ᠦᠪᠦᠷ ᠮᠤᠩᠭᠤᠯ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠢᠯᠡᠰ᠎ᠦᠨ ᠬᠦᠭᠵᠢᠯᠳᠡ ᠵᠢ ᠢᠳᠡᠪᠬᠢᠳᠡᠢ ᠠᠬᠢᠭᠤᠯᠵᠦ ᠪᠤᠢ
2026-01-05 09:52:53
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ᠎ᠤᠨ ᠤᠰᠤᠲᠥ᠋ᠷᠥᠭ᠌ᠴᠢ ᠶ᠋ᠢᠨ ᠡᠨᠧᠷᠭᠢ ᠶ᠋ᠢᠨ ᠲᠣᠨᠣᠭ᠍ᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶ᠋ᠢᠨ ᠲᠥᠯᠥᠭᠡ ᠲᠦᠷᠦᠬᠦᠭᠡᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠡ ᠶ᠋ᠢᠨ ᠲᠢᠩᠬᠢᠮ᠎ᠦᠨ ᠲᠣᠨᠣᠭ᠍ᠯᠠᠯ᠎ᠤᠨ ᠠᠵᠤ ᠦᠶ᠋ᠯᠡᠳᠪᠦᠷᠢ ᠶ᠋ᠢᠨ ᠭᠠᠵᠠᠷ᠎ᠥᠪᠡᠷᠲᠡᠭᠡᠨ ᠵᠠᠰᠠᠬᠤ ᠣᠷᠣᠨ᠎ᠤ ᠡᠨᠧᠷᠭᠢ ᠶ᠋ᠢᠨ ᠲᠣᠪᠴᠢᠶ᠎ᠠ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠨᠣᠭ᠍ᠯᠠᠯ᠎ᠤᠨ ᠭᠠᠵᠠᠷ ᠵᠢᠴᠢ ᠥᠪᠡᠷᠲᠡᠭᠡᠨ ᠵᠠᠰᠠᠬᠤ ᠣᠷᠣᠨ᠎ᠤ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠵᠦᠪᠯᠡᠯ᠎ᠲᠠᠶ ᠬᠠᠮᠲᠤᠷᠠᠨ᠂ ᠪᠤᠭᠤᠲᠤ ᠬᠣᠲᠠ ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠲᠤ ᠬᠦᠷᠴᠦ᠂ ᠶᠠᠷᠢᠯᠴᠠᠬᠤ ᠬᠤᠷᠠᠯ᠎ᠤᠨ ᠬᠡᠯᠪᠡᠷᠢ᠎ᠪᠡᠷ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ᠎ᠦᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ᠂ ᠤᠰᠤᠲᠥ᠋ᠷᠥᠭ᠌ᠴᠢ ᠡᠨᠧᠷᠭᠢ ᠶ᠋ᠢᠨ ᠲᠣᠨᠣᠭ᠍ᠯᠠᠯ᠎ᠤᠨ ᠦᠵᠡᠭᠦᠯᠭᠡ ᠶ᠋ᠢᠨ ᠲᠢᠩᠬᠢᠮ᠎ᠦᠨ ᠪᠥᠲᠥᠭᠡᠨ ᠪᠠᠢᠭᠤᠯᠤᠯᠲᠠ ᠶ᠋ᠢᠨ ᠪᠠᠢᠳᠠᠯ ᠪᠤᠯᠤᠨ ᠬᠦᠷᠢᠶᠡᠯᠡᠩ᠎ᠳᠦ ᠤᠷᠤᠭ᠍ᠰᠠᠨ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ ᠶ᠋ᠢᠨ ᠪᠠᠢᠳᠠᠯ᠎ᠢ ᠲᠤᠬᠠᠶ ᠶ᠋ᠢᠨ ᠭᠠᠵᠠᠷ᠎ᠲᠤᠨᠢ  ᠪᠠᠢᠴᠠᠭᠠᠨ ᠰᠤᠳᠤᠯᠵᠠᠢ ᠃

ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ᠎ᠦᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ ᠪᠣᠯ ᠥᠪᠡᠷᠲᠡᠭᠡᠨ ᠵᠠᠰᠠᠬᠤ ᠣᠷᠣᠨ᠎ᠠᠴᠠ ᠪᠤᠭᠤᠲᠤ ᠬᠣᠲᠠ ᠶ᠋ᠢᠨ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ ᠲᠡᠬᠢ ᠬᠥᠭ᠌ᠵᠢᠯᠲᠡ᠎ᠶᠢᠨ ᠪᠠᠢᠷᠢ ᠲᠣᠭ᠍ᠲᠠᠭᠠᠯᠲᠠ ᠶᠣᠰᠣᠭᠠᠷ 《ᠪᠤᠭᠤᠲᠤ᠎ᠳᠤ ᠰᠠᠭᠤᠷᠢᠯᠠᠨ᠂ ᠥᠪᠥᠷ ᠮᠣᠩᠭᠣᠯ᠎ᠳᠤ ᠦᠶ᠋ᠯᠡᠴᠢᠯᠡᠵᠦ᠍᠂ ᠪᠠᠷᠠᠭᠤᠨ ᠬᠣᠢᠲᠤ ᠣᠷᠣᠨ᠎ᠢ ᠨᠥᠯᠥᠭᠡᠯᠡᠨ ᠳᠠᠢᠴᠢᠯᠠᠬᠤ》 ᠪᠠᠷ ᠬᠥᠭ᠌ᠵᠢᠯᠲᠡ ᠶ᠋ᠢᠨ ᠬᠠᠷᠠᠯᠲᠠ ᠪᠠᠨ ᠪᠣᠯᠭᠠᠵᠤ᠂ ᠤᠰᠤᠲᠥ᠋ᠷᠥᠭ᠌ᠴᠢ ᠡᠨᠧᠷᠭᠢ ᠶ᠋ᠢᠨ ᠦᠶ᠋ᠯᠡᠴᠢᠯᠡᠭᠡ ᠬᠢᠭᠡᠳ ᠤᠰᠤᠲᠥ᠋ᠷᠥᠭ᠌ᠴᠢ ᠡᠨᠧᠷᠭᠢ ᠶ᠋ᠢᠨ ᠲᠣᠨᠣᠭ᠍ᠯᠠᠯ ᠦᠶ᠋ᠯᠡᠳᠬᠦ᠌᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠱᠢᠨ᠎ᠡ᠎ᠶ᠋ᠢ ᠡᠭᠦᠳᠬᠦ᠌ ᠬᠥᠭ᠌ᠵᠢᠯᠲᠡ ᠶ᠋ᠢᠨ ᠵᠠᠭ᠍ᠪᠤᠷ ᠪᠣᠯᠤᠨ᠎ᠠ᠃ ᠦᠶ᠋ᠯᠡᠴᠢᠯᠡᠭᠡᠨ᠎ᠦ ᠲᠥᠪ᠎ᠨᠢ ᠦᠶ᠋ᠯᠡᠳᠬᠦᠨ᠎ᠦ ᠦᠵᠡᠭᠦᠯᠭᠡ᠂ ᠦᠶ᠋ᠯᠡᠳᠬᠦᠨ᠎ᠦ ᠰᠤᠳᠤᠯᠤᠨ ᠨᠡᠭᠡᠭᠡᠯᠲᠡ᠂ ᠦᠶ᠋ᠯᠡᠳᠬᠦᠨ᠎ᠦ ᠪᠠᠢᠴᠠᠭᠠᠨ ᠬᠡᠮᠵᠢᠯᠲᠡ᠂ ᠠᠵᠢᠯᠯᠠᠭᠤᠯᠵᠤ ᠪᠠᠲᠤᠯᠠᠬᠤ ᠦᠶ᠋ᠯᠡᠴᠢᠯᠡᠭᠡ ᠵᠢᠴᠢ ᠬᠠᠮᠲᠤ ᠪᠠᠷ ᠡᠳ᠋ᠯᠡᠬᠦ ᠦᠶ᠋ᠯᠡᠳᠪᠦᠷᠢ ᠶ᠋ᠢᠨ ᠬᠡᠷ ᠪᠠᠢᠱᠢᠩ ᠵᠡᠷᠭᠡ ᠡᠯ᠎ᠡ ᠵᠦᠶ᠋ᠯ᠎ᠦᠨ ᠦᠶ᠋ᠯᠡᠴᠢᠯᠡᠭᠡᠨ᠎ᠦ ᠠᠭᠤᠯᠭ᠎ᠠ᠎ᠶ᠋ᠢ ᠬᠠᠮᠤᠷᠴᠤ᠌᠂ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ᠎ᠦᠨ ᠳᠡᠭᠡᠳᠦ ᠳᠤᠤᠷᠠᠳᠤ ᠲᠦᠪᠰᠢᠨ᠎ᠤ ᠠᠵᠤ ᠠᠬᠤᠢᠯᠠᠯ᠎ᠳᠤ ᠮᠡᠳᠡᠭᠡ  ᠵᠠᠩᠭᠢ ᠶ᠋ᠢᠨ ᠠᠰᠠᠭᠤᠨ ᠯᠠᠪᠯᠠᠯᠳᠡ᠂ ᠮᠡᠷᠭᠡᠵᠢᠯ᠎ᠦᠨ ᠰᠣᠯᠢᠯᠴᠠᠭ᠎ᠠ᠂ ᠬᠠᠢᠨ ᠪᠠᠢᠴᠠᠭᠠᠵᠤ ᠵᠢᠷᠤᠭ᠍ᠯᠠᠨ ᠲᠥᠯᠥᠪᠯᠡᠬᠦ᠌᠂ ᠲᠥᠬᠥᠭᠡᠷᠦᠮᠵᠢ ᠲᠣᠬᠢᠷᠠᠭᠤᠯᠬᠤ᠂ ᠲᠥᠷᠥᠯ ᠵᠦᠶ᠋ᠯ᠎ᠢ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠵᠡᠷᠭᠡ 《ᠨᠢᠭᠡ ᠦᠷᠳᠡᠭᠡᠴᠢᠯᠡᠭᠰᠡᠨ ᠮᠠᠶᠢᠭ》 ᠤ᠋ᠨ ᠱᠢᠶ᠋ᠳᠪᠦᠷᠢᠯᠡᠬᠦ᠌ ᠲᠥᠰᠦᠯ᠎ᠢ ᠬᠠᠩᠭᠠᠵᠤ᠂ ᠰᠤᠳᠤᠯᠤᠨ ᠨᠡᠭᠡᠭᠡᠬᠦ᠌᠂ ᠦᠶ᠋ᠯᠡᠳᠪᠦᠷᠢᠯᠡᠬᠦ᠌᠂ ᠬᠡᠷᠡᠭ᠌ᠯᠡᠬᠦ᠂ ᠦᠶ᠋ᠯᠡᠴᠢᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠣᠷᠣᠨ ᠪᠦᠰᠡ ᠶ᠋ᠢᠨ ᠤᠰᠤᠲᠥ᠋ᠷᠥᠭ᠌ᠴᠢ ᠡᠨᠧᠷᠭᠢ ᠶ᠋ᠢᠨ ᠠᠵᠤ  ᠦᠶ᠋ᠯᠡᠰ᠎ᠦᠨ ᠱᠢᠰᠲ᠋ᠧᠮ᠎ᠢ  ᠪᠠᠢᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ᠎ᠡᠴᠡ ᠦᠷᠭᠦᠯᠵᠢᠯᠡᠨ ᠥᠪᠡᠷᠲᠡᠭᠡᠨ ᠵᠠᠰᠠᠬᠤ  ᠣᠷᠣᠨ᠎ᠤ ᠡᠨᠧᠷᠭᠢ ᠶ᠋ᠢᠨ ᠲᠣᠪᠴᠢᠶ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ᠂ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ᠎ᠦᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠪᠤᠴᠠ᠎ᠳᠠᠬᠢ ᠵᠠᠩᠭᠢᠯᠠᠭ᠎ᠠ ᠶ᠋ᠢᠨ ᠠᠰᠠᠭᠤᠳᠠᠯ᠎ᠢ ᠴᠠᠭ ᠲᠤᠬᠠᠶ᠎ᠳᠤᠨᠢ ᠱᠢᠶ᠋ᠳᠪᠦᠷᠢᠯᠡᠵᠦ᠍᠂ ᠤᠰᠤᠲᠥ᠋ᠷᠥᠭ᠌ᠴᠢ  ᠡᠨᠧᠷᠭᠢ ᠶ᠋ᠢᠨ ᠠᠵᠤ ᠦᠶ᠋ᠯᠡᠰ᠎ᠦᠨ ᠪᠦᠷᠢᠨ ᠲᠡᠭᠦᠯᠳᠡᠷ ᠠᠮᠢ ᠠᠬᠤᠶ᠎ᠶ᠋ᠢ ᠲᠦᠷᠭᠡᠳᠭᠡᠨ ᠪᠠᠢᠭᠤᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号