ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂ ᠰᠢᠨ᠎ᠠ ᠤᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠦᠪᠦᠷ ᠮᠤᠡᠭᠭᠤᠯ ᠤ᠋ᠨ ᠣᠷᠣᠨ ᠪᠦᠰᠡ ᠠᠯᠤᠰᠯᠠᠨ ᠵᠤᠷᠴᠢᠬᠰᠠᠨ ᠠᠶᠠᠨᠴᠢᠨ 830.97 ᠲᠦᠮᠡᠨ ᠬᠥᠮᠦᠨ ᠤᠳᠠᠭ᠎ᠠ ᠳ᠋ᠤ ᠬᠦᠷᠴᠠᠢ᠃ ᠡᠬᠦᠨ ᠳ᠋ᠤ ᠡᠳᠦᠷ ᠳᠤᠮᠳᠠᠴᠢ ᠪᠡᠷ 276.99 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 16.71% ᠪᠡᠷ ᠨᠡᠮᠡᠭ᠌ᠳᠡᠪᠠ᠃
ᠰᠢᠨ᠎ᠠ ᠤᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ᠂ ᠦᠪᠦᠷ ᠮᠤᠡᠭᠭᠤᠯ ᠤ᠋ᠨ ᠡᠵᠡᠩᠨᠡᠯᠲᠡ ᠢ᠋ᠢᠨ ᠴᠢᠨᠠᠷᠲᠠᠶ ᠠᠶᠠᠨᠴᠢᠳ ᠤ᠋ᠨ ᠵᠦᠬᠡᠬᠡᠪᠤᠷᠢ ᠵᠢᠨ ᠬᠡᠮᠵᠢᠶ᠎ᠠ ᠨᠡᠢᠳᠡ 97.81 ᠲᠦᠮᠡᠨ ᠬᠥᠮᠦᠨ ᠤᠳᠠᠭ᠎ᠠ ᠳ᠋ᠤ ᠬᠦᠷᠴᠤ᠂ ᠡᠳᠦᠷ ᠳᠤᠮᠳᠠᠴᠢ ᠪᠡᠷ 32.6 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 40.5% ᠪᠡᠷ ᠨᠡᠮᠡᠭ᠌ᠳᠡᠵᠡᠢ᠃ ᠡᠭᠦᠨ ᠳ᠋ᠤ᠂ ᠲᠡᠮᠦᠷ ᠵᠠᠮ ᠤ᠋ᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 67.21 ᠲᠦᠮᠡᠨ ᠬᠥᠮᠦᠨ ᠤᠳᠠᠭ᠎ᠠ᠂ ᠵᠠᠰᠠᠮᠠᠯ ᠵᠠᠮ ᠤ᠋ᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 11.53 ᠲᠦᠮᠡᠨ ᠬᠥᠮᠦᠨ ᠤᠳᠠᠭ᠎ᠠ᠂ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠠᠶᠠᠨᠴᠢᠳ ᠤ᠋ᠨ ᠵᠦᠭᠡᠭᠡᠪᠦᠷᠢ ᠶ᠋ᠢᠨ ᠬᠡᠮᠵᠢᠶ᠎ᠡ 19.07 ᠲᠦᠮᠡᠨ ᠬᠥᠮᠦᠨ ᠤᠳᠠᠭ᠎ᠠ ᠳ᠋ᠤ ᠬᠦᠷᠪᠠ᠃ ᠪᠥᠬᠥ᠌ ᠣᠷᠣᠨ ᠤ᠋ ᠲᠦᠷᠭᠡᠨ ᠤ᠋ ᠵᠠᠰᠠᠮᠠᠯ ᠵᠠᠮ ᠤ᠋ᠨ ᠲᠡᠷᠭᠡᠨ ᠤᠷᠤᠰᠭᠠᠯ ᠤ᠋ᠨ ᠶᠡᠷᠦᠩᠬᠡᠶ ᠬᠡᠮᠵᠢᠶ᠎ᠡ 107.66 ᠲᠦᠮᠡ ᠳ᠋ᠤ ᠬᠦᠷᠴᠦ᠍᠂ ᠡᠳᠦᠷ ᠳᠤᠮᠳᠠᠴᠢ ᠪᠡᠷ 35.89 ᠲᠦᠮᠡᠨ ᠲᠡᠷᠭᠡ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 23.33% ᠪᠡᠷ ᠨᠡᠮᠡᠭᠳᠡᠵᠡᠢ᠃
ᠦᠪᠦᠷ ᠮᠤᠡᠭᠭᠤᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠤ᠋ᠨ ᠬᠢᠨ ᠤᠷᠢᠳᠴᠢᠯᠠᠨ ᠲᠥᠯᠥᠪᠵᠢᠭᠦᠯᠵᠦ᠍᠂ ᠤᠷᠢᠳᠴᠢᠯᠠᠨ ᠪᠡᠯᠡᠳᠭᠡᠵᠦ᠍᠂ ᠠᠷᠭ᠎ᠠ ᠬᠡᠮᠵᠢᠶ᠎ᠡ ᠪᠡᠨ ᠪᠣᠳᠠᠲᠠᠢᠵᠢᠭᠤᠯᠵᠤ᠂ ᠰᠢᠨ᠎ᠠ ᠤᠨ ᠤ᠋ ᠠᠮᠠᠷᠠᠯᠲᠠ ᠢ᠋ᠢᠨ ᠬᠤᠭᠤᠴᠠᠭᠠᠨ ᠤ᠋ ᠵᠦᠭᠡᠭᠡᠪᠦᠷᠢ ᠢ᠋ᠢᠨ ᠦᠶ᠋ᠯᠡᠴᠢᠯᠡᠭᠡᠨ ᠤ᠋ ᠲᠦᠪᠱᠢᠨ ᠢ᠋ ᠪᠥᠬᠥ᠌ ᠬᠦᠴᠦᠨ ᠢ᠋ᠢᠡᠷ ᠳᠡᠭᠡᠭ᠌ᠰᠢᠯᠡᠭᠦᠯᠪᠡ᠃ ᠤᠷᠢᠳᠴᠢᠯᠠᠨ ᠰᠡᠷᠡᠮᠵᠢᠯᠡᠭᠦᠯᠵᠦ᠍ ᠬᠠᠮᠲᠤᠷᠠᠨ ᠬᠥᠳᠡᠯᠦᠯᠴᠡᠬᠦ᠌ ᠲᠣᠭ᠍ᠲᠠᠴᠠ ᠢ᠋ᠢ ᠪᠦᠷᠢᠨᠱᠢᠭᠦᠯᠵᠦ᠍᠂ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ ᠢ᠋ᠢ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ ᠲᠤ᠌ ᠱᠢᠭᠤᠳ ᠬᠦᠷᠭᠡᠬᠦ᠌ ᠲᠣᠭ᠍ᠲᠠᠴᠠ ᠢ᠋ᠢ ᠡᠬᠢᠯᠡᠭᠦᠯᠦᠨ᠂ ᠵᠠᠮ ᠲᠤᠤᠷ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠪᠠ᠃ ᠲᠡᠭᠡᠭᠡᠪᠦᠷᠢ ᠢ᠋ᠢᠨ ᠬᠦᠴᠦᠨ ᠢ᠋ ᠱᠢᠨᠵᠢᠯᠡᠬᠦ᠌ ᠤᠬᠠᠭᠠᠨᠴᠢ ᠪᠡᠷ ᠲᠣᠬᠢᠷᠠᠭᠤᠯᠵᠤ᠂ ᠲᠡᠷᠭᠡ ᠬᠥᠳᠡᠯᠬᠦ᠌ ᠴᠠᠭ ᠢ᠋ ᠤᠷᠲᠤᠳᠬᠠᠨ ᠲᠡᠷᠭᠡ ᠬᠥᠳᠡᠯᠬᠦ᠌ ᠤᠳᠠᠭ᠎ᠠ ᠢ᠋ᠢ ᠨᠢᠭ᠍ᠲᠠᠷᠠᠭᠤᠯᠵᠤ᠂ ᠤᠷᠢᠳᠴᠢᠯᠠᠨ ᠪᠣᠯᠵᠣᠬᠤ ᠦᠶ᠋ᠯᠡᠴᠢᠯᠡᠭᠡ ᠢ᠋ᠢ ᠨᠡᠮᠡᠭ᠌ᠳᠡᠭᠦᠯᠤᠨ᠂ ᠲᠡᠮᠦᠷ ᠵᠠᠮ᠂ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢ ᠵᠠᠪᠰᠠᠷ ᠥᠬᠡᠶ ᠵᠣᠯᠭᠠᠭᠤᠯᠵᠤ᠂ ᠠᠶᠠᠨᠴᠢᠳ ᠤ᠋ᠨ ᠶᠠᠪᠤᠵᠤ ᠰᠠᠭᠤᠬᠤ 《ᠡᠴᠦᠰ ᠤ᠋ᠨ ᠨᠢᠭᠡ ᠺᠢᠯᠣᠮᠧᠲ᠋ᠷ》 ᠢ᠋ ᠰᠠᠭᠠᠳ ᠥᠬᠡᠶ ᠨᠡᠪᠲᠡᠷᠡᠭᠦᠯᠪᠠ᠃ ᠰᠢᠨ᠎ᠠ ᠤᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠨᠢᠭᠡᠨᠲᠡ ᠲᠡᠷᠬᠡ ᠨᠡᠪᠲᠡᠷᠡᠭ᠌ᠰᠡᠨ ᠲᠦᠷᠭᠡᠨ ᠤ᠋ ᠵᠠᠰᠠᠮᠠᠯ ᠵᠠᠮ ᠤ᠋ᠨ 208 ᠦᠶ᠋ᠯᠡᠴᠢᠯᠡᠭᠡᠨ ᠤ᠋ ᠲᠣᠭᠣᠷᠢᠭ ᠲᠤ᠌ ᠨᠡᠢᠲᠡ 1733 ᠴᠠᠬᠢᠯᠭᠠᠨ ᠴᠡᠨᠡᠭ᠌ᠯᠡᠭᠦᠷ ᠲᠣᠬᠢᠷᠠᠭᠤᠯᠵᠤ᠂ 918 ᠠᠵᠢᠯᠴᠢᠨ ᠲᠤᠬᠠᠶ ᠢ᠋ᠢᠨ ᠲᠠᠯᠠᠪᠤᠷ ᠲᠤ᠌ ᠴᠠᠬᠢᠯᠭᠠᠨ ᠴᠡᠨᠡᠭ᠌ᠯᠡᠬᠦ᠌ ᠡᠮᠬᠢ ᠳᠢᠭ᠌ᠯᠢᠮ ᠢ᠋ ᠬᠥᠲᠥᠯᠥᠨ ᠵᠢᠯᠣᠭᠣᠳᠴᠠᠢ᠃ ᠪᠠᠰᠠ 12328 ᠬᠠᠯᠠᠮᠱᠢᠯ ᠤᠲᠠᠰᠤ ᠢ᠋ᠢ ᠰᠠᠭᠠᠳ ᠥᠬᠡᠶ ᠨᠡᠪᠲᠡᠷᠡᠭᠦᠯᠵᠦ᠍᠂ ᠣᠯᠠᠨ ᠲᠦᠮᠡᠨ ᠤ᠋ ᠬᠦᠰᠡᠯ ᠱᠠᠭᠠᠷᠳᠠᠯᠭ᠎ᠠ ᠳ᠋ᠤ ᠴᠠᠭ ᠲᠤᠬᠠᠶ ᠳ᠋ᠤᠨᠢ ᠬᠠᠷᠢᠭᠤᠯᠲᠠ ᠥᠭ᠌ᠴᠦ᠂ ᠨᠡᠢᠲᠡ 3346 ᠬᠤᠪᠢ ᠲᠤᠬᠠᠢᠯᠠᠭ᠍ᠰᠠᠨ ᠠᠵᠢᠯ ᠢ᠋ ᠭᠥᠯᠢᠶᠡᠨ ᠠᠪᠴᠤ᠌ ᠱᠢᠶ᠋ᠳᠪᠦᠷᠢᠯᠡᠭᠰᠡᠨ ᠪᠠᠢᠨ᠎ᠠ᠃