— ᠲᠡᠷᠢᠭᠦᠯᠡᠭ᠌ᠴᠢ ᠰᠢ ᠵᠢᠨ
ᠫᠢᠩ᠎ᠤᠨ ᠴᠢᠯᠥᠭᠡᠯᠡᠬᠦ᠌
ᠴᠡᠷᠢᠭ᠎ᠤᠨ ᠰᠣᠨᠢᠨ᠎ᠤ ᠬᠡᠪᠯᠡᠯ ᠡᠬᠢᠯᠡᠭ᠌ᠰᠡᠨ 70 ᠵᠢᠯ ᠤᠨ ᠤᠢ ᠳ᠋ᠤ ᠢᠯᠡᠭᠡᠭ᠌ᠰᠡᠨ
ᠪᠠᠶᠠᠷ ᠤᠨ ᠵᠠᠬᠢᠳᠠᠯ ᠨᠢ ᠴᠡᠷᠢᠭ
ᠠᠩᠬᠢ ᠶ᠋ᠢᠨ
ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠹᠷᠣᠨᠲ᠎ᠤᠨ ᠬᠢᠨᠢ ᠵᠣᠷᠢᠭ᠍ᠵᠢᠭᠤᠯᠵᠤ
ᠤᠯᠤᠰ ᠵᠢᠨᠨ ᠬᠦᠴᠦᠷᠬᠡᠭ᠌ᠵᠢᠭᠦᠯᠬᠦ᠌
ᠴᠡᠷᠢᠭ᠎ᠢ ᠬᠦᠴᠦᠷᠬᠡᠭ᠌ᠵᠢᠭᠦᠯᠬᠦ᠌
ᠠᠭᠤᠤ
ᠦᠢᠯᠡᠰ᠎ᠢ ᠠᠬᠢᠭᠤᠯᠬᠤ ᠳ᠋ᠤ ᠬᠦᠴᠦᠷᠬᠡᠭ ᠶᠡᠬᠡ
ᠬᠦᠴᠦᠨ
ᠴᠢᠳᠠᠯ᠎ᠢ ᠨᠢᠭ᠍ᠲᠠᠷᠠᠭᠤᠯᠪᠠ
ᠲᠡᠷᠢᠭᠦᠯᠡᠭ᠌ᠴᠢ ᠰᠢ ᠵᠢᠨ ᠫᠢᠩ ᠴᠢᠯᠥᠭᠡᠯᠡᠬᠦ᠌ ᠴᠡᠷᠢᠭ᠎ᠦᠨ ᠰᠣᠨᠢᠨ᠎ᠤ ᠬᠡᠪᠯᠡᠯ ᠡᠬᠢᠯᠡᠭ᠌ᠰᠡᠨ 70 ᠵᠢᠯ᠎ᠦᠨ ᠤᠢ᠎ᠶ᠋ᠢᠨ ᠲᠠᠱᠢᠷᠠᠮ᠎ᠢᠶᠠᠷ ᠪᠠᠶᠠᠷ᠎ᠤᠨ ᠵᠠᠬᠢᠳᠠᠯ ᠢᠯᠡᠭᠡᠵᠦ᠂ ᠴᠡᠷᠢᠭ ᠠᠩᠬᠢ᠎ᠶ᠋ᠢᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ᠎ᠢ ᠲᠣᠭ᠍ᠲᠠᠭᠠᠪᠠ᠃ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ ᠨᠢ ᠴᠡᠷᠢᠭ ᠠᠩᠬᠢ᠎ᠶ᠋ᠢᠨ ᠰᠣᠨᠢᠨ ᠮᠡᠳᠡᠭᠡ ᠬᠡᠪᠯᠡᠯ᠎ᠦᠨ ᠨᠢᠭᠡᠴᠢ᠎ᠳᠦ ᠴᠢᠩᠭ᠎ᠠ ᠲᠤᠰᠭᠠᠯ ᠭᠠᠷᠴᠤ᠌᠂ ᠥᠷᠭᠡᠨ ᠤᠯᠠᠨ ᠰᠤᠷᠪᠤᠯᠵᠢᠯᠠᠨ ᠨᠠᠢᠷᠠᠭᠤᠯᠬᠤ ᠠᠵᠢᠯᠳᠠᠨ ᠲᠤᠢᠯ᠎ᠢᠶᠠᠷ ᠤᠷᠮᠠᠱᠢᠨ ᠵᠣᠷᠢᠭ᠍ᠵᠢᠪᠠ᠃ ᠤᠯᠠᠨ᠎ᠢᠶᠠᠷ᠎ᠢᠶᠠᠨ᠂ ᠲᠡᠷᠢᠭᠦᠯᠡᠭ᠌ᠴᠢ ᠰᠢ ᠵᠢᠨ ᠫᠢᠩ᠎ᠦᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠢᠭ᠍ᠰᠠᠭᠠᠯ᠎ᠤᠨ ᠭᠠᠵᠠᠷ᠎ᠤᠨ ᠤᠬᠠᠮᠰᠠᠷ᠎ᠢᠶᠠᠨ ᠴᠢᠩᠭᠠᠳᠭᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠦᠯᠢᠬᠡᠷ᠎ᠢ ᠰᠠᠢᠲᠤᠷ ᠶᠠᠷᠢᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠢ ᠠᠬᠢᠭᠤᠯᠬᠤ᠎ᠳᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠦ ᠬᠦᠴᠦᠲᠡᠢ ᠳᠡᠮᠵᠢᠯᠭᠡ ᠬᠠᠩᠭᠠᠨ᠎ᠠ ᠭᠡᠵᠦ᠍ ᠢᠯᠡᠳᠭᠡᠵᠡᠭᠡᠪᠡ᠃
ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠳᠤ ᠴᠡᠷᠢᠭ ᠠᠩᠬᠢ᠎ᠶ᠋ᠢᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯ᠎ᠳᠡᠬᠢ ᠭᠦᠨ ᠵᠤᠵᠠᠭᠠᠨ ᠬᠠᠢᠷ᠎ᠠ ᠬᠠᠯᠠᠮᠵᠢ ᠪᠠ ᠴᠢᠩ ᠰᠡᠳᠭᠢᠯ᠎ᠦᠨ ᠬᠦᠰᠡᠯ ᠡᠷᠡᠮᠡᠯᠵᠡᠯ ᠠᠭᠤᠯᠤᠭ᠍ᠳᠠᠵᠤ ᠪᠠᠢᠨ᠎ᠠ᠃ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠴᠢᠯᠥᠭᠡᠯᠡᠬᠦ᠌ ᠴᠡᠷᠢᠭ᠎ᠦᠨ ᠰᠣᠨᠢᠨ ᠮᠡᠳᠡᠭᠡᠨ᠎ᠦ ᠳᠠᠮᠵᠢᠭᠤᠯᠭ᠎ᠠ ᠶ᠋ᠢᠨ ᠲᠥᠪ᠎ᠦᠨ ᠬᠠᠷᠢᠶ᠎ᠠ ᠡᠯ᠎ᠡ ᠵᠠᠭᠤᠴᠢᠯᠠᠭᠤᠷ᠎ᠤᠨ ᠲᠠᠪᠴᠠᠩ᠎ᠤᠨ ᠡᠮᠦᠨ᠎ᠡ ᠹᠷᠣᠨᠲ᠎ᠤᠨ ᠰᠤᠷᠪᠤᠯᠵᠢᠯᠠᠨ ᠨᠠᠢᠷᠠᠭᠤᠯᠬᠤ ᠠᠵᠢᠯᠳᠠᠨ᠂ ᠲᠡᠷᠢᠭᠦᠯᠡᠭ᠌ᠴᠢ ᠰᠢ ᠵᠢᠨ ᠫᠢᠩ᠎ᠦᠨ ᠬᠠᠢᠷ᠎ᠠ ᠬᠠᠯᠠᠮᠵᠢ ᠪᠣᠯᠤᠨ ᠬᠦᠰᠡᠯ ᠡᠷᠡᠮᠡᠯᠵᠡᠯ ᠬᠦᠨᠳᠦ ᠨᠠᠢᠳᠠᠯᠭ᠎ᠠ᠎ᠶ᠋ᠢ ᠨᠠᠷᠢᠨ ᠬᠢᠨᠠᠮᠠᠭᠠᠢ ᠣᠢᠯᠠᠭᠠᠵᠤ᠂ ᠪᠠᠲᠤ ᠴᠢᠩᠭ᠎ᠠ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ ᠡᠭᠦᠷᠭᠡᠲᠦ ᠪᠤᠳᠤᠯ᠎ᠢᠶᠠᠷ ᠡᠯ᠎ᠡ ᠵᠠᠭᠤᠴᠢᠯᠠᠭᠤᠷ᠎ᠤᠨ ᠲᠠᠪᠴᠠᠩ᠎ᠢ ᠨᠡᠩ ᠰᠠᠢ᠌ᠨ ᠨᠡᠩ ᠬᠦᠴᠦᠷᠬᠡᠭ ᠨᠡᠩ ᠶᠡᠬᠡ ᠨᠥᠯᠥᠭᠡᠯᠡᠬᠦ᠌ ᠬᠦᠴᠦᠨ᠎ᠲᠡᠶ ᠪᠤᠯᠭᠠᠨ ᠡᠷᠬᠢᠯᠡᠬᠦ᠌᠎ᠪᠡᠷ ᠴᠢᠷᠮᠠᠢᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
《ᠴᠡᠷᠢᠭ᠎ᠦᠨ ᠰᠣᠨᠢᠨ ᠪᠣᠯ ᠨᠠᠮ᠎ᠤᠨ ᠬᠢ᠂ ᠨᠠᠮ᠎ᠤᠨ ᠰᠡᠳᠭᠢᠯ ᠴᠡᠷᠢᠭ᠎ᠦᠨ ᠰᠡᠳᠭᠢᠯ ᠲᠠᠢ ᠬᠤᠯᠪᠤᠯᠳᠤᠵᠤ ᠪᠠᠢᠳᠠᠭ》᠃ ᠴᠢᠯᠥᠭᠡᠯᠡᠬᠦ᠌ ᠴᠡᠷᠢᠭ᠎ᠦᠨ ᠰᠣᠨᠢᠨ᠎ᠤ ᠤᠯᠤᠰ ᠲᠦᠷᠦ᠍᠎ᠶ᠋ᠢᠨ ᠠᠵᠢᠯ᠎ᠤᠨ ᠰᠣᠨᠢᠨ ᠮᠡᠳᠡᠭᠡᠨ ᠦ ᠨᠠᠢᠷᠠᠭᠤᠯᠬᠤ ᠲᠠᠰᠤᠭ᠎ᠤᠨ ᠡᠷᠬᠢᠯᠡᠭ᠌ᠴᠢ ᠱᠤᠤ ᠸᠧᠢ᠂ ᠲᠡᠷᠢᠭᠦᠯᠡᠭ᠌ᠴᠢ ᠰᠢ ᠵᠢᠨ ᠫᠢᠩ ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠠᠮ᠎ᠤᠨ ᠲᠥᠯᠥᠭᠡ ᠡᠷᠡᠰ ᠪᠠᠲᠤ ᠦᠭᠡ ᠬᠡᠯᠡᠵᠦ᠍᠂ ᠪᠤᠳᠠᠳᠤ ᠪᠠᠢᠯᠳᠤᠭᠠᠨ᠎ᠤ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠴᠡᠷᠢᠭ ᠠᠩᠬᠢ᠎ᠶ᠋ᠢᠨ ᠬᠦᠴᠦᠷᠬᠡᠭ ᠳᠠᠭᠤᠨ᠎ᠢ ᠬᠠᠩᠭᠢᠨᠠᠭᠤᠯᠵᠤ᠂ ᠬᠥᠮᠦᠰ᠎ᠤᠨ ᠰᠡᠳᠭᠢᠯ᠎ᠢ ᠬᠦᠳᠡᠯᠭᠡᠮ᠎ᠠ ᠴᠡᠷᠢᠭ᠎ᠢ ᠬᠦᠴᠦᠷᠬᠡᠭ᠌ᠵᠢᠭᠦᠯᠬᠦ᠌ ᠦᠯᠢᠭᠡᠷ᠎ᠢ ᠰᠠᠢᠲᠤᠷ ᠶᠠᠷᠢᠵᠤ᠂ ᠡᠭᠦᠷᠢᠳᠡ ᠨᠠᠮ᠎ᠯᠤᠭ᠎ᠠ ᠰᠡᠳᠭᠢᠯ ᠨᠢᠭᠡᠳᠴᠦ᠍᠂ ᠴᠡᠷᠢᠭ ᠢ ᠬᠦᠴᠦᠷᠬᠡᠭ᠌ᠵᠢᠭᠦᠯᠬᠦ᠌ᠯᠤᠭᠡ ᠬᠠᠮᠲᠤ ᠤᠷᠤᠭ᠍ᠰᠢᠯᠠᠨ᠎ᠠ ᠭᠡᠵᠦ᠍ ᠬᠡᠯᠡᠪᠡ᠃ ᠪᠠᠢᠯᠳᠤᠭᠠᠨ᠎ᠤ ᠭᠠᠵᠠᠷ᠎ᠤᠨ ᠰᠤᠷᠪᠤᠯᠵᠢᠯᠠᠭ᠍ᠴᠢ᠎ᠶ᠋ᠢᠨ ᠠᠩᠭᠢ᠎ᠶ᠋ᠢᠨ ᠰᠤᠷᠪᠤᠯᠵᠢᠯᠠᠭ᠍ᠴᠢ ᠾᠧᠦ ᠶᠦᠩ ᠪᠥᠸᠧ᠂ ᠤᠯᠤᠰ ᠲᠥᠷᠥ᠎ᠶ᠋ᠢᠨ ᠦᠨᠡᠨᠴᠢ ᠱᠢᠳᠤᠷᠭᠤ᠎ᠶ᠋ᠢ ᠪᠠᠲᠤ ᠴᠤᠭᠴᠠᠯᠠᠵᠤ᠂ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢᠶᠡᠨ ᠳᠠᠪᠲᠠᠨ ᠪᠣᠯᠪᠠᠰᠤᠷᠠᠭᠤᠯᠵᠤ᠂ ᠴᠡᠷᠢᠭ ᠠᠩᠭᠢ᠎ᠶ᠋ᠢᠨ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠦᠵᠡᠯ ᠰᠠᠨᠠᠭ᠎ᠠ᠎ᠲᠠᠶ᠂ ᠬᠠᠢᠷ᠎ᠠ ᠰᠡᠳᠭᠢᠯᠭᠡ᠎ᠲᠡᠶ᠂ ᠴᠢᠨᠠᠷ ᠴᠢᠨᠰᠠᠭ᠎ᠠ᠎ᠲᠠᠶ ᠰᠣᠨᠢᠨ ᠮᠡᠳᠡᠭᠡᠨ᠎ᠦ ᠪᠦᠲᠦᠭᠡᠯ᠎ᠢ ᠵᠣᠬᠢᠶᠠᠨ ᠪᠦᠲᠦᠭᠡᠨ᠎ᠡ ᠭᠡᠵᠦ ᠢᠯᠡᠳᠭᠡᠪᠡ᠃ 《ᠵᠢᠶᠦ᠋ᠨ ᠵᠧᠩ ᠫᠢᠩ ᠠᠵᠢᠯᠯᠠᠬᠤ ᠲᠠᠰᠤᠭ》᠎ᠤ᠋ᠨ ᠨᠠᠢᠷᠠᠭᠤᠯᠤᠭ᠍ᠴᠢ ᠯᠢᠦ᠍ᠶ᠋ᠢᠨ ᠵᠢᠩ᠂ ᠴᠡᠷᠢᠭ ᠠᠩᠭᠢ᠎ᠶ᠋ᠢᠨ ᠰᠦᠯᠵᠢᠶᠡᠨ᠎ᠦ ᠵᠠᠭᠤᠴᠢᠯᠠᠭᠤᠷ᠎ᠤᠨ《ᠬᠣᠱᠢᠭᠤᠴᠢ ᠴᠡᠷᠢᠭ》 ᠪᠣᠯᠤᠭ᠍ᠰᠠᠨ᠎ᠤ ᠬᠤᠪᠢ᠎ᠳᠤ᠂ ᠡᠷᠬᠡᠪᠰᠢ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠵᠤ᠂ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠤᠷᠴᠠ ᠰᠡᠷᠭᠡᠭ᠎ᠢᠶᠡᠷ ᠬᠠᠷᠢᠭᠤᠯᠲᠠ ᠥᠭ᠌ᠴᠦ᠂ ᠵᠣᠷᠢᠭ᠍ᠲᠠᠶ᠎ᠪᠠᠷ ᠣᠭ ᠦᠨᠳᠦᠰᠦ᠎ᠡᠴᠡ ᠨᠢ ᠴᠡᠭ᠌ᠴᠡᠯᠡᠨ ᠵᠠᠰᠠᠵᠤ᠂ ᠭᠠᠵᠢᠭᠤ ᠪᠤᠷᠤᠭᠤ᠎ᠶ᠋ᠢ ᠬᠦᠴᠦᠲᠡᠶ ᠱᠢᠭᠦᠮᠵᠢᠯᠡᠨ ᠨᠢᠴᠤᠭᠠᠵᠤ᠂ ᠰᠦᠯᠵᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠢ ᠡᠷᠡᠰ ᠬᠠᠮᠠᠭᠠᠯᠠᠬᠤ ᠬᠡᠷᠡᠭ᠌ᠲᠡᠶ ᠭᠡᠵᠦ ᠢᠯᠡᠳᠭᠡᠪᠡ᠃
《ᠤᠬᠠᠭᠤᠯᠭ᠎ᠠ᠎ᠶᠢᠨ ᠭᠣᠣᠯ ᠠᠷᠭ᠎ᠠ ᠵᠠᠮ᠂ ᠶᠠᠷᠢᠶ᠎ᠠ ᠬᠡᠯᠡᠯᠴᠡᠭᠡᠨ᠎ᠦ ᠭᠣᠣᠯ ᠤᠳᠤᠷᠢᠳᠤᠮᠵᠢ᠎ᠶᠢᠨ ᠦᠢᠯᠡᠳᠦᠯ ᠢ ᠨᠠᠩ ᠰᠠᠢᠲᠤᠷ ᠪᠠᠳᠠᠷᠠᠭᠤᠯᠵᠤ᠂ ᠳᠠᠷᠤᠭ᠎ᠠ ᠪᠠᠢᠯᠳᠤᠭ᠍ᠴᠢᠳ᠎ᠤᠨ ᠰᠡᠳᠬᠢᠯ ᠳᠦ ᠨᠠᠩ ᠰᠠᠢᠲᠤᠷ ᠬᠠᠳᠠᠩᠰᠢᠭᠤᠯᠵᠤ᠂ ᠴᠡᠷᠢᠭ᠎ᠢ ᠬᠦᠴᠦᠷᠬᠡᠭᠵᠢᠭᠦᠯᠬᠦ ᠥᠯᠢᠭᠡᠷ ᠢ ᠰᠠᠢᠲᠤᠷ ᠶᠠᠷᠢᠵᠤ᠂ ᠴᠡᠷᠢᠭ᠎ᠢ ᠪᠣᠯᠪᠠᠰᠤᠷᠠᠭᠤᠯᠤᠨ ᠲᠡᠶ᠋ᠢᠨ᠎ᠳᠦ ᠪᠡᠯᠡᠳᠬᠡᠬᠦ᠎ᠳᠦ ᠦᠢᠯᠡᠴᠢᠯᠡᠵᠦ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠢᠲᠠᠢ ᠠᠬᠢᠭᠤᠯᠬᠤ᠎ᠳᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠤᠨ᠎ᠠ》᠃ ᠴᠢᠯᠦᠭᠡᠯᠡᠬᠦ ᠴᠡᠷᠢᠭ᠎ᠦᠨ ᠰᠣᠨᠢᠨ ᠮᠡᠳᠡᠭᠡᠨ᠎ᠦ ᠳᠠᠮᠵᠢᠭᠤᠯᠭ᠎ᠠ᠎ᠶᠢᠨ ᠲᠥᠪ ᠵᠢᠴᠢ ᠬᠠᠷᠢᠶ᠎ᠠ ᠡᠯ᠎ᠡ ᠨᠢᠭᠡᠴᠢ᠎ᠶᠢᠨ ᠬᠣᠶᠠᠷ ᠱᠠᠲᠤᠨ᠎ᠤ ᠨᠠᠮ᠎ᠤᠨ ᠬᠣᠷᠢᠶ᠎ᠠ ᠲᠡᠷᠡ ᠳᠠᠷᠤᠢ ᠳ᠋ᠤᠨᠢ ᠲᠤᠰᠬᠠᠢ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠢᠭᠤᠯᠵᠤ ᠲᠡᠷᠢᠭᠦᠯᠡᠭᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ ᠶᠢ ᠰᠤᠷᠤᠯᠴᠠᠪᠠ᠃ ᠰᠤᠷᠤᠯᠴᠠᠵᠤ ᠶᠠᠷᠢᠯᠴᠠᠬᠤ ᠳᠤᠮᠳᠠ᠂ ᠣᠯᠠᠨ᠎ᠢᠶᠠᠷ᠎ᠢᠶᠠᠨ᠂ ᠰᠢᠨ᠎ᠡ ᠠᠶᠠᠨ ᠳᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯ ᠢ ᠰᠠᠢᠲᠤᠷ ᠬᠢᠬᠦ᠎ᠳᠦ᠂ ᠡᠷᠬᠡᠪᠰᠢ ᠨᠠᠮ ᠤᠨ ᠰᠢᠨ᠎ᠡ ᠴᠠᠭ ᠦᠶ᠎ᠡ᠎ᠶᠢᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ᠎ᠶᠢ ᠪᠡᠶᠡᠯᠡᠭᠦᠯᠬᠦ᠂ ᠤᠳᠤᠷᠢᠳᠤᠮᠵᠢ ᠶᠢ ᠲᠣᠭᠲᠠᠭᠠᠬᠤ᠂ ᠴᠡᠷᠢᠭ᠎ᠦᠨ ᠰᠡᠳᠬᠢᠯ᠎ᠢ ᠨᠢᠭ᠍ᠲᠠᠷᠠᠭᠤᠯᠬᠤ᠂ ᠴᠡᠷᠢᠭ᠎ᠦᠨ ᠡᠷᠴᠢ ᠵᠣᠷᠢᠭ᠋᠎ᠢ ᠬᠥᠪᠴᠢᠯᠡᠬᠦ᠂ ᠡᠭᠦᠷᠭᠡᠯᠡᠯ᠎ᠢ ᠴᠢᠩᠭᠠᠳᠬᠠᠬᠤ᠎ᠶᠢ ᠪᠠᠲᠤ ᠡᠵᠡᠮᠳᠡᠵᠦ᠂ ᠥᠷᠭᠡᠨ ᠣᠯᠠᠨ ᠳᠠᠷᠤᠭ᠎ᠠ ᠪᠠᠢᠯᠳᠤᠭ᠍ᠴᠢᠳ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠰᠤᠷᠤᠯᠴᠠᠬᠤ᠂ ᠴᠡᠷᠢᠭ᠎ᠢ ᠬᠦᠴᠦᠷᠬᠡᠭᠵᠢᠭᠦᠯᠬᠦ ᠦᠢᠯᠡᠰ᠎ᠲᠦ ᠭᠠᠪᠢᠶ᠎ᠠ ᠪᠠᠶ᠋ᠢᠭᠤᠯᠬᠤ ᠢᠳᠡᠪᠬᠢᠵᠢᠯ ᠪᠠ ᠪᠦᠲᠦᠭᠡᠯᠴᠢ ᠴᠢᠨᠠᠷ᠎ᠢ ᠵᠣᠷᠢᠭ᠍ᠵᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠵᠢᠨ ᠲᠦᠯᠦᠭᠡ ᠡᠷᠡᠮᠡᠭᠡᠢᠯᠡᠨ ᠤᠷᠤᠭᠰᠢᠯᠠᠬᠤ᠎ᠳᠤ ᠣᠶᠤᠨ ᠤᠬᠠᠭᠠᠨ᠎ᠢ ᠨᠢᠭᠲᠠᠷᠠᠭᠤᠯᠵᠤ ᠬᠦᠴᠦᠨ ᠴᠢᠳᠠᠯ᠎ᠢ ᠬᠤᠷᠠᠮᠳᠤᠭᠤᠯᠬᠤ ᠬᠡᠷᠡᠭᠲᠡᠢ ᠭᠡᠳᠡᠭ᠎ᠢ ᠭᠦᠨᠵᠡᠭᠡᠢ ᠣᠢᠯᠠᠭᠠᠪᠠ᠃
《ᠪᠢᠳᠡ ᠨᠠᠮ ᠤᠨ ᠬᠢ ᠪᠠᠢᠬᠤ ᠴᠡᠷᠢᠭ᠎ᠤᠨ ᠲᠦᠯᠦᠭᠡ ᠭᠡᠬᠦ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ ᠲᠥᠷᠥᠴᠢᠨ ᠰᠣᠨᠢᠨ ᠡᠷᠬᠢᠯᠡᠬᠦ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠵᠥᠪ ᠤᠯᠤᠰ ᠲᠦᠷᠦ᠎ᠶᠢᠨ ᠴᠢᠭᠯᠡᠯ ᠪᠣᠯᠣᠨ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶᠢ ᠡᠵᠡᠮᠳᠡᠬᠦ ᠬᠡᠷᠡᠭᠲᠡᠢ》᠃ ᠲᠡᠷᠢᠭᠦᠯᠡᠭᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠭᠠᠳ ᠬᠠᠭᠤᠷᠠᠢ ᠵᠠᠮ᠎ᠤᠨ ᠴᠡᠷᠢᠭ᠎ᠦᠨ ᠤᠯᠤᠰ ᠲᠦᠷᠦ᠎ᠶᠢᠨ ᠠᠵᠢᠯ᠎ᠤᠨ ᠬᠡᠯᠲᠡᠰ᠎ᠦᠨ ᠰᠤᠷᠲᠠᠯ ᠤᠬᠠᠭᠤᠯᠭ᠎ᠠ ᠰᠣᠶᠣᠯ᠎ᠤᠨ ᠲᠥᠪ᠎ᠦᠨ ᠨᠠᠮ᠎ᠤᠨ ᠬᠤᠷᠢᠶ᠎ᠠ᠎ᠵᠢᠨ ᠤᠳᠤᠷᠢᠳᠬᠤ ᠪᠠᠭ᠎ᠤᠨ ᠬᠢᠨ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ᠂ ᠲᠤᠬ᠎ᠢ ᠵᠣᠷᠢᠭ᠍ᠲᠠᠢ ᠮᠠᠨᠳᠤᠭᠤᠯᠬᠤ᠂ ᠭᠠᠪᠱᠢᠭᠠᠢᠯᠠᠨ ᠤᠷᠤᠭᠰᠢᠯᠠᠬᠤ᠂ ᠬᠣᠰᠢᠭᠤᠴᠢ ᠪᠣᠯᠬᠤ᠂ ᠴᠡᠷᠢᠭ ᠠᠩᠭᠢ᠎ᠶᠢᠨ ᠭᠣᠣᠯ ᠵᠠᠭᠤᠴᠢᠯᠠᠭᠤᠷ᠎ᠤᠨ《ᠲᠤᠭᠲᠠᠭᠠᠭᠴᠢ》᠂ 《ᠲᠤᠭᠲᠠᠪᠤᠷᠢᠵᠢᠭᠤᠯᠤᠭᠴᠢ》 ᠵᠢᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠦᠵᠡᠵᠡᠭᠡᠪᠡ᠃
ᠠᠷᠠᠳ᠎ᠤᠨ ᠬᠠᠭᠤᠷᠠᠢ ᠵᠠᠮ᠎ᠤᠨ ᠴᠡᠷᠢᠭ᠎ᠦᠨ ᠰᠣᠨᠢᠨ᠎ᠤ ᠰᠤᠷᠪᠤᠯᠵᠢᠯᠠᠨ ᠨᠠᠢᠷᠠᠭᠤᠯᠬᠤ ᠠᠵᠢᠯᠲᠠᠳ ᠰᠤᠷᠤᠯᠴᠠᠯᠭ᠎ᠠ ᠳᠤᠮᠳᠠ ᠪᠠᠨ᠂ ᠤᠯᠤᠰ ᠲᠥᠷᠥ᠎ᠪᠡᠷ ᠴᠡᠷᠢᠭ ᠪᠠᠶ᠋ᠢᠭᠤᠯᠬᠤ᠎ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠤᠯᠤᠰ ᠲᠥᠷᠥ᠎ᠪᠡᠷ ᠴᠡᠷᠢᠭ ᠪᠠᠶ᠋ᠢᠭᠤᠯᠬᠤ ᠠᠷᠭ᠎ᠠ ᠪᠣᠳᠣᠯᠭ᠎ᠠ᠎ᠶᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠵᠤ᠂ ᠨᠠᠮ᠎ᠤᠨ ᠰᠢᠨ᠎ᠡ᠎ᠶᠢ ᠡᠭᠦᠳᠬᠦ ᠣᠨᠣᠯ ᠵᠢᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ᠎ᠪᠡᠨ ᠵᠢᠯᠣᠭᠣᠳᠤᠭᠤᠯᠬᠤ᠂ ᠠᠵᠢᠯ᠎ᠢᠶᠠᠨ ᠠᠬᠢᠭᠤᠯᠬᠤ᠎ᠶᠢ ᠤᠬᠠᠭᠤᠯᠵᠤ ᠬᠥᠲᠥᠯᠥᠨ ᠵᠢᠯᠤᠭᠣᠳᠬᠤ ᠡᠷᠴᠢᠮ᠎ᠢᠶᠡᠨ ᠴᠢᠩᠭᠠᠷᠠᠭᠤᠯᠵᠤ᠂ ᠡᠯ᠎ᠡ ᠱᠠᠲᠤᠨ᠎ᠤ ᠬᠢᠨ᠎ᠤ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠬᠤ᠂ ᠨᠠᠮ᠎ᠤᠨ ᠪᠠᠢᠭᠤᠯᠤᠯᠲᠠ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠬᠥᠮᠥᠨ᠎ᠦ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠵᠡᠷᠭᠡ ᠲᠠᠯ᠎ᠠ᠎ᠶᠢᠨ ᠪᠣᠳᠠᠲᠠᠢ ᠦᠷ᠎ᠡ ᠪᠦᠲᠦᠮᠵᠢ᠎ᠶᠢ ᠢᠳᠡᠪᠬᠢᠲᠡᠢ ᠲᠤᠰᠬᠠᠬᠤ ᠬᠡᠷᠡᠭᠲᠡᠢ ᠭᠡᠵᠦ ᠢᠯᠡᠳᠬᠡᠵᠡᠭᠡᠪᠡ᠃
《ᠤᠳᠤ ᠦᠶ᠎ᠡ ᠶᠢᠨ ᠰᠣᠨᠢᠨ ᠮᠡᠳᠡᠭᠡᠨ᠎ᠦ ᠳᠠᠮᠵᠢᠭᠤᠯᠭ᠎ᠠ᠎ᠶᠢᠨ ᠵᠢᠮ᠎ᠡ ᠶᠣᠰᠣ᠌᠎ᠶᠢ ᠡᠵᠡᠮᠳᠡᠵᠦ᠂ ᠵᠢᠭ᠍ᠰᠠᠭᠠᠯ᠎ᠤᠨ ᠭᠠᠵᠠᠷ᠎ᠤᠨ ᠤᠬᠠᠮᠰᠠᠷ᠎ᠢᠶᠠᠨ ᠴᠢᠩᠭᠠᠳᠬᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠎ᠶᠢ ᠪᠠᠷᠢᠮᠲᠠᠯᠠᠵᠤ᠂ ᠢᠳᠡᠪᠬᠢᠲᠡᠢ᠎ᠪᠡᠷ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠨᠡᠩ ᠪᠦᠲᠦᠮᠵᠢᠲᠡᠢ ᠤᠳᠤ ᠦᠶ᠎ᠡ᠎ᠶᠢᠨ ᠴᠡᠷᠢᠭ᠎ᠦᠨ ᠶᠠᠪᠤᠳᠠᠯ᠎ᠤᠨ ᠳᠠᠮᠵᠢᠭᠤᠯᠭ᠎ᠠ᠎ᠶᠢᠨ ᠰᠢᠰᠲ᠋ᠸᠮ᠎ᠢ ᠪᠠᠶ᠋ᠢᠭᠤᠯᠬᠤ᠎ᠶᠢ ᠠᠬᠢᠭᠤᠯᠬᠤ ᠬᠡᠷᠡᠭᠲᠡᠢ》᠃ ᠲᠡᠷᠢᠭᠦᠯᠡᠭᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠣᠢᠯᠠᠭᠠᠭᠠᠳ᠂ ᠲᠠᠯᠠᠢ᠎ᠶᠢᠨ ᠴᠡᠷᠢᠭ᠎ᠦᠨ ᠤᠯᠤᠰ ᠲᠦᠷᠦ᠎ᠶᠢᠨ ᠠᠵᠢᠯ᠎ᠤᠨ ᠬᠡᠯᠲᠡᠰ᠎ᠦᠨ ᠰᠤᠷᠲᠠᠯ ᠤᠬᠠᠭᠤᠯᠭ᠎ᠠ ᠰᠣᠶᠣᠯ᠎ᠤᠨ ᠲᠥᠪ᠎ᠦᠨ ᠨᠠᠮ᠎ᠤᠨ ᠬᠤᠷᠢᠶ᠎ᠠ᠎ᠵᠢᠨ ᠤᠳᠤᠷᠢᠳᠬᠤ ᠪᠠᠭ᠎ᠤᠨ ᠬᠢᠨ᠂ ᠣᠳᠣᠬᠠᠨ᠎ᠳᠤ ᠰᠣᠨᠢᠨ ᠮᠡᠳᠡᠭᠡᠨ᠎ᠦ ᠳᠠᠮᠵᠢᠭᠤᠯᠭ᠎ᠠ᠎ᠶᠢᠨ ᠬᠤᠪᠢᠶᠠᠷᠢ ᠤᠯᠠᠨ᠂ ᠠᠷᠭ᠎ᠠ ᠵᠠᠮ ᠤᠯᠠᠨ᠂ ᠬᠡᠯᠪᠡᠷᠢ ᠪᠠᠢᠳᠠᠯᠤᠯᠠᠨ ᠣᠨᠴᠠᠯᠢᠭ᠋ ᠨᠡᠩ ᠢᠯᠡᠷᠬᠡᠢ ᠪᠣᠯᠵᠠᠢ᠂ ᠭᠣᠣᠯ ᠵᠠᠭᠤᠴᠢᠯᠠᠭᠤᠷ᠎ᠤᠨ ᠰᠢᠰᠲ᠋ᠸᠮ᠎ᠤᠨ ᠴᠢᠨᠠᠷᠲᠠᠢ ᠬᠤᠪᠢᠰᠤᠯᠲᠠ᠎ᠶᠢᠨ ᠬᠠᠨᠳᠤᠰᠢ᠎ᠳᠤ ᠵᠣᠬᠢᠴᠠᠵᠤ᠂ ᠳᠠᠮᠵᠢᠭᠤᠯᠭ᠎ᠠ᠎ᠶᠢᠨ ᠣᠢᠯᠠᠭᠠᠭᠳᠠᠬᠤᠨ᠎ᠢᠶᠠᠨ ᠰᠢᠨᠡᠴᠢᠯᠡᠵᠦ᠂ ᠲᠠᠪᠴᠠᠩ᠎ᠤᠨ ᠰᠢᠰᠲ᠋ᠸᠮ᠎ᠢᠶᠡᠨ ᠲᠡᠰ ᠳᠡᠪᠰᠢᠭᠦᠯᠵᠦ᠂ ᠠᠵᠢᠯ᠎ᠤᠨ ᠠᠵᠢᠯᠯᠠᠭᠠᠨ ᠪᠣᠯᠣᠨ ᠵᠠᠭᠤᠴᠢᠯᠠᠭᠤᠷ᠎ᠤᠨ ᠬᠠᠮᠢᠶᠠᠷᠤᠯᠲᠠ᠎ᠶᠢᠨ ᠲᠣᠭᠲᠠᠴᠠ᠎ᠪᠠᠨ ᠰᠢᠯᠢᠳᠡᠭᠵᠢᠭᠦᠯᠵᠦ᠂ ᠤᠳᠤ ᠦᠶ᠎ᠡ᠎ᠶᠢᠨ ᠴᠡᠷᠢᠭ᠎ᠦᠨ ᠶᠠᠪᠤᠳᠠᠯ᠎ᠤᠨ ᠳᠠᠮᠵᠢᠭᠤᠯᠭ᠎ᠠ᠎ᠶᠢᠨ ᠰᠢᠰᠲ᠋ᠸᠮ᠎ᠤᠨ ᠠᠭᠤᠰᠤᠯᠴᠠᠯ᠎ᠤᠨ ᠦᠷ᠎ᠡ ᠠᠰᠢᠭ᠋ ᠢ ᠨᠡᠮᠡᠭᠳᠡᠭᠦᠯᠬᠦ᠎ᠶᠢ ᠠᠬᠢᠭᠤᠯᠬᠤ ᠬᠡᠷᠡᠭᠲᠡᠢ ᠭᠡᠵᠦ ᠢᠯᠡᠳᠬᠡᠵᠡᠭᠡᠪᠡ᠃
ᠰᠤᠷᠤᠯᠴᠠᠨ ᠶᠠᠷᠢᠯᠴᠠᠬᠤ ᠳᠤᠮᠳᠠ᠂ ᠠᠷᠠᠳ᠎ᠤᠨ ᠳᠠᠯᠠᠢ᠎ᠶᠢᠨ ᠴᠡᠷᠢᠭ᠎ᠦᠨ ᠰᠣᠨᠢᠨ᠎ᠤ ᠰᠤᠷᠪᠤᠯᠵᠢᠯᠠᠬᠤ ᠨᠠᠢᠷᠠᠭᠤᠯᠬᠤ ᠠᠵᠢᠯᠲᠠᠳ᠂ ᠮᠠᠷᠺᠰ᠎ᠤᠨ ᠦᠵᠡᠯ᠎ᠦᠨ ᠰᠣᠨᠢᠨ ᠮᠡᠳᠡᠭᠡᠨ᠎ᠦ ᠦᠵᠡᠯᠲᠡ᠎ᠶᠢ ᠪᠠᠷᠢᠮᠲᠠᠯᠠᠵᠤ᠂ ᠦᠨᠡᠨ᠎ᠡᠴᠡ ᠵᠥᠪ᠎ᠢ ᠡᠷᠢᠬᠦ ᠵᠠᠷᠴᠢᠮ᠎ᠤᠨ ᠱᠠᠭᠠᠷᠳᠠᠯᠭ᠎ᠠ᠎ᠶᠢ ᠲᠤᠭᠤᠰᠢᠯᠠᠭᠤᠯᠵᠤ᠂ ᠵᠠᠭᠤᠴᠢᠯᠠᠭᠤᠷ᠎ᠤᠨ ᠪᠠᠢᠷᠢᠰᠢᠯ᠂ ᠶᠠᠷᠢᠶ᠎ᠠ ᠬᠡᠯᠡᠯᠴᠡᠭᠡᠨ᠎ᠦ ᠠᠮᠢ ᠠᠬᠤᠢ᠂ ᠬᠦᠯᠢᠶᠡᠨ ᠠᠪᠤᠭ᠍ᠴᠢᠳ᠂ ᠳᠠᠮᠵᠢᠭᠤᠯᠭ᠎ᠠ᠎ᠶᠢᠨ ᠮᠡᠷᠭᠡᠵᠢᠯ᠎ᠦᠨ ᠭᠦᠨᠵᠡᠭᠡᠢ ᠬᠤᠪᠢᠷᠠᠯᠲᠠ᠎ᠳᠤ ᠵᠣᠬᠢᠴᠠᠬᠤ ᠪᠠ ᠲᠡᠭᠦᠨ᠎ᠢ ᠡᠵᠡᠮᠳᠡᠵᠦ᠂ ᠣᠢᠯᠠᠭᠠᠭᠳᠠᠬᠤᠨ᠂ ᠠᠭᠤᠯᠭ᠎ᠠ᠂ ᠠᠷᠭ᠎ᠠ ᠪᠠᠷᠢᠯ᠂ ᠪᠠᠢᠭᠤᠯᠤᠯ ᠲᠣᠭᠲᠡᠴᠡ ᠵᠡᠷᠭᠡ ᠪᠦᠬᠦ ᠲᠠᠯ᠎ᠠ᠎ᠶᠢᠨ ᠰᠢᠨ᠎ᠡ ᠡᠭᠦᠳᠦᠯᠲᠡ᠎ᠶᠢ ᠦᠷᠭᠦᠯᠵᠢᠯᠡᠨ ᠠᠬᠢᠭᠤᠯᠵᠤ᠂ ᠳᠠᠮᠵᠢᠭᠤᠯᠭ᠎ᠠ᠎ᠶᠢᠨ ᠬᠦᠴᠦᠨ᠂ ᠬᠥᠲᠥᠯᠥᠨ ᠵᠢᠯᠤᠭᠣᠳᠬᠤ ᠬᠦᠴᠦᠨ᠂ ᠨᠥᠯᠥᠭᠡᠯᠡᠬᠦ ᠬᠦᠴᠦᠨ᠎ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃
《ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠤᠯᠠᠮᠵᠢᠯᠠᠵᠤ᠂ ᠴᠡᠷᠢᠭ᠎ᠢ ᠬᠦᠴᠦᠷᠬᠡᠭᠵᠢᠭᠦᠯᠦᠭᠰᠡᠨ ᠦᠯᠢᠭᠡᠷ᠎ᠢ ᠰᠠᠢᠲᠤᠷ ᠶᠠᠷᠢᠵᠤ᠂ ᠴᠡᠷᠢᠭ᠎ᠢ ᠬᠦᠴᠦᠷᠬᠡᠭᠵᠢᠭᠦᠯᠬᠦ ᠬᠦᠴᠦᠨ᠎ᠢ ᠨᠢᠭ᠍ᠲᠠᠷᠠᠭᠤᠯᠬᠤ ᠪᠣᠯ ᠰᠢᠨ᠎ᠡ ᠴᠠᠭ ᠦᠶ᠎ᠡ᠎ᠡᠴᠡ ᠪᠢᠳᠡᠨ᠎ᠳᠦ ᠳᠠᠭᠠᠭᠠᠯᠭᠠᠭᠰᠠᠨ ᠲᠠᠷᠬᠠᠨ ᠡᠭᠦᠷᠭᠡ ᠮᠥᠨ》᠃ ᠠᠭᠠᠷ᠎ᠤᠨ ᠴᠡᠷᠢᠭ᠎ᠦᠨ ᠤᠯᠤᠰ ᠲᠦᠷᠦ ᠶᠢᠨ ᠠᠵᠢᠯ ᠤᠨ ᠬᠡᠯᠲᠡᠰ ᠦᠨ ᠰᠤᠷᠲᠠᠯ ᠤᠬᠠᠭᠤᠯᠭ᠎ᠠ ᠰᠣᠶᠣᠯ ᠤᠨ ᠲᠥᠪ ᠦᠨ ᠨᠠᠮ ᠤᠨ ᠬᠣᠷᠢᠶ᠎ᠠ ᠶᠢᠨ ᠬᠢᠨ ᠲᠡᠷᠢᠭᠦᠯᠡᠭᠴᠢ ᠰᠢ᠎ᠶᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠲᠤᠰᠬᠠᠢ ᠰᠡᠳᠦᠪ᠎ᠢᠶᠡᠷ ᠰᠤᠷᠤᠯᠴᠠᠬᠤ ᠳᠤᠮᠳᠠ ᠬᠠᠮᠲᠤ᠎ᠶᠢᠨ ᠲᠠᠨᠢᠯᠲᠠ᠎ᠪᠠᠨ ᠤᠯᠠᠮ ᠪᠠᠲᠤᠳᠬᠠᠪᠠ᠄ ᠳᠠᠷᠤᠭ᠎ᠠ ᠪᠠᠢᠯᠳᠤᠭ᠍ᠴᠢ ᠭᠡᠬᠦ ᠡᠨᠡ ᠬᠦ᠌ ᠴᠡᠷᠢᠭ᠎ᠢ ᠬᠦᠴᠦᠷᠬᠡᠭᠵᠢᠭᠦᠯᠬᠦ ᠭᠣᠣᠯ ᠴᠣᠭᠴᠠ᠎ᠳᠤ ᠬᠠᠨᠳᠤᠭᠤᠯᠤᠨ ᠰᠢᠨ᠎ᠡ ᠴᠠᠭ ᠦᠶ᠎ᠡ᠎ᠶᠢᠨ ᠴᠡᠷᠢᠭ᠎ᠢ ᠬᠦᠴᠦᠷᠬᠡᠭᠵᠢᠭᠦᠯᠦᠭᠰᠡᠨ ᠦᠯᠢᠭᠡᠷ᠎ᠢ ᠰᠠᠢᠲᠤᠷ ᠶᠠᠷᠢᠵᠤ᠂ ᠬᠥᠮᠥᠨ᠎ᠢ ᠬᠥᠮᠥᠵᠢᠭᠦᠯᠬᠦ᠂ ᠬᠥᠮᠥᠨ᠎ᠢ ᠴᠤᠭᠴᠠᠯᠠᠬᠤ᠂ ᠬᠥᠮᠥᠨ᠎ᠢ ᠤᠷᠮᠠᠰᠢᠭᠤᠯᠤᠨ ᠵᠣᠷᠢᠭ᠍ᠵᠢᠭᠤᠯᠬᠤ ᠲᠠᠯ᠎ᠠ᠎ᠪᠠᠷ ᠦᠨᠡᠨ ᠬᠦ᠌ ᠨᠡᠩ ᠶᠡᠬᠡ ᠦᠷ᠎ᠡ ᠪᠦᠲᠦᠮᠵᠢ ᠣᠯᠬᠤ ᠬᠡᠷᠡᠭᠲᠡᠢ᠃
ᠠᠭᠠᠷ᠎ᠤᠨ ᠴᠡᠷᠢᠭ ᠦᠨ ᠰᠣᠨᠢᠨ᠎ᠤ ᠰᠣᠷᠪᠤᠯᠵᠢᠯᠠᠬᠤ ᠨᠠᠢᠷᠠᠭᠤᠯᠬᠤ ᠠᠵᠢᠯᠲᠠᠳ᠂ ᠭᠦᠨᠵᠡᠭᠡᠢᠷᠡᠬᠦ ᠴᠢᠳᠠᠪᠤᠷᠢ᠂ ᠠᠵᠢᠭᠯᠠᠬᠤ ᠴᠢᠳᠠᠪᠤᠷᠢ᠂ ᠰᠡᠳᠬᠢᠬᠦ ᠴᠢᠳᠠᠪᠤᠷᠢ᠂ ᠪᠢᠴᠢᠬᠦ ᠴᠢᠳᠠᠪᠤᠷᠢ ᠪᠡᠨ ᠳᠠᠰᠤᠷᠠᠯᠳᠠ ᠦᠭᠡᠢ ᠳᠠᠪᠲᠠᠨ ᠪᠣᠯᠪᠠᠰᠤᠷᠠᠭᠤᠯᠵᠤ᠂ ᠪᠠᠶᠠᠯᠢᠭ᠋ ᠠᠮᠢᠳᠤᠯᠢᠭ᠋ ᠴᠡᠷᠢᠭ᠎ᠢ ᠬᠦᠴᠦᠷᠬᠡᠭᠵᠢᠭᠦᠯᠬᠦ ᠦᠢᠯᠡᠳᠦᠯᠭᠡ ᠳᠤᠮᠳᠠ᠎ᠡᠴᠡ ᠰᠢᠨ᠎ᠡ᠎ᠶᠢ ᠡᠭᠦᠳᠬᠦ ᠡᠬᠢ ᠰᠤᠷᠪᠤᠯᠵᠢ᠎ᠶᠢ ᠣᠯᠬᠤ᠎ᠳᠠᠭᠠᠨ ᠴᠢᠳᠠᠮᠠᠭᠠᠢ ᠪᠠᠢᠵᠤ᠂ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠲᠤᠰᠬᠠᠭᠰᠠᠨ᠂ ᠴᠡᠷᠢᠭ ᠠᠩᠭᠢ᠎ᠶᠢᠨ ᠣᠨᠴᠠᠯᠢᠭ᠋᠎ᠲᠠᠢ᠂ ᠬᠠᠢᠷ᠎ᠠ ᠰᠡᠳᠬᠢᠯᠭᠡ᠎ᠶᠢ ᠴᠤᠤᠷᠢᠶᠠᠲᠤᠭᠰᠠᠨ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠦᠵᠡᠯ ᠰᠠᠨᠠᠭ᠎ᠠ᠎ᠲᠦ ᠴᠢᠨᠠᠷ᠂ ᠠᠭᠤᠯᠤᠭᠳᠠᠬᠤᠨ᠎ᠳᠤ ᠴᠢᠨᠠᠷ᠂ ᠤᠩᠰᠢᠪᠤᠷᠢ᠎ᠲᠦ ᠴᠢᠨᠠᠷ᠎ᠢ ᠴᠢᠩᠭᠠᠳᠬᠠᠵᠤ᠂ ᠳᠠᠷᠤᠭ᠎ᠠ ᠪᠠᠢᠯᠳᠤᠭ᠍ᠴᠢᠳ᠎ᠢ 《ᠵᠠᠪᠠᠯ ᠦᠵᠡᠬᠦ᠂ ᠲᠤᠷᠠᠲᠠᠢ ᠦᠵᠡᠬᠦ᠂ ᠪᠠᠬᠠᠲᠠᠢ ᠦᠵᠡᠬᠦ》 ᠪᠣᠯᠭᠠᠨ᠎ᠠ ᠭᠡᠵᠦ ᠢᠯᠡᠳᠬᠡᠪᠡ᠃
《ᠴᠡᠷᠢᠭ᠎ᠢ ᠬᠦᠴᠦᠷᠬᠡᠭᠵᠢᠭᠦᠯᠬᠦ ᠦᠢᠯᠡᠰ᠎ᠤᠨ ᠲᠥᠯᠥᠭᠡ ᠵᠤᠷᠢᠭ ᠵᠢᠡᠨ ᠬᠦᠪᠴᠢᠯᠡᠨ ᠤᠷᠢᠶᠠᠯᠠᠨ ᠳᠠᠭᠤᠳᠠᠵᠦ᠂ ᠪᠢᠳᠡ ᠴᠠᠭ ᠲᠣᠬᠢᠶᠠᠯ᠎ᠢ ᠠᠮᠵᠢᠵᠤ᠂ ᠶᠡᠬᠡ ᠦᠢᠯᠡᠰ᠎ᠢ ᠪᠦᠲᠦᠭᠡᠵᠦ ᠪᠣᠯᠣᠨ᠎ᠠ》᠃ ᠲᠡᠷᠢᠭᠦᠯᠡᠭᠴᠢ ᠰᠢ᠎ᠶᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠣᠢᠯᠠᠭᠠᠵᠤ᠂ ᠲᠡᠢᠷᠦᠯᠲᠦ ᠰᠤᠮᠤ᠎ᠶᠢᠨ ᠴᠡᠷᠢᠭ᠎ᠦᠨ ᠤᠯᠤᠰ ᠲᠥᠷᠥ᠎ᠶᠢᠨ ᠠᠵᠢᠯ᠎ᠤᠨ ᠬᠡᠯᠲᠡᠰ᠎ᠦᠨ ᠤᠬᠠᠭᠤᠯᠭ᠎ᠠ ᠰᠣᠶᠣᠯ᠎ᠤᠨ ᠲᠥᠪ᠎ᠦᠨ ᠨᠠᠮ᠎ᠤᠨ ᠬᠣᠷᠢᠶ᠎ᠡ ᠵᠢᠨ ᠬᠢᠨ᠂ ᠴᠢᠨᠠᠷ ᠰᠠᠢᠲᠠᠢ ᠬᠥᠭᠵᠢᠯᠲᠡ ᠭᠡᠬᠦ ᠡᠨᠡ ᠬᠦ᠌ ᠭᠣᠣᠯ ᠰᠡᠳᠦᠪ᠎ᠢ ᠭᠦᠨᠵᠡᠭᠡᠢ ᠡᠵᠡᠮᠳᠡᠵᠦ᠂ ᠵᠠᠭᠤᠴᠢᠯᠠᠭᠤᠷ ᠵᠢᠡᠷ ᠲᠦᠷᠦ᠎ᠶᠢᠨ ᠪᠣᠳᠣᠯᠭ᠎ᠠ᠎ᠶᠢ ᠤᠬᠠᠭᠤᠯᠬᠤ᠂ ᠳᠠᠷᠤᠭ᠎ᠠ ᠪᠠᠢᠯᠳᠤᠭ᠍ᠴᠢᠳ᠎ᠢ ᠳᠠᠢᠴᠢᠯᠠᠬᠤ᠂ ᠲᠤᠷᠰᠢᠯᠭ᠎ᠠ᠎ᠶᠢ ᠤᠯᠠᠮᠵᠢᠯᠠᠬᠤ᠂ ᠠᠵᠢᠯ᠎ᠢ ᠵᠢᠯᠤᠭᠣᠳᠬᠤ ᠵᠡᠷᠭᠡ ᠴᠢᠳᠠᠪᠬᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ᠎ᠤ ᠴᠡᠷᠢᠭ᠎ᠦᠨ ᠶᠠᠪᠤᠳᠠᠯ᠎ᠤᠨ ᠵᠠᠰᠠᠯᠲᠠ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠬᠠᠤᠯᠢ᠎ᠪᠠᠷ ᠴᠡᠷᠢᠭ᠎ᠢ ᠵᠠᠰᠠᠬᠤ ᠵᠡᠷᠭᠡ ᠤᠬᠠᠮᠰᠠᠷ ᠪᠣᠯᠣᠨ ᠴᠢᠳᠠᠪᠤᠷᠢ᠎ᠪᠠᠨ ᠴᠢᠩᠭᠠᠳᠬᠠᠬᠤ᠎ᠶᠢ ᠬᠥᠲᠥᠯᠥᠨ ᠵᠢᠯᠤᠭᠣᠳᠴᠤ᠂ ᠳᠠᠷᠤᠭ᠎ᠠ ᠪᠠᠢᠯᠳᠤᠭ᠍ᠴᠢᠳ᠎ᠤᠨ ᠤᠶᠤᠨ ᠤᠬᠠᠭᠠᠨ ᠬᠦᠴᠦᠨ ᠴᠢᠳᠠᠯ ᠢ ᠨᠢᠭ᠍ᠲᠠᠷᠠᠭᠤᠯᠵᠤ᠂ ᠲᠡᠮᠡᠴᠡᠯ᠎ᠢᠶᠡᠷ ᠴᠡᠷᠢᠭ᠎ᠢ ᠬᠦᠴᠦᠷᠬᠡᠭᠵᠢᠭᠦᠯᠬᠦ ᠬᠥᠳᠡᠯᠭᠡᠬᠦ ᠬᠦᠴᠦᠨ ᠢ ᠬᠥᠭᠵᠢᠭᠡᠨ᠎ᠡ ᠭᠡᠵᠤ ᠢᠯᠡᠳᠬᠡᠪᠡ᠃
ᠲᠡᠢᠷᠦᠯᠲᠦ ᠰᠤᠮᠤ᠎ᠶᠢᠨ ᠴᠡᠷᠢᠭ᠎ᠦᠨ ᠰᠣᠨᠢᠨ᠎ᠤ ᠰᠤᠷᠪᠤᠯᠵᠢᠯᠠᠬᠤ ᠨᠠᠢᠷᠠᠭᠤᠯᠬᠤ ᠠᠵᠢᠯᠲᠠᠳ᠂ ᠳᠠᠢ᠍ᠢᠨ᠎ᠳᠦ ᠪᠡᠯᠡᠳᠬᠡᠬᠦ ᠪᠣᠭᠣᠮᠲᠠ ᠰᠢᠪᠲᠤᠯᠬᠤ᠂ ᠴᠡᠷᠢᠭ᠎ᠦᠨ ᠶᠠᠪᠤᠳᠠᠯ᠎ᠤᠨ ᠡᠮᠦᠨ᠎ᠡ ᠹᠷᠣᠨᠲ᠎ᠤᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠠᠭᠤᠳᠠᠯᠤᠨ ᠤᠬᠠᠭᠤᠯᠵᠤ᠂ ᠤᠳᠤᠮᠰᠢᠯ᠎ᠢ ᠵᠠᠯᠭᠠᠮᠵᠢᠯᠠᠨ᠂ ᠤᠯᠠᠮᠵᠢᠯᠠᠯ᠎ᠢ ᠪᠠᠳᠠᠷᠠᠭᠤᠯᠤᠭᠰᠠᠨ ᠬᠤᠪᠢᠰᠬᠠᠯ᠎ᠤᠨ ᠦᠯᠢᠭᠡᠷ᠎ᠢ ᠰᠠᠢᠲᠤᠷ ᠶᠠᠷᠢᠵᠤ᠂ ᠲᠡᠮᠡᠴᠡᠵᠦ ᠴᠡᠷᠢᠭ ᠪᠠᠢᠭᠤᠯᠤᠭᠰᠠᠨ ᠵᠠᠭᠤᠨ ᠵᠢᠯ ᠂ ᠡᠷᠡᠮᠡᠭᠡᠢᠯᠡᠨ ᠤᠷᠤᠭᠰᠢᠯᠠᠵᠤ ᠴᠡᠷᠢᠭ᠎ᠢ ᠬᠦᠴᠦᠷᠬᠡᠭᠵᠢᠭᠦᠯᠦᠭᠰᠡᠨ ᠲᠡᠷᠢᠭᠦᠨ ᠵᠡᠷᠭᠡ᠎ᠶᠢᠨ ᠴᠠᠭ ᠦᠶ᠎ᠡ᠎ᠶᠢᠨ ᠦᠯᠢᠭᠡᠷ᠎ᠢ ᠰᠠᠢᠲᠤᠷ ᠶᠠᠷᠢᠵᠤ᠂ ᠪᠠᠢᠯᠳᠤᠭᠠᠨ ᠤ ᠪᠠᠢᠷᠢ ᠳ᠋ᠦ ᠰᠠᠭᠤᠷᠢᠰᠢᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠮᠢ ᠪᠡᠶ᠎ᠡ᠎ᠪᠡᠨ ᠦᠷᠡᠭᠳᠡᠭᠦᠯᠵᠦ ᠬᠤᠪᠢ ᠨᠡᠮᠡᠷᠢ ᠦᠵᠡᠭᠦᠯᠦᠭᠰᠡᠨ ᠰᠡᠳᠬᠢᠯ ᠬᠥᠳᠡᠯᠭᠡᠮ᠎ᠡ ᠦᠯᠢᠭᠡᠷ᠎ᠢ ᠰᠠᠢᠲᠤᠷ ᠶᠠᠷᠢᠵᠤ᠂ ᠢᠳᠡᠪᠬᠢ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠢᠳᠡᠪᠬᠢ ᠬᠦᠴᠦᠨ᠎ᠢ ᠦᠷᠭᠦᠯᠵᠢᠯᠡᠨ ᠬᠥᠭᠵᠢᠭᠡᠨ᠎ᠡ ᠭᠡᠵᠦ ᠢᠯᠡᠳᠬᠡᠪᠡ᠃
《ᠪᠢᠳᠡ ᠤᠯᠤᠰ ᠲᠥᠷᠥ᠎ᠶ᠋ᠢᠨ ᠣᠤᠷ ᠴᠢᠨᠠᠷ᠎ᠢᠶᠠᠨ ᠲᠠᠰᠤᠷᠠᠯᠲᠠ ᠥᠬᠡᠶ ᠪᠤᠯᠪᠠᠰᠤᠷᠠᠭᠤᠯᠵᠤ᠂ ᠴᠢᠷᠮᠠᠢᠨ ᠲᠡᠮᠡᠴᠡᠵᠦ ᠠᠮᠵᠢᠯᠲᠠ ᠪᠦᠲᠦᠮᠵᠢ ᠭᠠᠷᠭᠠᠬᠤ ᠣᠪᠣᠷ ᠪᠠᠢᠳᠠᠯ᠎ᠢᠶᠠᠷ ᠱᠢᠨ᠎ᠡ ᠣᠷᠳᠣ ᠵᠠᠮ ᠤᠨ ᠠᠶᠠᠨ ᠲᠡᠢᠨ᠎ᠦ ᠵᠠᠮ᠎ᠢᠶᠠᠷ ᠦᠷᠭᠦᠯᠵᠢᠯᠡᠨ ᠰᠠᠢᠲᠤᠷ ᠵᠠᠮᠨᠠᠬᠤ ᠬᠡᠷᠡᠭ᠌ᠲᠡᠶ》᠃ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠤᠯᠤᠰ ᠲᠦᠷᠦ᠍᠎ᠶ᠋ᠢᠨ ᠠᠵᠢᠯ᠎ᠤᠨ ᠬᠡᠯᠲᠡᠰ᠎ᠦᠨ ᠰᠤᠷᠲᠠᠯ ᠤᠬᠠᠭᠤᠯᠭ᠎ᠠ ᠰᠣᠶᠣᠯ᠎ᠤᠨ ᠲᠥᠪ᠎ᠦᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠠᠩᠬᠢ᠎ᠶᠢᠨ ᠬᠢᠨ᠂ ᠲᠤᠭ᠎ᠢ ᠡᠷᠭᠦᠨ ᠰᠦᠭ ᠰᠦᠨᠡᠰᠦ᠎ᠶ᠋ᠢ ᠱᠤᠭᠤᠬᠤ 《ᠪᠦᠷᠢᠶᠡᠴᠢᠨ》᠂ ᠱᠢᠨ᠎ᠡ᠎ᠡᠭᠦᠳᠦᠯᠳᠡ᠎ᠶᠢᠨ ᠤᠨᠤᠯ᠎ᠤᠨ 《ᠲᠠᠢᠯᠪᠤᠷᠢᠯᠠᠭ᠍ᠴᠢ》᠂ ᠳᠡᠭᠡᠭ᠌ᠰᠢ ᠳᠠᠮᠵᠢᠭᠤᠯᠤᠨ ᠳᠤᠷᠤᠭᠰᠢ ᠪᠠᠭᠤᠯᠭᠠᠬᠤ 《ᠮᠡᠳᠡᠭᠡ ᠵᠠᠩᠭᠢᠴᠢᠨ》᠂ ᠦᠨᠳᠦᠰᠦᠨ ᠱᠠᠲᠤᠨ᠎ᠤ ᠳᠠᠷᠤᠭ᠎ᠠ ᠪᠠᠢᠯᠳᠤᠭ᠍ᠴᠢᠳ᠎ᠤᠨ 《ᠵᠢᠯᠤᠭᠤᠳᠤᠬ᠍ᠴᠢ》᠂ ᠵᠡᠪᠰᠡᠭ᠌ᠲᠦ ᠴᠠᠭ᠍ᠳᠠᠭ᠎ᠠ᠎ᠶ᠋ᠢᠨ ᠲᠦᠷᠢ ᠲᠥᠷᠬᠦ᠌᠎ᠶ᠋ᠢᠨ《ᠤᠬᠠᠭᠤᠯᠤᠭ᠍ᠴᠢ》 ᠪᠤᠯᠵᠤ᠂ ᠴᠡᠷᠢᠭ ᠠᠩᠬᠢ᠎ᠶ᠋ᠢᠨ ᠱᠢᠯᠢᠳᠡᠭ ᠤᠯᠠᠮᠵᠢᠯᠠᠯᠲᠤ ᠦᠯᠢᠭᠡᠷ᠎ᠢ ᠰᠠᠢᠲᠤᠷ ᠶᠠᠷᠢᠬᠤ ᠬᠡᠷᠡᠭ᠌ᠲᠡᠢ ᠭᠡᠵᠦ᠍ ᠢᠯᠡᠳᠭᠡᠵᠡᠭᠡᠪᠡ᠃
ᠠᠷᠠᠳ᠎ᠤᠨ ᠵᠡᠪᠰᠡᠭ᠌ᠲᠦ ᠴᠠᠭ᠍ᠳᠠᠭ᠎ᠠ᠎ᠶ᠋ᠢᠨ ᠰᠤᠨᠢᠨ᠎ᠤ ᠰᠤᠷᠪᠤᠯᠵᠢᠯᠠᠬᠤ ᠨᠠᠢᠷᠠᠭᠤᠯᠬᠤ ᠠᠵᠢᠯᠳᠠᠨ᠂ ᠨᠠᠮ᠎ᠤᠨ ᠵᠢᠯᠤᠭᠤᠳᠤᠯᠭ᠎ᠠ᠎ᠶ᠋ᠢ ᠳᠠᠭᠠᠬᠤ ᠤᠯᠤᠰ ᠲᠦᠷᠦ᠍᠎ᠶ᠋ᠢᠨ ᠱᠠᠭᠠᠷᠳᠠᠯᠭ᠎ᠠ᠂ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠬᠦᠭᠵᠢᠬᠦᠯᠬᠦ ᠬᠠᠷᠠᠯᠲᠠ᠎ᠶᠢᠨ ᠳᠠᠭᠠᠭᠤᠯᠭ᠎ᠠ᠂ ᠦᠨᠳᠦᠰᠦᠨ ᠱᠠᠲᠤᠨ᠎ᠳᠤ ᠦᠢᠯᠡᠴᠢᠯᠡᠬᠦ᠌ ᠦᠷᠳᠡᠭ᠎ᠦᠨ ᠬᠠᠨᠳᠤᠰᠢ᠂ ᠲᠥᠪ ᠶᠤᠰᠤ ᠵᠢ ᠪᠠᠷᠢᠮᠳᠠᠯᠠᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ ᠢ᠋ ᠢᠮᠠᠭ᠍ᠲᠠ ᠪᠠᠷᠢᠮᠲᠠᠯᠠᠵᠤ᠂ ᠤᠯᠤᠰ ᠲᠦᠷᠦᠴᠢᠨ ᠰᠣᠨᠢᠨ ᠡᠷᠬᠢᠯᠡᠬᠦ᠌ ᠰᠡᠷᠭᠡᠭ ᠪᠠ ᠡᠷᠡᠰ ᠪᠠᠲᠤ ᠪᠡᠷ᠂ ᠭᠣᠣᠯ ᠬᠦᠭ ᠠᠶᠠᠰ᠎ᠢ ᠴᠢᠪᠬᠠᠳᠠᠵᠤ᠂ ᠴᠤᠭ ᠰᠦᠯᠳᠡ ᠵᠢ ᠬᠦᠭᠵᠢᠭᠡᠬᠦ ᠬᠡᠷᠡᠭ᠌ᠲᠡᠢ ᠭᠡᠵᠦ ᠢᠯᠡᠳᠬᠡᠪᠡ᠃
《ᠳᠠᠢ᠌ᠨ᠎ᠳᠦ ᠪᠡᠯᠡᠳᠭᠡᠵᠦ᠍ ᠪᠠᠢᠯᠳᠤᠭᠠᠨ ᠬᠢᠬᠦ᠌ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠡᠷᠢᠭ᠎ᠢ ᠬᠦᠴᠦᠷᠬᠡᠭ᠌ᠵᠢᠭᠦᠯᠬᠦ᠌ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠤᠳᠤᠷᠢᠳᠤᠮᠵᠢ᠎ᠶ᠋ᠢ ᠪᠠᠲᠤ ᠪᠤᠢ ᠪᠣᠯᠭᠠᠬᠤ ᠬᠡᠷᠡᠭ᠌ᠲᠡᠢ》᠃ ᠲᠡᠷᠢᠭᠦᠯᠡᠭ᠌ᠴᠢ ᠰᠢ ᠵᠢᠨ ᠫᠢᠩ ᠦᠨ ᠪᠠᠶᠠᠷ ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠡᠳᠡᠭᠡ ᠵᠠᠩᠭᠢ᠎ᠶ᠋ᠢᠨ ᠲᠤᠰᠠᠯᠠᠮᠵᠢ ᠦᠵᠡᠭᠦᠯᠬᠦ᠌ ᠰᠣᠨᠢᠨ᠎ᠤ ᠰᠤᠷᠪᠤᠯᠵᠢᠯᠠᠨ ᠨᠠᠢᠷᠠᠭᠤᠯᠬᠤ ᠠᠵᠢᠯᠲᠠᠨ᠂ ᠳᠠᠢᠴᠢᠨ ᠬᠦᠴᠦᠨ ᠭᠡᠬᠦ᠌ ᠡᠨᠡ ᠬᠦ᠌ ᠴᠣᠷᠢ ᠵᠢᠨ ᠭᠠᠭ᠍ᠴᠠ ᠦᠨᠳᠦᠰᠦᠨ ᠪᠠᠷᠢᠮᠵᠢᠶ᠎ᠠ ᠶ᠋ᠢ ᠢᠮᠠᠭ᠍ᠲᠠ ᠪᠠᠷᠢᠮᠲᠠᠯᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠰᠤᠳᠤᠯᠤᠨ ᠲᠠᠢᠯᠪᠤᠷᠢᠯᠠᠬᠤ᠎ᠪᠠᠨ ᠴᠢᠩᠭᠠᠳᠭᠠᠵᠤ᠂ ᠲᠡᠢᠨ᠎ᠦ ᠬᠡᠯᠪᠡᠷᠢ᠂ ᠲᠡᠢᠨ ᠬᠢᠬᠦ ᠮᠠᠶᠢᠭ ᠪᠣᠯᠤᠨ ᠢᠯᠠᠯᠲᠠ ᠤᠯᠬᠤ ᠵᠢᠮ᠎ᠡ ᠶᠣᠰᠣ᠎ᠶ᠋ᠢ ᠰᠦᠪᠡᠭ᠌ᠴᠢᠯᠡᠨ ᠢᠯᠡᠷᠡᠭᠦᠯᠬᠦ᠌᠎ᠪᠡᠨ ᠴᠢᠩᠭᠠᠳᠭᠠᠵᠤ᠂ ᠴᠡᠷᠢᠭ ᠠᠩᠭᠢ᠎ᠶ᠋ᠢᠨ ᠪᠣᠳᠠᠲᠤ ᠲᠡᠢᠨ ᠪᠣᠳᠠᠲᠤ ᠰᠤᠷᠢᠯᠳᠠ ᠬᠢᠬᠦ᠌᠂ ᠦᠨᠡᠨ ᠬᠦ᠌ ᠪᠠᠢᠯᠳᠤᠵᠤ ᠪᠣᠳᠠᠲᠠᠶ ᠪᠡᠯᠡᠳᠭᠡᠬᠦ᠌ ᠤᠬᠠᠭᠤᠯᠭ᠎ᠠ ᠮᠡᠳᠡᠭᠡᠯᠡᠯ᠎ᠢ ᠴᠢᠩᠭᠠᠳᠭᠠᠵᠤ᠂ ᠭᠦᠨ ᠵᠤᠵᠠᠭᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠎ᠢᠶᠠᠷ ᠡᠯ᠎ᠡ ᠱᠠᠲᠤᠨ᠎ᠤ ᠪᠥᠬᠥ᠌ ᠣᠶᠤᠨ ᠴᠢᠳᠠᠯ᠎ᠢᠶᠠᠨ ᠲᠡᠢᠨ᠎ᠳᠦ ᠲᠥᠪᠯᠡᠷᠡᠭᠦᠯᠬᠦ᠌᠂ ᠪᠥᠬᠥ᠌ ᠠᠵᠢᠯ᠎ᠢᠶᠠᠨ ᠲᠡᠢᠨ᠎ᠳᠦ ᠵᠣᠷᠢᠭᠤᠯᠬᠤ ᠶ᠋ᠢ ᠬᠥᠲᠥᠯᠥᠨ ᠵᠢᠯᠣᠭᠣᠳᠭᠤ ᠬᠡᠷᠡᠭ᠌ᠲᠡᠶ ᠭᠡᠵᠦ᠍ ᠢᠯᠡᠳᠭᠡᠪᠡ᠃
ᠱᠢᠨ᠎ᠡ ᠴᠠᠭ ᠦᠶ᠎ᠡ ᠶ᠋ᠢᠨ ᠤᠯᠤᠰ ᠢᠶᠠᠨ ᠬᠦᠴᠦᠷᠬᠡᠭ᠌ᠵᠢᠭᠦᠯᠬᠦ᠌ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ ᠥᠷᠨᠢᠨ ᠬᠥᠭ᠌ᠵᠢᠵᠦ᠍᠂ ᠴᠡᠷᠢᠭ ᠠᠩᠬᠢ᠎ᠶ᠋ᠢᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯᠲᠠᠳ ᠡᠭᠦᠷᠭᠡ ᠦᠩᠭᠡ ᠭᠡᠷᠡᠯᠳᠡᠢ᠂ ᠬᠠᠷᠢᠭᠤᠴᠠᠯᠭ᠎ᠠ ᠬᠦᠨᠳᠦ ᠶᠡᠬᠡ ᠪᠠᠢᠬᠤ ᠵᠢ ᠮᠡᠳᠡᠷᠡᠵᠦ ᠪᠠᠢᠨ᠎ᠠ᠃ ᠤᠯᠠᠨ᠎ᠢᠶᠠᠷ᠎ᠢᠶᠠᠨ᠂ ᠲᠡᠷᠢᠭᠦᠯᠡᠭ᠌ᠴᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠠᠮ᠎ᠤᠨ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠬᠠᠷᠠᠯᠲᠠ᠎ᠶ᠋ᠢ ᠪᠡᠶᠡᠯᠡᠭᠦᠯᠬᠦ᠌᠎ᠶᠢᠨ ᠳᠤᠭᠤᠷᠢᠨ᠎ᠳᠦ᠂ ᠭᠣᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠪᠡᠬᠢᠵᠢᠭᠦᠯᠦᠨ ᠪᠤᠵᠠᠭᠠᠢᠷᠠᠭᠤᠯᠵᠤ᠂ ᠴᠡᠷᠢᠭ ᠢ ᠬᠦᠴᠦᠷᠬᠡᠭ᠌ᠵᠢᠭᠦᠯᠬᠦ᠌᠎ᠪᠡᠷ ᠲᠡᠮᠡᠴᠡᠬᠦ᠌ ᠤᠶᠤᠨ ᠰᠠᠨᠠᠭᠠᠨ᠎ᠤ ᠬᠦᠴᠦᠨ᠎ᠢ ᠬᠥᠭ᠌ᠵᠢᠭᠡᠵᠦ᠍᠂ ᠠᠷᠠᠳ ᠤᠨ ᠴᠡᠷᠢᠭ ᠠᠩᠬᠢ᠎ᠶ᠋ᠢᠨ ᠱᠢᠨ᠎ᠡ ᠬᠡᠪ ᠰᠤᠷᠲᠠᠯ ᠱᠢᠨ᠎ᠡ ᠳᠦᠷᠰᠦ ᠪᠠᠢᠳᠠᠯ᠎ᠢ ᠢᠯᠡᠷᠡᠭᠦᠯᠵᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠳᠦ ᠠᠤᠭ᠎ᠠ ᠶᠡᠬᠡ ᠬᠦᠴᠦᠨ ᠴᠢᠳᠠᠯ᠎ᠢ ᠬᠤᠷᠠᠮᠳᠤᠭᠤᠯᠤᠨ᠎ᠠ ᠭᠡᠵᠦ᠍ ᠢᠯᠡᠳᠭᠡᠵᠡᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 2 ᠤ᠋ᠨ ᠴᠠᠬᠢᠯᠭᠠᠨ ᠮᠡᠳᠡᠭᠡ)