ᠬᠦᠬᠡᠬᠤᠳᠠ ᠶ᠋ᠢᠨ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠬᠦᠬᠡᠬᠤᠳᠠ ᠶ᠋ᠢᠨ ᠠᠮᠤ ᠲᠤᠰᠤ ᠬᠤᠷᠢᠶᠠᠨ ᠬᠠᠳᠠᠭᠠᠯᠠᠬᠤ ᠬᠢᠵᠠᠭᠠᠷᠳᠦ ᠺᠤᠮᠫᠠᠨᠢ ᠤᠢᠷ᠎ᠠ ᠳ᠋ᠤ ᠬᠦᠬᠡᠬᠤᠳᠠ ᠶ᠋ᠢᠨ ᠠᠮᠤ ᠲᠤᠰᠤᠨ ᠤ᠋ ᠪᠦᠯᠦᠭᠯᠡᠯ ᠤ᠋ᠨ ᠬᠢᠵᠠᠭᠠᠷᠳᠦ ᠺᠤᠮᠫᠠᠨᠢ ᠭᠡᠵᠦ ᠠᠯᠪᠠᠨ ᠶᠤᠰᠤ ᠪᠡᠷ ᠨᠡᠷ᠎ᠠ ᠪᠡᠨ ᠬᠠᠯᠠᠪᠠ᠃
ᠤᠢᠯᠠᠭᠠᠭᠰᠠᠨ ᠶ᠋ᠢᠡᠷ᠂ ᠬᠦᠬᠡᠬᠤᠳᠠ ᠶ᠋ᠢᠨ ᠠᠮᠤ ᠲᠤᠰᠤ ᠬᠤᠷᠢᠶᠠᠨ ᠬᠠᠳᠠᠭᠠᠯᠠᠬᠤ ᠬᠢᠵᠠᠭᠠᠷᠳᠦ ᠺᠤᠮᠫᠠᠨᠢ ᠪᠤᠯ 2017 ᠤᠨ ᠤ᠋ 2 ᠰᠠᠷ᠎ᠠ ᠳ᠋ᠤ ᠤᠯᠤᠰ ᠤ᠋ᠨ ᠠᠮᠤ ᠪᠤᠳᠠᠭᠠᠨ ᠤ᠋ ᠪᠠᠢᠭᠤᠯᠤᠮᠵᠢ ᠶ᠋ᠢᠨ ᠦᠭᠡᠷᠡᠴᠢᠯᠡᠯᠳᠡ ᠶ᠋ᠢᠨ ᠵᠤᠷᠢᠭ ᠰᠠᠨᠠᠭ᠎ᠠ ᠪᠡᠷ ᠬᠦᠬᠡᠬᠤᠳᠠ ᠶ᠋ᠢᠨ ᠬᠠᠷᠢᠶ᠎ᠠ 8 ᠤᠯᠤᠰ ᠤ᠋ᠨ ᠦᠮᠴᠢᠯᠡᠯᠳᠦ ᠠᠮᠤ ᠪᠤᠳᠠᠭᠠᠨ ᠤ᠋ ᠠᠵᠤ ᠠᠬᠤᠢᠯᠠᠯ ᠢ᠋ ᠨᠡᠢᠳᠭᠡᠨ ᠪᠠᠢᠭᠤᠯᠤᠭᠰᠠᠨ ᠤᠯᠤᠰ ᠤ᠋ᠨ ᠦᠮᠴᠢᠯᠡᠯᠳᠦ ᠭᠠᠭᠴᠠ ᠪᠡᠯᠡᠳᠦ ᠠᠮᠤ ᠲᠤᠰᠤ ᠬᠤᠳᠠᠯᠳᠤᠨ ᠠᠪᠴᠤ ᠪᠤᠷᠤᠯᠠᠭᠤᠯᠬᠤ ᠺᠤᠮᠫᠠᠨᠢ ᠪᠠᠢᠵᠤ᠂ ᠬᠦᠬᠡᠬᠤᠳᠠ ᠶ᠋ᠢᠨ 10 ᠤᠯᠤᠰ ᠤ᠋ᠨ ᠦᠮᠴᠢᠯᠡᠯᠳᠦ ᠭᠤᠤᠯᠳᠠᠯᠭᠠᠳᠤ ᠠᠵᠤ ᠠᠬᠤᠢᠯᠠᠯ ᠤ᠋ᠨ ᠨᠢᠭᠡ ᠪᠤᠯᠤᠨ᠎ᠠ᠃ ᠬᠦᠬᠡᠬᠤᠳᠠ ᠶ᠋ᠢᠨ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠤ᠋ᠨ ᠵᠦᠪᠰᠢᠶᠡᠷᠡᠯ ᠶ᠋ᠢᠡᠷ ᠬᠦᠬᠡᠬᠤᠳᠠ ᠶ᠋ᠢᠨ ᠠᠮᠤ ᠲᠤᠰᠤᠨ ᠤ᠋ ᠪᠦᠯᠦᠭᠯᠡᠯ ᠤ᠋ᠨ ᠬᠢᠵᠠᠭᠠᠷᠳᠦ ᠺᠤᠮᠫᠠᠨᠢ ᠭᠡᠵᠦ ᠨᠡᠷ᠎ᠠ ᠪᠡᠨ ᠬᠠᠯᠠᠭᠰᠠᠨ ᠨᠢ ᠤᠯᠤᠰ ᠤ᠋ᠨ ᠠᠮᠤ ᠪᠤᠳᠠᠭᠠᠨ ᠤ᠋ ᠠᠵᠤ ᠠᠬᠤᠢᠯᠠᠯ ᠤ᠋ᠨ ᠦᠭᠡᠷᠡᠴᠢᠯᠡᠯᠳᠡ ᠶ᠋ᠢᠨ ᠲᠤᠬᠠᠢ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ᠂ ᠠᠵᠤ ᠠᠬᠤᠢᠯᠠᠯ ᠤ᠋ᠨ ᠵᠤᠬᠢᠶᠠᠨ ᠪᠠᠢᠭᠤᠯᠤᠯᠳᠠ ᠶ᠋ᠢᠨ ᠪᠦᠲᠦᠴᠡ ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠤ᠋ᠨ ᠤᠷᠳᠤᠨ ᠤ᠋ ᠠᠮᠤ ᠪᠤᠳᠠᠭ᠎ᠠ ᠨᠦᠭᠡᠴᠡᠯᠡᠬᠦ ᠵᠡᠷᠭᠡ ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠲᠤᠬᠠᠢᠯᠠᠭᠰᠠᠨ ᠠᠵᠢᠯ ᠬᠢᠭᠡᠳ ᠠᠮᠤ ᠲᠤᠰᠤᠨ ᠤ᠋ ᠪᠦᠲᠦᠭᠡᠭᠳᠡᠭᠦᠨ ᠢ᠋ ᠡᠳ᠋ᠰᠢᠭᠦᠯᠦᠨ ᠪᠤᠯᠪᠠᠰᠤᠷᠠᠭᠤᠯᠵᠤ ᠪᠤᠷᠤᠯᠠᠭᠤᠯᠬᠤ ᠵᠡᠷᠭᠡ ᠡᠵᠡᠩᠨᠡᠯᠳᠡ ᠶ᠋ᠢᠨ ᠴᠢᠨᠠᠷᠳᠠᠢ ᠲᠤᠬᠠᠢᠯᠠᠭᠰᠠᠨ ᠠᠵᠢᠯ ᠢ᠋ ᠰᠠᠯᠭᠠᠬᠤ ᠶ᠋ᠢ ᠠᠬᠢᠭᠤᠯᠵᠤ᠂ ᠠᠵᠤ ᠠᠬᠤᠢᠯᠠᠯ ᠤ᠋ᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠳᠡ ᠶ᠋ᠢᠨ ᠴᠢᠳᠠᠪᠤᠷᠢ ᠪᠠ ᠵᠠᠰᠠᠯᠳᠠ ᠶ᠋ᠢᠨ ᠲᠦᠪᠰᠢᠨ ᠢ᠋ ᠳᠡᠭᠡᠭᠰᠢᠯᠡᠭᠦᠯᠬᠦ ᠶ᠋ᠢᠨ ᠲᠦᠯᠦᠭᠡ ᠶᠤᠮ᠃
ᠬᠦᠬᠡᠬᠤᠳᠠ ᠶ᠋ᠢᠨ ᠠᠮᠤ ᠲᠤᠰᠤ ᠬᠤᠷᠢᠶᠠᠨ ᠬᠠᠳᠠᠭᠠᠯᠠᠬᠤ ᠬᠢᠵᠠᠭᠠᠷᠳᠦ ᠺᠤᠮᠫᠠᠨᠢ ᠨᠡᠷ᠎ᠠ ᠪᠠᠨ ᠬᠠᠯᠠᠭᠰᠠᠨ ᠶᠠᠪᠤᠳᠠᠯ ᠪᠤᠯ ᠠᠵᠤ ᠠᠬᠤᠢᠯᠠᠯ ᠤ᠋ᠨ ᠪᠠᠢᠯᠳᠤᠬᠤ ᠪᠤᠳᠤᠯᠭ᠎ᠠ ᠶ᠋ᠢᠨ ᠴᠢᠨᠠᠷᠳᠠᠢ ᠬᠡᠯᠪᠡᠷᠢ ᠪᠡᠨ ᠬᠤᠪᠢᠷᠠᠭᠤᠯᠤᠭᠰᠠᠨ ᠪᠠ ᠪᠠᠢᠭᠤᠯᠤᠮᠵᠢ ᠳᠤᠭᠳᠠᠴᠠ ᠶ᠋ᠢᠨ ᠦᠭᠡᠷᠡᠴᠢᠯᠡᠯᠳᠡ ᠬᠢᠭᠰᠡᠨ ᠴᠢᠬᠤᠯᠠ ᠪᠡᠯᠭᠡ ᠲᠡᠮᠳᠡᠭ ᠤ᠋ᠨ ᠴᠢᠨᠠᠷᠳᠠᠢ ᠠᠵᠢᠯᠯᠠᠭ᠎ᠠ ᠪᠤᠯᠤᠨ᠎ᠠ᠃ ᠨᠡᠷ᠎ᠠ ᠪᠡᠨ ᠬᠠᠯᠠᠭᠰᠠᠨ ᠤ᠋ ᠳᠠᠷᠠᠭᠠᠬᠢ ᠪᠦᠯᠦᠭᠯᠡᠯ ᠺᠤᠮᠫᠠᠨᠢ ᠨᠢ ᠨᠡᠩ ᠲᠤᠳᠤᠷᠬᠠᠢ ᠡᠭᠦᠷᠭᠡ ᠴᠢᠳᠠᠪᠬᠢ ᠶ᠋ᠢᠨ ᠪᠠᠢᠷᠢ ᠳᠤᠭᠳᠠᠭᠠᠯᠳᠠ ᠪᠡᠷ 《ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠨᠦᠭᠡᠴᠡᠯᠡᠬᠦ ᠬᠢᠭᠡᠳ ᠵᠠᠬ᠎ᠠ ᠳᠡᠯᠭᠡᠭᠦᠷᠴᠢᠯᠡᠭᠰᠡᠨ ᠡᠵᠡᠩᠨᠡᠯᠳᠡ ᠬᠢᠬᠦ》 ᠬᠤᠤᠰ ᠬᠦᠳᠡᠯᠭᠡᠭᠦᠷ ᠪᠦᠬᠦᠢ ᠬᠦᠭᠵᠢᠯᠳᠡ ᠶ᠋ᠢᠨ ᠪᠠᠢᠷᠢᠰᠢᠯ ᠢ᠋ ᠪᠦᠷᠢᠯᠳᠦᠭᠦᠯᠤᠨ᠂ ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠠᠮᠤ ᠪᠤᠳᠠᠭ᠎ᠠ ᠨᠦᠭᠡᠴᠡᠯᠡᠬᠦ ᠲᠤᠬᠠᠢᠯᠠᠭᠰᠠᠨ ᠠᠵᠢᠯ ᠬᠢᠭᠡᠳ ᠵᠠᠬ᠎ᠠ ᠳᠡᠯᠭᠡᠭᠦᠷᠴᠢᠯᠡᠭᠰᠡᠨ ᠡᠵᠡᠩᠨᠡᠯᠳᠡ ᠶ᠋ᠢᠨ ᠲᠤᠬᠠᠢᠯᠠᠭᠰᠠᠨ ᠠᠵᠢᠯ ᠤ᠋ᠨ ᠲᠤᠰᠬᠠᠢᠵᠢᠭᠰᠠᠨ᠂ ᠢᠯᠭᠠᠵᠤ ᠰᠠᠯᠭᠠᠭᠰᠠᠨ ᠬᠠᠮᠢᠶᠠᠷᠤᠯᠳᠠ ᠶ᠋ᠢ ᠪᠡᠶᠡᠯᠡᠭᠦᠯᠵᠦ᠂ ᠠᠵᠤ ᠠᠬᠤᠢᠯᠠᠯ ᠤ᠋ᠨ ᠭᠤᠤᠯᠯᠠᠬᠤ ᠦᠷᠢᠰᠦᠯᠳᠦᠬᠦ ᠬᠦᠴᠦᠨ ᠪᠠ ᠤᠯᠤᠰ ᠤ᠋ᠨ ᠠᠮᠤ ᠪᠤᠳᠠᠭᠠᠨ ᠤ᠋ ᠠᠮᠦᠷ ᠲᠦᠪᠰᠢᠨ ᠳ᠋ᠤ ᠦᠢᠯᠡᠴᠢᠯᠡᠬᠦ ᠴᠢᠳᠠᠪᠤᠷᠢ ᠶ᠋ᠢ ᠦᠨᠡᠨ ᠬᠦ᠌ ᠴᠢᠩᠭᠠᠳᠬᠠᠬᠤ ᠪᠤᠯᠤᠨ᠎ᠠ᠃