ᠦᠪᠤᠷ ᠮᠤᠡᠭᠭᠤᠯ᠎ᠤᠨ ᠰᠢᠨ᠎ᠠ ᠬᠡᠯᠪᠡᠷᠢ ᠶ᠋ᠢᠨ ᠨᠦᠭᠡᠴᠡ ᠡᠨᠧᠷᠬᠢ ᠶ᠋ᠢᠨ ᠮᠠᠰᠢᠨ ᠴᠤᠭᠴᠠᠯᠠᠪᠤᠷᠢ ᠶ᠋ᠢᠨ ᠬᠡᠪᠴᠢᠶ᠎ᠠ 1000 ᠲᠦᠮᠡᠨ ᠺᠢᠯᠤᠸᠠᠲ ᠢ᠋ ᠳᠠᠪᠠᠪᠠ
2026-01-05 10:00:09
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

2025 ᠤᠨ᠎ᠦ 12 ᠰᠠᠷ᠎ᠠ ᠶ᠋ᠢᠨ 22 ᠤ᠋ᠨ ᠡᠳᠦᠷ ᠬᠦᠬᠡᠬᠤᠳᠠ ᠳ᠋ᠤ ᠶᠠᠪᠤᠭᠳᠠᠭᠰᠠᠨ ᠡᠨᠧᠷᠬᠢ ᠴᠠᠬᠢᠯᠭᠠᠨ ᠬᠦᠴᠦᠨ ᠤ᠋ ᠠᠵᠤ ᠠᠬᠤᠢᠯᠠᠯ ᠤ᠋ᠨ ᠠᠵᠤ ᠦᠢᠯᠡᠰ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠶ᠋ᠢ ᠡᠭᠦᠳᠬᠦ ᠬᠤᠯᠪᠤᠭ᠎ᠠ ᠶ᠋ᠢᠨ ᠦᠷ᠎ᠠ ᠪᠦᠲᠦᠭᠡᠯ ᠢ᠋ ᠨᠡᠢᠳᠡᠯᠡᠬᠦ ᠬᠤᠷᠠᠯ ᠡᠴᠡ ᠤᠢᠯᠠᠭᠠᠭᠰᠠᠨ ᠶ᠋ᠢᠡᠷ᠂ ᠤᠢᠷ᠎ᠠ ᠶ᠋ᠢᠨ ᠵᠢᠯ ᠳ᠋ᠤ ᠦᠪᠦᠷ ᠮᠤᠩᠭᠤᠯ ᠤ᠋ᠨ ᠨᠦᠭᠡᠴᠡ ᠡᠨᠧᠷᠬᠢ ᠶ᠋ᠢᠨ ᠠᠵᠤ ᠦᠢᠯᠡᠰ ᠳᠠᠪᠠᠯᠳᠠᠳᠤ ᠴᠢᠨᠠᠷᠳᠠᠢ ᠬᠦᠭᠵᠢᠵᠦ᠂ ᠪᠦᠬᠦ ᠤᠷᠤᠨ ᠤ᠋ ᠰᠢᠨ᠎ᠠ ᠬᠡᠯᠪᠡᠷᠢ ᠶ᠋ᠢᠨ ᠨᠦᠭᠡᠴᠡ ᠡᠨᠧᠷᠬᠢ ᠶ᠋ᠢᠨ ᠮᠠᠰᠢᠨ ᠴᠤᠭᠴᠠᠯᠠᠪᠤᠷᠢ ᠶ᠋ᠢᠨ ᠬᠡᠪᠴᠢᠶ᠎ᠠ ᠪᠦᠬᠦ ᠤᠯᠤᠰ ᠤ᠋ᠨ ᠡᠯ᠎ᠠ ᠮᠤᠵᠢ ᠤᠷᠤᠨ ᠤ᠋ ᠲᠤᠳᠤᠷ᠎ᠠ ᠬᠠᠮᠤᠭ ᠤ᠋ᠨ ᠲᠦᠷᠦᠭᠦᠨ ᠳ᠋ᠤ 1000 ᠲᠦᠮᠡᠨ ᠺᠢᠯᠤᠸᠠᠲ ᠢ᠋ ᠳᠠᠪᠠᠵᠤ᠂ ᠤᠯᠤᠰ ᠤ᠋ᠨ ᠨᠦᠭᠡᠴᠡ ᠡᠨᠧᠷᠬᠢ ᠶ᠋ᠢᠨ ᠠᠵᠤ ᠦᠢᠯᠡᠰ ᠤ᠋ᠨ ᠬᠡᠪᠴᠢᠶᠡᠵᠢᠭᠰᠡᠨ ᠪᠦᠯᠦᠭᠵᠢᠭᠰᠡᠨ ᠬᠦᠭᠵᠢᠯᠳᠡ ᠳ᠋ᠤ ᠯᠤᠳᠤ ᠶᠡᠬᠡ ᠬᠤᠪᠢ ᠨᠡᠮᠡᠷᠢ ᠦᠵᠡᠭᠦᠯᠵᠠᠢ᠃

ᠤᠢᠯᠠᠭᠠᠭᠰᠠᠨ ᠶ᠋ᠢᠡᠷ᠂ 2024 ᠤᠨ ᠳ᠋ᠤ ᠦᠪᠦᠷ ᠮᠤᠩᠭᠤᠯ ᠤ᠋ᠨ ᠰᠢᠨ᠎ᠠ ᠬᠡᠯᠪᠡᠷᠢ ᠶ᠋ᠢᠨ ᠨᠦᠭᠡᠴᠡ ᠡᠨᠧᠷᠬᠢ ᠶ᠋ᠢᠨ ᠮᠠᠰᠢᠨ ᠴᠤᠭᠴᠠᠯᠠᠪᠤᠷᠢ 708 ᠲᠦᠮᠡᠨ ᠺᠢᠯᠤᠸᠠᠲ ᠰᠢᠨ᠎ᠠ ᠪᠡᠷ ᠨᠡᠮᠡᠭᠳᠡᠵᠦ᠂ 2023 ᠤᠨ ᠤ᠋ ᠬᠢ ᠡᠴᠡ 246% ᠪᠡᠷ ᠨᠡᠮᠡᠭᠳᠡᠨ᠂ ᠨᠡᠢᠳᠡ ᠮᠠᠰᠢᠨ ᠴᠤᠭᠴᠠᠯᠠᠪᠤᠷᠢ 1032 ᠲᠦᠮᠡᠨ ᠺᠢᠯᠤᠸᠠᠲ ᠲᠤ᠌ ᠬᠦᠷᠴᠤ᠂ ᠪᠦᠬᠦ ᠤᠯᠤᠰ ᠲᠤ᠌ ᠡᠩ ᠲᠡᠷᠢᠭᠦᠨ ᠳ᠋ᠤ 《1000 ᠲᠦᠮᠡᠨ ᠺᠢᠯᠤᠸᠠᠲ》 ᠤ᠋ᠨ ᠴᠠᠭ ᠦᠶ᠎ᠠ ᠳ᠋ᠤ ᠤᠷᠤᠪᠠ᠃ ᠡᠨᠡ ᠪᠤᠯ ᠦᠪᠦᠷ ᠮᠤᠩᠭᠤᠯ ᠤ᠋ᠨ ᠡᠨᠧᠷᠬᠢ ᠶ᠋ᠢᠨ ᠡᠬᠢ ᠪᠠᠶᠠᠯᠢᠭ ᠡᠯᠪᠡᠭ ᠳᠡᠯᠪᠡᠭ ᠪᠦᠭᠡᠳ ᠠᠵᠤ ᠦᠢᠯᠡᠰ ᠤ᠋ᠨ ᠰᠠᠭᠤᠷᠢ ᠪᠠᠳᠤ ᠪᠡᠬᠢ᠂ ᠲᠦᠷᠦ ᠶ᠋ᠢᠨ ᠪᠤᠳᠤᠯᠭ᠎ᠠ ᠶ᠋ᠢᠨ ᠳᠡᠮᠵᠢᠯᠭᠡ ᠡᠷᠴᠢᠮᠳᠠᠢ ᠪᠠᠢᠬᠤ ᠡᠴᠡ ᠪᠤᠯᠤᠭᠰᠠᠨ ᠶᠤᠮ᠃ 2025 ᠤᠨ ᠳ᠋ᠤ ᠪᠦᠬᠦ ᠤᠷᠤᠨ ᠤ᠋ ᠨᠦᠭᠡᠴᠡ ᠡᠨᠧᠷᠬᠢ ᠶ᠋ᠢᠨ ᠠᠵᠤ ᠦᠢᠯᠡᠰ ᠨᠡᠩ ᠡᠷᠴᠢᠮᠳᠠᠢ ᠬᠦᠭᠵᠢᠵᠤ᠂ 2025 ᠤᠨ᠎ᠦ ᠳᠡᠭᠡᠷ᠎ᠠ ᠬᠠᠭᠠᠰ ᠵᠢᠯ ᠳ᠋ᠤ 34 ᠲᠤᠰᠠᠭᠠᠷ ᠨᠦᠭᠡᠴᠡ ᠡᠨᠧᠷᠬᠢ ᠶ᠋ᠢᠨ ᠴᠠᠬᠢᠯᠭᠠᠨ ᠦᠷᠳᠡᠭᠡ ᠶ᠋ᠢᠨ ᠪᠦᠲᠦᠭᠡᠨ ᠪᠠᠢᠭᠤᠯᠤᠯᠳᠠ ᠶ᠋ᠢᠨ ᠲᠦᠷᠦᠯ ᠵᠦᠢᠯ ᠢ᠋ ᠪᠠᠷᠢᠯᠭ᠎ᠠ ᠡᠬᠢᠯᠡᠭᠦᠯᠵᠦ᠂ ᠮᠠᠰᠢᠨ ᠴᠤᠭᠴᠠᠯᠠᠪᠤᠷᠢ ᠶ᠋ᠢᠨ ᠶᠡᠷᠦᠩᠬᠡᠢ ᠬᠡᠪᠴᠢᠶ᠎ᠠ ᠨᠢ 1480 ᠲᠦᠮᠡᠨ ᠺᠢᠯᠤᠸᠠᠲ ᠲᠤ᠌ ᠬᠦᠷᠴᠤ᠂ ᠪᠦᠲᠦᠭᠡᠨ ᠪᠠᠢᠭᠤᠯᠤᠯᠳᠠ ᠶ᠋ᠢᠨ ᠬᠤᠷᠳᠤᠴᠠ ᠦᠷᠭᠦᠯᠵᠢᠯᠡᠨ ᠪᠦᠬᠦ ᠤᠯᠤᠰ ᠲᠤ᠌ ᠬᠤᠰᠢᠭᠤᠷᠠᠪᠠ᠃

ᠦᠷᠨᠢᠭᠦᠨ ᠬᠦᠭᠵᠢᠬᠦ ᠨᠦᠭᠡᠴᠡ ᠡᠨᠧᠷᠬᠢ ᠶ᠋ᠢᠨ ᠠᠵᠤ ᠦᠢᠯᠡᠰ ᠨᠢ ᠠᠯᠢ ᠤᠯᠠᠨ ᠳᠠᠭᠠᠭᠤᠯᠤᠭᠴᠢ ᠠᠵᠤ ᠠᠬᠤᠢᠯᠠᠯ ᠢ᠋ ᠦᠪᠦᠷ ᠮᠤᠩᠭᠤᠯ ᠳ᠋ᠤ ᠬᠤᠷᠠᠨ ᠴᠤᠭᠯᠠᠷᠠᠭᠤᠯᠵᠤ᠂ ᠰᠤᠳᠤᠯᠤᠨ ᠨᠡᠭᠡᠭᠡᠬᠦ᠂ ᠦᠢᠯᠡᠳᠬᠦ᠂ ᠬᠡᠷᠡᠭᠯᠡᠬᠦ ᠶ᠋ᠢ ᠴᠦᠮ ᠬᠠᠮᠤᠷᠤᠭᠰᠠᠨ ᠨᠦᠭᠡᠴᠡ ᠡᠨᠧᠷᠬᠢ ᠶ᠋ᠢᠨ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠡᠵᠡᠩᠨᠡᠯᠳᠡ ᠶ᠋ᠢᠨ ᠬᠡᠯᠪᠡᠷᠢ ᠶ᠋ᠢ ᠪᠦᠷᠢᠯᠳᠦᠭᠦᠯᠪᠠ᠃ ᠡᠭᠦᠨ ᠳ᠋ᠤ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠨᠦᠭᠡᠴᠡ ᠡᠨᠧᠷᠬᠢ ᠶ᠋ᠢᠨ ᠺᠤᠮᠫᠠᠨᠢ ᠶ᠋ᠢᠨ ᠬᠦᠬᠡ ᠡᠷᠬᠢ ᠪᠠᠯᠭᠠᠰᠤ᠂ ᠪᠠᠳᠤᠬᠠᠭᠠᠯᠭ᠎ᠠ ᠪᠠᠯᠭᠠᠰᠤ ᠳ᠋ᠤ ᠪᠠᠢᠭᠤᠯᠤᠭᠰᠠᠨ ᠨᠢᠭᠡ ᠪᠦᠯᠦᠭ ᠴᠠᠬᠢᠯᠭᠠᠨ ᠬᠦᠴᠦᠨ ᠤ᠋ ᠲᠠᠯ᠎ᠠ ᠶ᠋ᠢᠨ ᠲᠤᠰᠠᠭᠠᠷ ᠨᠦᠭᠡᠴᠡ ᠡᠨᠧᠷᠬᠢ ᠶ᠋ᠢᠨ ᠴᠠᠬᠢᠯᠭᠠᠨ ᠦᠷᠳᠡᠭᠡ ᠨᠢ ᠵᠤᠨ ᠤ᠋ ᠤᠯᠠᠷᠢᠯ ᠤ᠋ᠨ ᠴᠠᠬᠢᠯᠭᠠᠨ ᠬᠡᠷᠡᠭᠯᠡᠭᠡ ᠶ᠋ᠢᠨ ᠤᠷᠬᠢᠯ ᠬᠤᠭᠤᠴᠠᠭᠠᠨ ᠤ᠋ ᠴᠠᠬᠢᠯᠭᠠᠨ ᠬᠠᠩᠭᠠᠯᠭ᠎ᠠ ᠶ᠋ᠢ ᠪᠠᠳᠤᠯᠠᠬᠤ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠵᠠᠢ᠃ ᠲᠤᠰ ᠺᠤᠮᠫᠠᠨᠢ ᠨᠢ ᠪᠠᠰᠠ ᠤᠷᠳᠤᠰ᠂ ᠪᠠᠶᠠᠨᠨᠠᠭᠤᠷ ᠵᠡᠷᠭᠡ ᠭᠠᠵᠠᠷ ᠲᠤ᠌ ᠨᠡᠩ ᠤᠯᠠᠨ ᠴᠠᠬᠢᠯᠭᠠᠨ ᠦᠷᠳᠡᠭᠡ ᠪᠠᠢᠭᠤᠯᠵᠤ᠂ ᠡᠨᠧᠷᠬᠢ ᠶ᠋ᠢᠨ ᠦᠢᠯᠡᠰ ᠤ᠋ᠨ ᠬᠦᠭᠵᠢᠯᠳᠡ ᠶ᠋ᠢᠨ ᠬᠡᠯᠪᠡᠷᠢ ᠶ᠋ᠢ ᠬᠤᠪᠢᠷᠠᠭᠤᠯᠬᠤ ᠳ᠋ᠤ ᠦᠢᠯᠡᠴᠢᠯᠡᠬᠦ ᠪᠡᠷ ᠲᠦᠯᠦᠪᠯᠡᠵᠦ ᠪᠤᠢ᠃

ᠮᠡᠷᠭᠡᠵᠢᠯ ᠤ᠋ᠨ ᠬᠤᠪᠢ ᠳ᠋ᠤ ᠦᠪᠦᠷ ᠮᠤᠩᠭᠤᠯ ᠤ᠋ᠨ ᠨᠦᠭᠡᠴᠡ ᠡᠨᠧᠷᠬᠢ ᠶ᠋ᠢᠨ ᠠᠵᠤ ᠦᠢᠯᠡᠰ ᠤ᠋ᠨ ᠬᠡᠯᠬᠢᠶ᠎ᠠ ᠶ᠋ᠢᠨ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠴᠤ᠌ ᠲᠠᠰᠤᠷᠠᠯᠳᠠ ᠦᠭᠡᠢ ᠴᠤᠯᠭᠤᠷᠠᠵᠤ᠂ ᠵᠦᠩ ᠴᠧ ᠪᠦᠯᠦᠭᠯᠡᠯ ᠤ᠋ᠨ ᠵᠦᠵᠧᠤ ᠶ᠋ᠢᠨ ᠴᠠᠬᠢᠯᠭᠠᠨ ᠬᠦᠴᠦᠨ ᠤ᠋ ᠪᠤᠬ᠎ᠠ ᠲᠡᠷᠭᠡ ᠰᠤᠳᠤᠯᠬᠤ ᠭᠠᠵᠠᠷ ᠤ᠋ᠨ ᠦᠪᠦᠷ ᠮᠤᠩᠭᠤᠯ ᠳ᠋ᠡᠬᠢ ᠨᠦᠭᠡᠴᠡ ᠡᠨᠧᠷᠬᠢ ᠶ᠋ᠢᠨ ᠰᠠᠭᠤᠷᠢᠨ ᠤ᠋ 6.X ᠰᠢᠩᠭᠡᠨ ᠪᠡᠶᠡᠳᠦ ᠬᠦᠷᠦᠭᠡᠯᠳᠡ ᠶ᠋ᠢᠨ ᠰᠢᠰᠲ᠋ᠧᠮ ᠵᠢᠴᠢ ᠶᠠᠩ ᠭᠤᠸᠠᠩ ᠴᠠᠬᠢᠯᠭᠠᠨ ᠡᠭᠦᠰᠭᠡᠭᠴᠢ ᠶ᠋ᠢᠨ ᠬᠢᠵᠠᠭᠠᠷᠳᠦ ᠺᠤᠮᠫᠠᠨᠢ ᠶ᠋ᠢᠨ 12.5 ᠰᠠᠶ᠎ᠠ ᠸᠠᠲ ᠴᠠᠭ ᠤ᠋ᠨ ᠪᠠᠭᠳᠠᠭᠠᠮᠵᠢ ᠪᠦᠬᠦᠢ ᠭᠡᠷᠡᠯᠴᠢ ᠴᠡᠨᠡᠭ ᠤ᠋ᠨ ᠬᠤᠷᠢᠶᠠᠭᠤᠷ᠂ ᠭᠠᠨ ᠹᠧᠩ ᠯᠢᠲ᠋ᠢ ᠴᠠᠬᠢᠯᠭᠠᠨ ᠤ᠋ ᠬᠢᠵᠠᠭᠠᠷᠳᠦ ᠺᠤᠮᠫᠠᠨᠢ ᠶ᠋ᠢᠨ ᠴᠤᠯᠤ ᠬᠠᠳᠠᠭᠤ ᠪᠡᠶᠡᠳᠦ ᠴᠠᠬᠢᠯᠭᠠᠨ ᠴᠢᠫ᠂ ᠬᠤᠸᠠ ᠸᠧᠢ ᠶ᠋ᠢᠨ ᠤᠶᠤᠨᠳᠤ ᠬᠡᠯᠬᠢᠶᠡᠵᠢᠭᠰᠡᠨ ᠲᠤᠤᠷ ᠪᠦᠷᠢᠯᠳᠦᠭᠦᠯᠬᠦ ᠬᠡᠯᠪᠡᠷᠢ ᠶ᠋ᠢᠨ ᠨᠦᠭᠡᠴᠡ ᠡᠨᠧᠷᠬᠢ ᠶ᠋ᠢᠨ ᠳᠠᠪᠴᠠᠩ ᠵᠡᠷᠭᠡ ᠶ᠋ᠢᠨ ᠵᠠᠩᠬᠢᠯᠠᠭ᠎ᠠ ᠶ᠋ᠢᠨ ᠮᠡᠷᠭᠡᠵᠢᠯ ᠨᠢ ᠳᠡᠯᠡᠬᠡᠢ ᠶ᠋ᠢᠨ ᠲᠡᠷᠢᠭᠦᠨ ᠤ᠋ ᠲᠦᠪᠰᠢᠨ ᠳ᠋ᠤ ᠬᠦᠷᠴᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号