᠎ᠳᠤ ᠣᠷᠣᠯᠴᠠᠵᠤ᠂ 118 ᠭᠠᠴᠠᠭ᠎ᠠ ᠬᠠᠮᠲᠤ᠎ᠶ᠋ᠢᠨ ᠨᠥᠬᠥᠪᠥᠷᠢ᠎ᠶ᠋ᠢᠨ ᠠᠵᠢᠯ ᠥᠷᠨᠢᠭᠦᠯᠵᠦ᠍᠂ 84.6 ᠲᠦᠮᠡᠨ ᠲᠥᠭᠥᠷᠢᠭ᠎ᠦᠨ ᠨᠥᠬᠥᠪᠥᠷᠢ ᠮᠥᠩᠭᠥ᠌ ᠥᠭ᠌ᠴᠦ᠂ 6951 ᠣᠯᠠᠨ ᠲᠦᠮᠡᠨ᠎ᠳᠦ ᠠᠱᠢᠭ ᠬᠦᠷᠲᠡᠭᠡᠪᠡ᠃ 《ᠬᠤᠪᠢ ᠬᠥᠮᠦᠨ ᠵᠢᠭᠠᠬᠠᠨ ᠲᠤᠱᠢᠶᠠᠵᠤ᠂ ᠵᠠᠰᠠᠭ᠎ᠤᠨ ᠣᠷᠳᠣᠨ᠎ᠠᠴᠠ ᠵᠢᠭᠠᠬᠠᠨ ᠨᠥᠬᠥᠪᠥᠷᠢᠯᠡᠵᠦ᠍᠂ ᠬᠠᠮᠲᠤ ᠡᠴᠡ ᠵᠢᠭᠠᠬᠠᠨ ᠲᠤᠰᠠᠯᠠᠵᠤ᠂ ᠠᠵᠤ ᠠᠬᠤᠢᠯᠠᠯ᠎ᠠᠴᠠ ᠵᠢᠭᠠᠬᠠᠨ ᠳᠤᠰᠠᠯᠠᠬᠤ》 ᠣᠯᠠᠨ ᠡᠱᠢᠲᠦ ᠪᠠᠯᠠ ᠮᠦᠡᠭᠭᠦ ᠴᠤᠭ᠍ᠯᠠᠭᠤᠯᠬᠤ ᠵᠠᠭ᠍ᠪᠤᠷ ᠨᠢ ᠡᠯ᠎ᠡ ᠲᠠᠯ᠎ᠠ᠎ᠶ᠋ᠢᠨ ᠬᠦᠴᠦᠨ᠎ᠢ ᠨᠢᠭ᠍ᠲᠠᠷᠠᠭᠤᠯᠵᠤ᠂ ᠡᠷᠳᠡᠨᠢᠪᠠᠭᠠᠲᠤᠷ ᠮᠡᠳᠤ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠦ ᠨᠠᠩ ᠣᠯᠠᠨ ᠠᠱᠢᠭ ᠬᠦᠷᠲᠡᠭᠡᠵᠦ᠍ ᠪᠠᠢᠨ᠎ᠠ᠃
ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠲᠣᠭ᠍ᠲᠠᠴᠠ᠎ᠵᠢᠨ ᠱᠢᠨ᠎ᠡ᠎ᠶ᠋ᠢ ᠡᠭᠦᠳᠬᠦ᠌᠂ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠂ ᠲᠠᠰ ᠲᠠᠷᠠᠭᠠᠯᠠᠯ᠎ᠢ ᠱᠢᠯᠢᠳᠡᠭ᠌ᠵᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ 《ᠬᠤᠪᠢ ᠬᠥᠮᠦᠨ ᠰᠦᠶ᠋ᠳᠭᠡᠯ ᠲᠤᠱᠢᠶᠠᠬᠤ + ᠵᠠᠰᠠᠭ᠎ᠤᠨ ᠣᠷᠳᠣᠨ ᠡᠴᠨ ᠨᠥᠬᠥᠪᠥᠷᠢᠯᠡᠬᠦ + ᠬᠠᠮᠲᠤ ᠡᠴᠨ ᠲᠤᠰᠠᠯᠠᠬᠤ+ ᠨᠡᠢᠭᠡᠮᠡᠴᠨ ᠳᠤᠰᠠᠯᠠᠬᠤ》 ᠣᠯᠠᠨ ᠡᠱᠢᠳᠦ ᠪᠠᠯᠠ ᠮᠦᠡᠭᠭᠦ ᠴᠤᠭ᠍ᠯᠠᠭᠤᠯᠬᠤ ᠵᠠᠭ᠍ᠪᠤᠷ᠎ᠢ ᠪᠣᠶ ᠪᠣᠯᠭᠠᠪᠠ᠃ ᠣᠳᠣᠬᠠᠨ᠎ᠳᠤ᠂ ᠪᠦᠬᠦ᠌ ᠣᠷᠣᠨ᠎ᠤ 613 ᠭᠠᠴᠠᠭ᠎ᠠ ᠲᠣᠰᠭᠣᠨ᠎ᠳᠤ ᠬᠠᠮᠲᠤ ᠡᠴᠠ ᠲᠤᠰᠠᠯᠠᠬᠤ ᠠᠵᠢᠯ᠎ᠢ ᠥᠷᠨᠢᠭᠦᠯᠵᠦ᠍᠂ ᠬᠠᠮᠳᠤ᠎ᠡᠴᠡ ᠲᠤᠰᠠᠯᠠᠬᠤ ᠪᠠ ᠨᠡᠢᠭᠡᠮ᠎ᠡᠴᠡ ᠲᠡᠳᠭᠦᠭᠦ ᠪᠡᠯᠡ ᠮᠥᠩᠭᠥ᠎ᠶ᠋ᠢ ᠨᠡᠢᠲᠡ 15019.6 ᠲᠦᠮᠡᠨ ᠲᠥᠭᠥᠷᠢᠭ ᠴᠤᠭ᠍ᠯᠠᠭᠤᠯᠵᠤ᠂ ᠳᠠᠭᠠᠳᠭᠠᠯ᠎ᠳᠤ ᠣᠷᠣᠯᠴᠠᠭ᠍ᠰᠠᠨ 5.2 ᠲᠦᠮᠡᠨ ᠬᠥᠮᠦᠨ ᠤᠳᠠᠭ᠎ᠠ ᠳ᠋ᠤ ᠠᠱᠢᠭ ᠬᠦᠷᠲᠡᠭᠡᠪᠡ᠃
《ᠥᠩᠭᠡᠷᠡᠭ᠌ᠰᠡᠨ᠎ᠳᠦ ᠪᠢ ᠵᠢᠯ ᠪᠦᠷᠢ ᠬᠠᠮᠤᠭ᠎ᠤᠨ ᠳᠤᠤᠷ᠎ᠠ ᠲᠠᠰ ᠢ᠋ ᠨᠢ ᠰᠤᠡᠭᠭᠤᠵᠤ ᠰᠦᠶ᠋ᠳᠭᠡᠯ ᠲᠤᠱᠢᠶᠠᠵᠦ ᠪᠠᠢᠵᠠᠢ᠂ ᠬᠡᠷ᠎ᠲᠡᠬᠡᠨ ᠳᠠᠷᠤᠭᠠᠰᠤ ᠪᠤᠯᠬᠤ ᠡᠴᠨ ᠵᠤᠪᠠᠳᠠᠭ᠂ ᠣᠲᠣ ᠲᠣᠰᠭᠣᠨ᠎ᠤ ᠬᠠᠮᠲᠤ᠎ᠶ᠋ᠢᠨ ᠠᠵᠤ ᠠᠬᠤᠶ ᠬᠥᠮᠦᠨ ᠪᠦᠷᠢᠳᠦ 7000 ᠲᠥᠭᠥᠷᠢᠭ᠎ᠦᠨ ᠪᠠᠷᠢᠮᠵᠢᠶ᠎ᠠ᠎ᠪᠠᠷ ᠨᠥᠬᠥᠪᠥᠷᠢ ᠥᠭ᠌ᠴᠦ ᠪᠠᠢᠨ᠎ᠠ᠂ ᠬᠣᠵᠢᠮ ᠭᠠᠷ ᠲᠸ᠋ ᠤᠷᠤᠬᠤ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠴᠦ᠍ ᠠᠷᠪᠢᠨ ᠪᠣᠯᠵᠠᠶ》 ᠭᠡᠵᠦ᠍ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠪᠠᠭ᠎ᠠ ᠲᠦᠷᠭᠡᠨ ᠭᠣᠣᠯ ᠪᠠᠯᠭᠠᠰᠤᠨ᠎ᠤ ᠢ ᠵᠢᠶᠠᠨ ᠹᠠᠩ ᠲᠣᠰᠭᠣᠨ᠎ᠤ ᠠᠷᠠᠳ ᠵᠢᠶᠠᠩ ᠵᠶ᠋ᠢ ᠫᠢᠩ ᠬᠡᠯᠡᠨ᠎ᠡ᠃
ᠲᠠᠩ ᠴᠤᠯᠭᠤᠶ ᠪᠠᠢᠭ᠍ᠰᠠᠨ᠎ᠠᠴᠠ᠎ᠪᠠᠨ ᠣᠯᠠᠨ ᠡᠱᠢᠵᠢᠭ᠌ᠰᠡᠨ᠂ ᠰᠠᠨᠠᠭᠠᠴᠢᠯᠠᠭᠠᠲᠤ ᠪᠤᠰᠤ ᠪᠠᠢᠭ᠍ᠰᠠᠨ᠎ᠠᠴᠠ᠎ᠪᠠᠨ ᠰᠠᠨᠠᠭᠠᠴᠢᠯᠠᠭ᠎ᠠ᠎ᠲᠠᠶ ᠪᠣᠯᠤᠭ᠍ᠰᠠᠨ᠂ ᠬᠠᠮᠲᠤ ᠡᠴᠨ ᠨᠥᠬᠥᠪᠥᠷᠢᠯᠡᠬᠦ ᠬᠥᠭ᠌ᠵᠢᠯᠲᠡ᠎ᠶ᠋ᠢᠨ ᠢᠷᠡᠭᠡᠳᠦᠢ ᠨᠠᠩ ᠰᠠᠷᠠᠭᠤᠯ ᠲᠠᠷᠳᠡᠡᠭ᠃ ᠪᠥᠬᠥ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠠᠵᠢᠯ᠎ᠤᠨ ᠠᠷᠭ᠎ᠠ ᠬᠡᠮᠵᠢᠶ᠎ᠡ᠎ᠪᠡᠨ ᠱᠢᠨᠡᠴᠢᠯᠡᠵᠦ᠍᠂ ᠬᠠᠮᠲᠤ ᠵᠢᠨ ᠨᠥᠬᠥᠪᠥᠷᠢ᠎ᠶ᠋ᠢ ᠬᠦᠴᠢᠷᠳᠡᠯᠲᠡᠶ ᠬᠥᠮᠦᠰ ᠳᠠᠢᠰᠢ ᠬᠡᠯᠪᠡᠢᠯᠭᠡᠬᠦ᠌᠎ᠶ᠋ᠢ ᠴᠢᠭ᠌ᠯᠡᠭᠦᠯᠦᠯᠲᠦ ᠴᠢᠨᠠᠷᠲᠠᠶ᠎ᠪᠠᠷ ᠠᠬᠢᠭᠤᠯᠤᠭ᠍ᠰᠠᠨ ᠪᠥᠭᠡᠳ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠭ᠍ᠲᠠᠭ᠍ᠰᠠᠨ ᠲᠣᠭᠠᠨ᠎ᠤ ᠨᠥᠬᠥᠪᠥᠷᠢ ᠥᠭ᠌ᠬᠦ᠂ ᠬᠣᠯᠪᠣᠭ᠍ᠳᠠᠭᠤᠯᠤᠨ ᠨᠥᠬᠥᠪᠥᠷᠢ ᠥᠭ᠌ᠬᠦ᠂ ᠳᠠᠪᠬᠤᠴᠠᠭᠤᠯᠤᠨ ᠨᠥᠬᠥᠪᠥᠷᠢ ᠥᠭ᠌ᠬᠦ᠂ ᠬᠡᠯᠪᠡᠢᠯᠭᠡᠨ ᠨᠥᠬᠥᠪᠥᠷᠢ ᠥᠭ᠌ᠬᠦ ᠵᠡᠷᠭᠡ ᠣᠯᠠᠨ ᠶᠠᠩᠵᠤ᠎ᠶ᠋ᠢᠨ ᠨᠥᠬᠥᠪᠥᠷᠢ ᠥᠭ᠌ᠬᠦ ᠬᠡᠯᠪᠡᠷᠢ᠎ᠶ᠋ᠢ ᠰᠦᠪᠡᠭ᠌ᠴᠢᠯᠡᠨ ᠭᠠᠷᠭᠠᠵᠤ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠎ᠢ ᠦᠷᠭᠦᠯᠵᠢᠯᠡᠨ ᠳᠡᠭᠡᠭ᠌ᠰᠢᠯᠡᠭᠦᠯᠪᠡ᠃ ᠣᠷᠳᠣᠰ ᠬᠣᠲᠠ ᠵᠡᠷᠭᠡ ᠭᠠᠵᠠᠷ 《ᠨᠢᠭᠡ ᠲᠣᠰᠭᠣᠨ᠎ᠳᠤ ᠨᠢᠭᠡ ᠠᠷᠭ᠎ᠠ ᠪᠣᠳᠣᠯᠭ᠎ᠠ》 ᠵᠢ ᠤᠬᠠᠭᠤᠯᠤᠨ ᠲᠠᠢᠯᠪᠤᠷᠢᠯᠠᠬᠤ ᠵᠡᠷᠭᠡ ᠠᠷᠭ᠎ᠠ ᠮᠠᠶᠢᠭ᠎ᠢᠶᠠᠷ ᠣᠯᠠᠨ ᠲᠦᠮᠡᠨ᠎ᠦ ᠣᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠪᠡ; ᠱᠢᠯᠢ᠎ᠶ᠋ᠢᠨ ᠭᠤᠤᠯ ᠠᠢᠮᠠᠭ 《ᠭᠠᠴᠠᠭ᠎ᠠ ᠲᠣᠰᠭᠣᠨ᠎ᠤ ᠬᠠᠮᠲᠤ᠎ᠶ᠋ᠢᠨ ᠨᠥᠬᠥᠪᠥᠷᠢ + ᠡᠳ᠋᠎ᠦᠨ ᠵᠠᠰᠠᠭ᠎ᠤᠨ ᠨᠥᠬᠥᠪᠥᠷᠢ + ᠨᠡᠢᠭᠡᠮ᠎ᠦᠨ ᠳᠤᠰᠠᠯᠠᠮᠵᠢ》 ᠶ᠋ᠢᠨ ᠵᠠᠭ᠍ᠪᠤᠷ ᠢ᠋ ᠬᠡᠷᠡᠭᠯᠡᠵᠦ᠂ ᠬᠡᠰᠡᠭ ᠭᠠᠵᠠᠷ ᠣᠷᠣᠨ᠎ᠤ ᠰᠦᠶ᠋ᠳᠭᠡᠯ ᠲᠤᠱᠢᠶᠠᠭ᠍ᠰᠠᠨ ᠵᠣᠭᠣᠰ᠎ᠤᠨ ᠲᠣᠭ᠎ᠠ᠎ᠨᠢ ᠬᠣᠶᠠᠷ ᠵᠢᠯ ᠳᠠᠷᠠᠭᠠᠯᠠᠨ ᠬᠥᠮᠦᠨ ᠪᠦᠷᠢ 2000 ᠲᠥᠭᠥᠷᠢᠭ ᠲᠸ᠋ ᠬᠥᠷᠪᠡ;
ᠡᠷᠢᠶᠡᠨ ᠬᠣᠲᠠ ᠪᠠ ᠦᠬᠠᠶ ᠬᠣᠲᠠ ᠭᠠᠴᠠᠭ᠎ᠠ ᠲᠣᠰᠭᠣᠨ᠎ᠤ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠪᠡ; ᠤᠯᠠᠭᠠᠨᠴᠠᠪ ᠬᠣᠲᠠ᠂ ᠬᠥᠯᠥᠨ ᠪᠣᠢᠷ ᠬᠣᠲᠠ 《ᠢᠯᠡᠭᠦᠦ ᠲᠤᠱᠢᠶᠠᠵᠤ ᠢᠯᠡᠭᠦᠦ ᠨᠥᠬᠥᠪᠥᠷᠢᠯᠡᠬᠦ᠌》 ᠵᠠᠭ᠍ᠪᠤᠷ᠎ᠢ ᠬᠡᠷᠡᠭ᠌ᠵᠢᠭᠦᠯᠪᠡ; ᠬᠥᠬᠡᠬᠣᠲᠠ ᠬᠥᠮᠦᠨ ᠪᠦᠷᠢᠳᠦ ᠵᠢᠯ ᠪᠦᠷᠢ 7000 ᠲᠥᠭᠥᠷᠢᠭ᠎ᠦᠨ ᠨᠥᠬᠥᠪᠥᠷᠢ ᠤᠯᠭᠤᠪᠠ; ᠬᠢᠩᠭᠠᠨ ᠠᠢᠮᠠᠭ ᠨᠥᠬᠥᠪᠥᠷᠢ ᠥᠭ᠌ᠬᠦ ᠨᠥᠬᠥᠴᠡᠯ᠎ᠳᠦ ᠨᠡᠢᠴᠡᠬᠦ᠌ ᠲᠣᠰᠭᠣᠨ᠎ᠤ ᠠᠷᠠᠳ᠎ᠲᠤ ᠬᠠᠮᠳᠤ ᠪᠡᠷ ᠨᠥᠬᠥᠪᠥᠷᠢ ᠥᠭ᠌ᠬᠦ᠎ᠶ᠋ᠢ ᠪᠦᠷᠢᠨ ᠪᠦᠷᠬᠦᠭᠦᠯᠬᠦ᠌᠎ᠶ᠋ᠢ ᠢᠳᠡᠪᠬᠢᠲᠡᠶ ᠬᠡᠷᠡᠭ᠌ᠵᠢᠭᠦᠯᠪᠡ; ᠪᠠᠶᠠᠨᠨᠠᠭᠤᠷ ᠬᠣᠲᠠ ᠱᠢᠶᠠᠩ ᠪᠠᠯᠭᠠᠰᠤ᠎ᠳᠤ ᠬᠠᠮᠲᠤ᠎ᠪᠠᠷ ᠨᠥᠬᠥᠪᠥᠷᠢ ᠥᠭ᠌ᠬᠦ᠎ᠶ᠋ᠢ ᠨᠡᠢᠳᠡᠮ ᠬᠡᠷᠡᠭ᠌ᠵᠢᠭᠦᠯᠪᠡ᠃
ᠤᠯᠠᠭᠠᠨᠬᠠᠳᠠ ᠬᠣᠲᠠ᠎ᠶ᠋ᠢᠨ ᠨᠢᠩᠴᠧᠩ ᠱᠢᠶᠠᠨ᠎ᠤ ᠨᠡᠢᠭᠡᠮ᠎ᠦᠨ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠤᠨ ᠶᠡᠬᠡ ᠲᠢᠩᠬᠢᠮ᠎ᠳᠦ᠂ ᠰᠠᠨ ᠽᠦᠸᠧ ᠳ᠋ᠢᠶᠠᠨ ᠱᠢᠶᠠᠩ᠎ᠤᠨ ᠰᠢ ᠸᠸ ᠫᠦ ᠲᠣᠰᠭᠣᠨ᠎ᠤ ᠠᠷᠠᠳ ᠯᠢ ᠱᠢᠨ ᠵᠧᠩ ᠠᠪᠤ ᠳ᠋ᠠᠭᠠᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠨᠡᠢᠭᠡᠮ᠎ᠦᠨ ᠲᠤᠰᠠᠯᠠᠮᠵᠢᠭᠤᠶᠤᠴᠢᠯᠠᠬᠤ ᠭᠠᠷᠳᠠᠮ ᠬᠢᠵᠦ ᠥᠭ᠌ᠪᠡ᠃ 《ᠬᠡᠦᠬᠡᠳ᠎ᠦᠨ ᠲᠤᠰᠠᠯᠠᠭ᠍ᠰᠠᠨ ᠵᠣᠭᠣᠰ ᠴᠤ᠌ ᠪᠦᠬᠦᠨ᠎ᠢᠶᠡᠷ᠎ᠢᠶᠡᠨ ᠮᠢᠨᠦ᠍ ᠬᠤᠪᠢ ᠬᠥᠮᠦᠨ᠎ᠦ ᠲᠠᠩᠰᠠᠨ᠎ᠳᠦ ᠣᠷᠣᠵᠤ᠂ ᠮᠢᠨᠦ᠍ ᠠᠵᠢᠯ ᠡᠴᠡ ᠪᠠᠨ ᠲᠠᠷᠬᠠᠯᠠᠭᠳᠠᠭᠰᠠᠨ ᠬᠠᠷᠠᠭᠠᠯᠵᠠᠯᠴᠦ ᠨᠡᠯᠢᠶᠡᠳ ᠳᠡᠭᠡᠭ᠌ᠰᠢᠯᠡᠵᠡᠶ》 ᠭᠡᠵᠦ ᠯᠢ ᠱᠢᠨ ᠵᠧᠩ ᠤᠨ ᠠᠪᠤ ᠯᠢ ᠭᠦᠸᠧ ᠵᠢᠶᠧ ᠬᠡᠯᠡᠪᠡ᠃
ᠨᠡᠢᠭᠡᠮᠨᠡᠢᠲᠡᠶᠢᠨ ᠬᠢᠨ᠎ᠦ ᠵᠣᠭᠣᠰ ᠮᠥᠩᠭᠥ᠎ᠪᠡᠷ ᠲᠤᠰᠠᠯᠠᠬᠤ ᠠᠵᠢᠯᠤ᠋ᠨ᠌ ᠵᠠᠭ᠍ᠪᠤᠷ᠎ᠢ ᠱᠢᠯᠢᠳᠡᠭ᠌ᠵᠢᠭᠦᠯᠬᠦ᠌ ᠂ ᠤᠬᠠᠭᠤᠯᠬᠤ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌ ᠪᠠ ᠦᠵᠡᠯ ᠰᠠᠨᠠᠭ᠎ᠠ ᠣᠢᠯᠠᠭᠠᠭ᠍ᠳᠠᠬᠤᠨ᠎ᠢᠶᠠᠨ ᠬᠤᠪᠢᠷᠠᠭᠤᠯᠬᠤ ᠵᠡᠷᠭᠡ ᠡᠯ᠎ᠡ ᠲᠠᠯ᠎ᠠ᠎ᠶᠢᠨ ᠠᠵᠢᠯᠤᠯᠠᠮ ᠲᠡᠭᠦᠯᠳᠡᠷᠵᠢᠪᠡ᠃ ᠥᠪᠡᠷᠲᠡᠭᠡᠨ ᠵᠠᠰᠠᠬᠤ ᠣᠷᠣᠨ᠎ᠠᠴᠠ 《ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠨᠡᠢᠭᠡᠮ᠎ᠦᠨ ᠲᠤᠰᠠᠯᠠᠮᠵᠢ᠎ᠶ᠋ᠢ ᠭᠠᠷᠲᠠᠨ ᠭᠦᠶ᠋ᠴᠡᠳᠭᠡᠬᠦ᠌ ᠴᠤᠪᠤᠷᠠᠯ》᠎ᠢ᠋ ᠲᠣᠭ᠍ᠲᠠᠭᠠᠵᠤ᠂ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠲᠤᠬᠠᠢᠯᠠᠭ᠍ᠰᠠᠨ ᠠᠵᠢᠯ᠎ᠤᠨ ᠵᠠᠭ᠍ᠪᠤᠷ᠎ᠢ ᠲᠡᠭᠦᠯᠳᠡᠷᠵᠢᠭᠦᠯᠦᠨ᠂ 《ᠰᠦᠯᠵᠢᠶᠡᠨ ᠳᠡᠭᠡᠷ᠎ᠡ》 ᠰᠦᠶ᠋ᠳᠭᠡᠯ ᠲᠤᠱᠢᠶᠠᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠭᠤᠶᠤᠴᠢᠯᠠᠨ ᠮᠡᠳᠡᠭᠦᠯᠬᠦ᠌᠂ ᠬᠢᠨᠠᠨ ᠬᠠᠷᠭᠤᠭᠤᠯᠬᠤ᠂ ᠲᠠᠲᠠᠪᠤᠷᠢᠯᠠᠨ ᠲᠤᠱᠢᠶᠠᠬᠤ᠂ ᠲᠠᠩᠰᠠᠯᠠᠬᠤ᠂ ᠣᠯᠭᠣᠬᠤ ᠵᠡᠷᠭᠡ 《ᠪᠥᠬᠥ᠌ ᠬᠡᠯᠬᠢᠶ᠎ᠡ》 ᠶ᠋ᠢ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ᠎ᠪᠡᠷ ᠭᠦᠶ᠋ᠴᠡᠳᠭᠡᠬᠦ᠌᠎ᠶ᠋ᠢ ᠪᠡᠶᠡᠯᠡᠭᠦᠯᠪᠡ᠃ 《ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ᠎ᠶ᠋ᠢ ᠲᠦᠮᠡᠨ ᠡᠷᠦᠬᠡ᠎ᠳᠦ ᠣᠷᠣᠭᠤᠯᠬᠤ》᠂ 《ᠮᠣᠷᠢᠨ ᠨᠢᠷᠤᠭᠤᠨ ᠳᠡᠭᠡᠷᠡᠬᠢ ᠨᠡᠢᠭᠡᠮ᠎ᠦᠨ ᠪᠠᠲᠤᠯᠠᠭ᠎ᠠ》 ᠵᠡᠷᠭᠡ ᠤᠬᠠᠭᠤᠯᠭ᠎ᠠ᠎ᠶ᠋ᠢᠨ ᠠᠵᠢᠯᠯᠠᠭ᠎ᠠ᠎ᠳᠤ ᠲᠦᠱᠢᠭ᠌ᠯᠡᠨ᠂ ᠨᠡᠢᠭᠡᠮ᠎ᠦᠨ ᠲᠤᠰᠠᠯᠠᠮᠵᠢ᠎ᠶ᠋ᠢᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠱᠢᠯᠢ᠎ᠶ᠋ᠢᠨ ᠭᠤᠤᠯ ᠠᠢᠮᠠᠭ᠂ ᠲᠦᠩᠯᠢᠶᠣᠤ ᠬᠣᠲᠠ᠂ ᠣᠷᠳᠣᠰ ᠬᠣᠲᠠ᠂ ᠬᠥᠯᠥᠨ ᠪᠣᠢᠷ ᠬᠣᠲᠠ ᠠᠵᠤ ᠠᠬᠤᠢᠯᠠᠯ᠎ᠢ ᠵᠣᠷᠢᠭ᠍ᠵᠢᠭᠤᠯᠵᠤ 713 ᠬᠥᠮᠦᠨ ᠤᠳᠠᠭ᠎ᠠ᠎ᠳᠤ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ 20.3 ᠲᠦᠮᠡᠨ ᠲᠥᠭᠥᠷᠢᠭ ᠲᠤᠰᠠᠯᠠᠪᠠ; ᠬᠢᠩᠭᠠᠨ ᠠᠢᠮᠠᠭ ᠨᠡᠢᠲᠡ᠎ᠶ᠋ᠢᠨ ᠠᠰᠠᠷᠠᠮᠵᠢ᠎ᠶ᠋ᠢᠨ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ᠎ᠶ᠋ᠢ ᠳᠠᠢᠴᠢᠯᠠᠨ 861 ᠬᠥᠮᠦᠨ᠎ᠳᠦ 8.6 ᠲᠦᠮᠡᠨ ᠲᠥᠭᠥᠷᠢᠭ᠎ᠦᠨ ᠨᠡᠢᠭᠡᠮ᠎ᠦᠨ ᠲᠤᠰᠠᠯᠠᠮᠵᠢ ᠬᠠᠩᠭᠠᠪᠠ᠃ ᠡᠭᠦᠨ᠎ᠡᠴᠡ ᠭᠠᠳᠠᠨ᠎ᠠ᠂ ᠬᠤᠪᠢ ᠬᠥᠮᠦᠨ ᠡᠳ᠋ ᠮᠥᠩᠭᠥ᠎ᠪᠡᠷ ᠲᠤᠰᠠᠯᠠᠬᠤ᠂ ᠦᠷ᠎ᠡ ᠬᠡᠦᠬᠡᠳ᠎ᠨᠢ ᠡᠴᠢᠭᠡ ᠡᠬᠡ᠂ ᠲᠥᠷᠥᠯ ᠰᠠᠳᠤᠨ᠎ᠤ᠎ᠪᠠᠨ ᠳᠠᠭᠠᠳᠭᠠᠯ᠎ᠳᠤ ᠣᠷᠣᠯᠴᠠᠵᠤ ᠰᠦᠶ᠋ᠳᠭᠡᠯ ᠲᠤᠱᠢᠶᠠᠬᠤ᠎ᠳᠤ ᠵᠤᠭᠤᠰ ᠮᠥᠩᠭᠥ᠎ᠪᠡᠷ ᠲᠤᠰᠠᠯᠠᠬᠤ ᠪᠠᠢᠳᠠᠯ ᠡᠳᠦᠷ ᠢᠷᠡᠬᠦᠶ᠎ᠡ ᠣᠯᠠᠱᠢᠷᠠᠵᠤ᠂ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ ᠪᠥᠬᠥ᠌ ᠣᠷᠣᠨ᠎ᠤ 12 ᠠᠢᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ 2.1 ᠲᠦᠮᠡᠨ ᠬᠥᠮᠦᠨ ᠤᠳᠠᠭ᠎ᠠ᠎ᠳᠤ 14526.6 ᠲᠦᠮᠡᠨ ᠲᠥᠭᠥᠷᠢᠭ᠎ᠦᠨ ᠵᠤᠭᠤᠰ ᠮᠥᠩᠭᠥ᠎ᠪᠡᠷ ᠲᠤᠰᠠᠯᠠᠪᠠ᠃ ᠡᠭᠦᠨ᠎ᠳᠦ ᠲᠤᠰᠠᠯᠠᠮᠵᠢ ᠵᠢᠨ ᠬᠠᠮᠤᠭ᠎ᠤᠨ ᠥᠨᠳᠥᠷ ᠲᠠᠰ᠎ᠤᠨ7000 ᠲᠦᠭᠦᠷᠢᠭ ᠳᠤᠰᠢᠶᠠᠬᠰᠠᠨ ᠬᠥᠮᠦᠨ ᠤᠳᠠᠭ᠎ᠠ 2 ᠲᠦᠮᠡ ᠵᠢ ᠳᠠᠪᠠᠵᠦ᠂ 95 % ᠶ᠋ᠢ ᠡᠵᠡᠯᠡᠪᠡ᠃
《ᠬᠠᠮᠲᠤ᠎ᠶ᠋ᠢᠨ ᠨᠥᠬᠥᠪᠥᠷᠢ ᠪᠠ ᠨᠡᠢᠭᠡᠮ᠎ᠦᠨ ᠳᠤᠰᠠᠯᠠᠮᠵᠢ᠎ᠶ᠋ᠢᠨ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠪᠠᠯᠠ ᠮᠦᠩᠬᠦ ᠴᠤᠭ᠍ᠯᠠᠭᠤᠯᠬᠤ ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠶᠡᠬᠡᠪᠡᠷ ᠳᠡᠭᠡᠭ᠌ᠰᠢᠯᠡᠭᠦᠯᠪᠡ》᠃ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠭᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠨᠡᠢᠭᠡᠮ᠎ᠦᠨ ᠳᠠᠭᠠᠳᠭᠠᠯ᠎ᠤᠨ ᠬᠠᠷᠢᠴᠠᠭ᠎ᠠ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠵᠦᠸᠸ ᠨᠠ᠂ ᠣᠳᠣᠬᠠᠨ᠎ᠳᠤ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠬᠠᠮᠲᠤ᠎ᠵᠢᠨ ᠨᠥᠬᠥᠪᠥᠷᠢ ᠪᠠ ᠨᠡᠢᠭᠡᠮ᠎ᠡᠴᠡ ᠲᠤᠰᠠᠯᠠᠬᠤ ᠠᠵᠢᠯ᠎ᠢ ᠠᠬᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠤᠬᠠᠭᠤᠯᠵᠤ ᠬᠦᠳᠦᠯᠥᠨ ᠳᠠᠭᠠᠭᠤᠯᠬᠤ᠎ᠪᠠᠨ ᠭᠦᠨᠵᠡᠭᠡᠢᠷᠡᠭᠦᠯᠵᠦ᠍᠂ ᠠᠵᠢᠯ᠎ᠤᠨ ᠶᠠᠪᠤᠴᠠ᠎ᠪᠠᠨ ᠱᠢᠯᠢᠳᠡᠭ᠌ᠵᠢᠭᠦᠯᠵᠦ᠍᠂ ᠦᠢᠯᠡᠴᠢᠯᠡᠭᠡᠨ᠎ᠦ ᠦᠷ᠎ᠡ ᠪᠦᠲᠦᠮᠵᠢ᠎ᠪᠡᠨ ᠴᠢᠩᠭᠠᠳᠭᠠᠵᠤ᠂ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠠᠪᠠᠭᠤᠯᠢᠭ᠎ᠢᠶᠠᠷ ᠨᠡᠩ ᠤᠯᠠᠨ ᠠᠷᠠᠳ ᠲᠦᠮᠡᠨ᠎ᠳᠦ ᠦᠨᠡᠨ ᠬᠦ᠌ ᠠᠱᠢᠭ ᠬᠦᠷᠲᠡᠭᠡᠵᠦ᠍ ᠪᠠᠢᠨ᠎ᠠ ᠭᠡᠪᠡ᠃