ᠦᠪᠦᠷ ᠮᠤᠩᠭᠤᠯ᠎ᠤᠨ ᠬᠠᠤᠯᠢᠴᠢᠳ᠎ᠤᠨ ᠨᠡᠢᠭᠡᠮᠯᠢᠭ 《ᠤᠮᠠᠷᠠᠲᠤ ᠬᠢᠯᠢ᠎ᠶᠢᠨ ᠬᠠᠤᠯᠢᠴᠢ᠎ᠶᠢᠨ ᠬᠢᠴᠢᠶᠡᠯ᠎ᠦᠨ ᠲᠠᠩᠬᠢᠮ》 ᠡᠷᠬᠢᠯᠡᠵᠡᠢ
2026-01-05 10:06:14
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢᠳ᠎ᠤᠨ ᠨᠡᠢᠭᠡᠮᠯᠢᠭ 《ᠤᠮᠠᠷᠠᠲᠤ ᠬᠢᠯᠢ᠎ᠶᠢᠨ ᠬᠠᠤᠯᠢᠴᠢ᠎ᠶᠢᠨ ᠬᠢᠴᠢᠶᠡᠯ᠎ᠦᠨ ᠲᠠᠩᠬᠢᠮ》ᠡᠷᠬᠢᠯᠡᠵᠦ᠂ 《ᠡᠯᠧᠺᠲᠷᠣᠨ ᠲᠣᠭ᠎ᠠ ᠪᠠᠷᠢᠮᠲᠠ᠎ᠶᠢ ᠬᠢᠨᠠᠨ ᠪᠠᠢᠴᠠᠭᠠᠬᠤ ᠪᠠ ᠮᠠᠭᠠᠳᠯᠠᠬᠤ》 ᠪᠠᠷ ᠭᠣᠣᠯ ᠰᠡᠳᠦᠪ ᠪᠣᠯᠭᠠᠨ ᠬᠢᠴᠢᠶᠡᠯ ᠳᠠᠢᠯᠤᠮᠵᠢ ᠬᠢᠵᠦ᠂ ᠪᠦᠬᠦ ᠣᠷᠣᠨ᠎ᠤ ᠭᠣᠣᠯ ᠬᠤᠪᠢᠶᠠᠷᠢ ᠬᠤᠷᠠᠯ᠎ᠤᠨ ᠲᠠᠯᠠᠪᠠᠢ᠎ᠳᠤ 300 ᠭᠠᠷᠤᠢ ᠬᠠᠤᠯᠢᠴᠢ ᠪᠣᠯᠪᠠᠰᠤᠷᠠᠯ᠎ᠳᠤ ᠣᠷᠣᠯᠴᠠᠪᠠ᠃

ᠪᠤᠯᠪᠠᠰᠤᠷᠠᠯ᠎ᠳᠤ᠂ ᠲᠠᠢ ᠾᠧ᠎ᠲᠠᠢ (ᠨᠠᠨᠴᠠᠩ)ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠎ᠤᠨ ᠳᠡᠭᠡᠳᠦ ᠵᠡᠷᠭᠡ᠎ᠶᠢᠨ ᠬᠣᠷᠰᠢᠭ᠍ᠴᠢ ᠽᠧᠩ ᠴᠢᠩ ᠬᠣᠩ᠎ᠢ ᠤᠷᠢᠵᠤ ᠭᠣᠣᠯ ᠶᠠᠷᠢᠭ᠍ᠴᠢ᠎ᠶᠢᠨ ᠲᠤᠰᠢᠶᠠᠯ᠎ᠢ ᠡᠭᠦᠷᠭᠡᠯᠡᠭᠦᠯᠵᠦ᠂ ᠬᠢᠴᠢᠶᠡᠯ ᠨᠢ ᠡᠯᠧᠺᠲᠷᠣᠨ ᠲᠣᠭ᠎ᠠ ᠪᠠᠷᠢᠮᠲᠠ᠎ᠶᠢᠨ ᠢᠯᠡᠷᠡᠬᠦ ᠬᠡᠯᠪᠡᠷᠢ ᠪᠠ ᠣᠨᠴᠠᠯᠢᠭ᠋᠎ᠢᠶᠠᠷ ᠭᠠᠷᠳᠠᠴᠠ ᠪᠣᠯᠭᠠᠵᠤ᠂ ᠨᠡᠢᠲᠡᠯᠢᠭ ᠬᠠᠤᠯᠢ ᠴᠠᠭᠠᠵᠠ᠎ᠶᠢᠨ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ᠂ ᠡᠯᠧᠺᠲᠷᠣᠨ ᠲᠣᠭ᠎ᠠ ᠪᠠᠷᠢᠮᠲᠠ᠎ᠶᠢᠨ《ᠭᠤᠷᠪᠠᠨ ᠴᠢᠨᠠᠷ》 (ᠬᠣᠯᠪᠣᠭᠳᠠᠬᠤ ᠴᠢᠨᠠᠷ᠂ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ)ᠤ᠋ᠨ ᠲᠤᠯᠭᠠᠨ ᠭᠡᠷᠡᠴᠢᠯᠡᠬᠦ ᠯᠣᠭᠢᠭ᠋᠎ᠢ ᠰᠢᠰᠲᠧᠮ᠎ᠲᠠᠢ ᠵᠠᠳᠠᠯᠪᠠ; ᠬᠣᠯᠪᠣᠭᠳᠠᠬᠤ ᠴᠢᠨᠠᠷ᠎ᠤᠨ ᠬᠢᠨᠠᠨ ᠪᠠᠢᠴᠠᠭᠠᠯᠲᠠ᠎ᠶᠢᠨ ᠵᠢᠷᠭᠤᠭᠠᠨ ᠬᠦᠴᠦᠨ ᠵᠦᠢᠯ᠎ᠢ ᠪᠣᠯᠪᠠᠰᠤᠷᠠᠭᠤᠯᠵᠤ᠂ ᠭᠡᠷᠡᠴᠢ ᠪᠠᠷᠢᠮᠲᠠ ᠬᠢᠭᠡᠳ ᠬᠡᠷᠡᠭ᠎ᠦᠨ ᠪᠣᠳᠠᠲᠤ ᠶᠠᠪᠤᠳᠠᠯ᠎ᠤᠨ ᠬᠣᠯᠪᠣᠭᠳᠠᠬᠤ ᠵᠠᠭᠠᠭ ᠬᠢᠵᠠᠭᠠᠷ᠎ᠢ ᠲᠣᠳᠣᠷᠬᠠᠢᠯᠠᠪᠠ; ᠬᠠᠤᠯᠢ ᠶᠣᠰᠣᠴᠢ ᠴᠢᠨᠠᠷ᠎ᠤᠨ ᠲᠤᠯᠤᠭᠠᠨ ᠶᠡᠬᠡ ᠮᠠᠷᠭᠤᠯᠳᠤᠭᠠᠨ᠎ᠤ ᠴᠡᠭ᠎ᠢ ᠡᠮᠬᠢᠯᠡᠵᠦ᠂ ᠬᠠᠤᠯᠢᠴᠢ᠎ᠶᠢᠨ ᠭᠡᠷᠡᠴᠢ ᠠᠪᠬᠤ ᠵᠢᠷᠤᠮ᠎ᠤᠨ ᠦ ᠰᠡᠪ᠎ᠢ ᠤᠨᠢᠨ ᠳᠡᠭᠡᠷ᠎ᠡ ᠨᠢ ᠢᠯᠭᠠᠨ ᠲᠠᠨᠢᠬᠤ᠎ᠳᠤ ᠬᠦᠴᠦᠨ ᠨᠡᠮᠡᠷᠢᠯᠡᠪᠡ; ᠦᠨᠡᠨ ᠪᠣᠳᠠᠲᠤ ᠴᠢᠨᠠᠷ᠎ᠢ ᠨᠠᠢ᠍ᠮᠠᠨ ᠠᠯᠬᠤᠮ᠎ᠢᠶᠠᠷ ᠬᠢᠨᠠᠨ ᠪᠠᠢᠴᠠᠭᠠᠬᠤ ᠠᠷᠭ᠎ᠠ᠎ᠶᠢ ᠳ᠋ᠦᠩᠨᠡᠵᠦ᠂ ᠲᠣᠭ᠎ᠠ ᠪᠠᠷᠢᠮᠲᠠ᠎ᠶᠢᠨ ᠡᠭᠦᠰᠬᠦ᠎ᠡᠴᠡ ᠲᠣᠭᠲᠠᠬᠤ ᠬᠦᠷᠲᠡᠯᠡᠬᠢ ᠪᠥᠬᠥ ᠬᠡᠯᠬᠢᠶᠡᠨ᠎ᠦ ᠬᠠᠷᠭᠤᠭᠤᠯᠤᠨ ᠪᠠᠢᠴᠠᠭᠠᠬᠤ ᠰᠢᠰᠲᠧᠮ ᠢ᠋ ᠪᠠᠢᠭᠤᠯᠪᠠ᠃ ᠬᠢᠴᠢᠶᠡᠯ ᠨᠢ ᠣᠨᠣᠯ᠎ᠤᠨ ᠦᠨᠳᠦᠷᠴᠡ ᠲᠠᠢ ᠪᠦᠭᠡᠳ ᠪᠣᠳᠠᠲᠠᠢ ᠪᠣᠯᠪᠠᠰᠤᠷᠠᠯ᠎ᠤᠨ ᠦᠨ᠎ᠡ ᠥᠷᠲᠡᠭ᠎ᠲᠠᠢ ᠪᠠᠢᠵᠤ᠂ 《ᠳᠦᠷᠢᠮ᠎ᠦᠨ ᠲᠠᠢᠯᠤᠮᠵᠢ + ᠬᠡᠷᠡᠭ᠎ᠦᠨ ᠵᠢᠱ᠌ᠢᠶ᠎ᠡ᠎ᠶᠢᠨ ᠵᠠᠳᠠᠯᠤᠯᠲᠠ》 ᠵᠢᠨ ᠠᠷᠭ᠎ᠠ ᠮᠠᠶᠢᠭ᠋᠎ᠢᠶᠠᠷ᠂ ᠪᠣᠯᠪᠠᠰᠤᠷᠠᠯ᠎ᠳᠤ ᠣᠷᠣᠯᠴᠠᠬᠰᠠᠨ ᠬᠠᠤᠯᠢᠴᠢᠳ ᠲᠸ᠋ ᠡᠯᠧᠺᠲᠷᠣᠨ ᠲᠣᠭ᠎ᠠ ᠪᠠᠷᠢᠮᠲᠠ᠎ᠶᠢᠨ ᠲᠤᠯᠭᠠᠨ ᠭᠡᠷᠡᠴᠢᠯᠡᠯᠲᠡ᠎ᠶᠢᠨ ᠭᠣᠣᠯᠯᠠᠬᠤ ᠤᠷ᠎ᠠ ᠮᠡᠷᠭᠡᠵᠢᠯ᠎ᠢ ᠲᠦᠷᠭᠡᠨ ᠡᠵᠡᠮᠰᠢᠭᠦᠯᠵᠦ᠂ ᠪᠤᠳᠤᠯᠢᠶᠠᠨᠲᠠᠢ ᠬᠡᠷᠡᠭ᠎ᠦᠨ ᠳᠤᠮᠳᠠᠬᠢ ᠡᠯᠧᠺᠲᠷᠣᠨ ᠭᠡᠷᠡᠴᠢ ᠪᠠᠷᠢᠮᠲᠠ᠎ᠶᠢᠨ ᠬᠡᠷᠡᠭᠯᠡᠯᠲᠡ᠎ᠶᠢᠨ ᠪᠡᠷᠬᠡ ᠰᠡᠳᠦᠪ᠎ᠢ ᠰᠢᠢᠳᠪᠦᠷᠢᠯᠡᠬᠦ᠎ᠳᠦ ᠪᠣᠳᠠᠲᠤ ᠬᠡᠷᠡᠭᠯᠡᠭᠡᠨ᠎ᠦ ᠵᠢᠯᠣᠭᠣᠳᠤᠮᠵᠢ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号