《ᠲᠦᠷᠦᠭᠦᠴᠢ ᠭᠠᠯᠠᠭᠤ》 ᠵᠠᠮᠴᠢᠯᠠᠨ ᠳᠠᠢᠴᠢᠯᠠᠵᠦ ᠬᠦᠳᠡᠭᠡ ᠲᠤᠰᠬᠤᠨ᠎ᠢ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ
2026-01-05 10:55:46
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

 ᠨᠠᠢᠷᠠᠭᠤᠯᠤᠭ᠍ᠴᠢ᠎ᠶ᠋ᠢᠨ ᠦᠭᠡ᠄

ᠰᠢᠨ᠎ᠡ ᠤᠨ᠎ᠤ ᠠᠩᠬᠠᠨ᠎ᠤ᠎ᠳᠤᠭᠠᠷ《ᠨᠠᠮ᠎ᠤᠨ ᠪᠠᠢᠭᠤᠯᠤᠯᠲᠠ》ᠲᠤᠰᠬᠠᠢ ᠬᠡᠪᠯᠡᠯ ᠦᠨᠳᠦᠰᠦᠨ ᠱᠠᠲᠦᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠢᠶᠠᠩᠭᠤᠢ ᠲᠦᠷᠰᠦ ᠪᠤᠯᠤᠬᠰᠠᠨ ᠬᠢᠩᠭᠠᠨ ᠠᠢᠮᠠᠭ᠎ᠤᠨ ᠬᠤᠩ ᠰᠢᠨ ᠲᠤᠰᠬᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠮᠡᠳᠡᠭᠡᠯᠡᠯ ᠵᠢᠡᠷ ᠰᠢᠨ᠎ᠠ ᠤᠨ᠎ᠤ ᠬᠠᠭᠤᠳᠠᠰᠦ ᠵᠢ ᠨᠡᠭᠡᠭᠡᠵᠦ᠂ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠠᠵᠢᠯ ᠳᠤᠮᠳᠠᠬᠢ ᠪᠦᠲᠦᠮᠵᠢᠲᠡᠢ ᠲᠤᠷᠰᠢᠯᠭ᠎ᠠ ᠬᠢᠳᠡᠯ᠎ᠢ ᠤᠯᠠᠨ ᠲᠠᠢ ᠬᠤᠪᠢᠶᠠᠯᠴᠠᠬᠤ ᠪᠤᠯᠤᠨ᠎ᠠ᠃ ᠬᠥᠳᠡᠭᠡ ᠲᠣᠰᠭᠣᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠷ᠎ᠡ ᠪᠦᠲᠦᠮᠵᠢ ᠨᠢ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠱᠢᠭᠤᠳ ᠬᠣᠯᠪᠣᠭ᠍ᠳᠠᠨ᠎ᠠ᠃《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ ᠳ᠋ᠤ 《ᠨᠠᠮ᠎ᠤᠨ ᠪᠠᠢᠭᠤᠯᠤᠯᠲᠠ ᠪᠡᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢ ᠬᠥᠳᠤᠯᠤᠨ ᠳᠠᠭᠠᠭᠤᠯᠤᠨ᠎ᠠ》 ᠭᠡᠵᠦ᠍ ᠴᠢᠬᠤᠯᠠᠴᠢᠯᠠᠪᠠ᠃ 2021 ᠣᠨ᠎ᠠᠴᠠ 2025 ᠣᠨ ᠪᠣᠯᠲᠠᠯ᠎ᠠ᠂ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠱᠠᠳᠤᠨ᠎ᠤ ᠬᠢᠨ ᠨᠠᠮ᠎ᠤᠨ ᠪᠠᠢᠭᠤᠯᠤᠯᠲᠠ᠎ᠶ᠋ᠢ ᠴᠢᠩᠭᠠᠳᠬᠠᠵᠦ᠂ ᠬᠥᠳᠡᠭᠡ ᠲᠣᠰᠭᠣᠨ᠎ᠤ ᠡᠮᠦᠨ᠎ᠡ ᠹᠷᠣᠨᠲ᠎ᠤᠨ ᠲᠠᠢ᠌ᠴᠢᠨ ᠪᠡᠬᠢᠯᠡᠯᠲᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃

2026 ᠤᠨ᠎ᠳᠤ᠂ 《ᠨᠠᠮ᠎ᠤᠨ ᠪᠠᠢᠭᠤᠯᠤᠯᠲᠠ》 ᠲᠤᠰᠬᠠᠢ ᠬᠡᠪᠯᠡᠯ ᠦᠷᠬᠦᠯᠵᠢᠯᠡᠨ ᠰᠢᠨ᠎ᠠ ᠴᠠᠬ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠦ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠲᠦᠯᠦᠪᠵᠢᠬᠦᠯᠭᠡ ᠵᠢᠨ ᠨᠢᠬᠲᠠ ᠲᠤᠭᠤᠷᠢᠨ᠎ᠳᠤ ᠭᠤᠤᠯ ᠬᠦᠭ ᠠᠶᠠᠰ᠎ᠢ ᠴᠢᠪᠬᠠᠳᠠᠨ᠂ ᠲᠦᠪ ᠶᠤᠰᠤ᠎ᠶᠢ ᠰᠠᠬᠢᠵᠦ ᠰᠢᠨ᠎ᠡ᠎ᠶᠢ ᠡᠬᠦᠳᠬᠦ᠎ᠶᠢ ᠪᠠᠷᠢᠮᠳᠠᠯᠠᠵᠦ᠂ ᠦᠪᠦᠷ ᠮᠤᠩᠭᠤᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠤᠯᠠᠨ ᠬᠠᠷᠠᠭᠠᠰᠦ ᠤᠯᠠᠨ ᠳᠡᠰ ᠳᠠᠪᠬᠤᠷᠭ᠎ᠠ ᠡᠴᠡ ᠤᠩᠰᠢᠬᠴᠢ ᠲᠠ ᠨᠠᠷ ᠲᠠᠭᠠᠨ ᠲᠤᠯᠢᠯᠠᠭᠤᠯᠬᠤ ᠪᠤᠯᠤᠨ᠎ᠠ᠃

2025ᠤᠨ ᠎ᠦ 12 ᠰᠠᠷ᠎ᠠ᠎ᠳᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠵᠢᠷᠦᠬᠡᠨ ᠪᠠᠯᠭᠠᠰᠤᠨ᠎ᠤ ᠬᠣᠩ ᠱᠢᠨ ᠲᠣᠰᠭᠣᠨ᠎ᠤ ᠴᠠᠨᠠᠯᠠᠬᠤ ᠲᠠᠯᠠᠪᠠᠶ᠎ᠳᠤ ᠬᠥᠷ ᠬᠥᠭ᠌ᠵᠢᠶᠡᠨ᠎ᠢᠶᠡᠷ ᠪᠢᠯᠬᠠᠨ᠎ᠠ᠃ ᠴᠥᠭᠡᠨ ᠪᠤᠰᠤ ᠲᠣᠰᠭᠣᠨ᠎ᠤ ᠠᠷᠠᠳ ᠡᠨᠳᠡ ᠳᠠᠰᠬᠠᠯᠵᠢᠭᠤᠯᠤᠬᠴᠢ᠂ ᠴᠡᠪᠡᠷᠯᠡᠭ᠌ᠴᠢ᠂ ᠠᠮᠤᠷ᠎ᠢ ᠬᠠᠮᠠᠭᠠᠯᠠᠭ᠍ᠴᠢ ᠪᠣᠯᠵᠣ᠂ ᠡᠷᠴᠢ ᠬᠦᠴᠦᠨ ᠲᠡᠭᠦᠯᠳᠡᠷ ᠠᠵᠢᠯᠯᠠᠨ᠎ᠠ᠃ 2020 ᠣᠨ᠎ᠳᠤ ᠬᠣᠩ ᠱᠢᠨ ᠲᠣᠰᠭᠣᠨ᠎ᠤ ᠶᠠᠳᠠᠭᠤ ᠬᠦᠴᠢᠷᠳᠡᠯᠲᠡᠢ ᠡᠷᠦᠬᠡ ᠪᠦᠬᠦᠨ᠎ᠢᠶᠡᠷ᠎ᠢᠶᠡᠨ ᠶᠠᠳᠠᠭᠤ᠎ᠠᠴᠠ ᠠᠩᠭᠢᠵᠢᠷᠠᠵᠤ᠂ ᠤᠳᠤ ᠠᠵᠤ ᠦᠢᠯᠡᠰ ᠬᠥᠭ᠌ᠵᠢᠨ ᠮᠠᠨᠳᠤᠵᠦ᠂ ᠠᠷᠠᠳ᠎ᠤᠨ ᠠᠮᠢᠳᠤᠷᠠᠯ ᠡᠳᠦᠷ᠎ᠡᠴᠡ ᠡᠳᠦᠷ ᠰᠠᠢᠵᠢᠷᠠᠬᠰᠠᠨ ᠦᠭᠡᠳᠡᠷᠭᠡᠭ ᠪᠠᠢᠳᠠᠯ ᠢᠯᠡᠷᠡᠪᠡ᠃ ᠡᠨᠡ ᠨᠢ ᠲᠣᠰᠭᠣᠨ᠎ᠤ ᠨᠠᠮ᠎ᠤᠨ ᠡᠬᠦᠷ᠎ᠤᠨ ᠤᠯᠠᠨ ᠲᠦᠮᠡᠨ᠎ᠢ ᠳᠠᠢᠴᠢᠯᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ ᠵᠢᠡᠷ ᠵᠠᠮᠨᠠᠬᠰᠠᠨ᠎ᠤ ᠦᠷ᠎ᠡ ᠪᠦᠲᠦᠮᠵᠢ ᠪᠤᠯᠤᠨ᠎ᠠ᠃


QQ20260105-104902.png


ᠬᠣᠩ ᠱᠢᠨ ᠲᠣᠰᠭᠣᠨ᠎ᠤ ᠭᠠᠵᠠᠷ ᠨᠤᠲᠤᠭ ᠬᠡᠳᠦᠢᠪᠡᠷ ᠥᠷᠭᠡᠨ ᠠᠭᠤᠳᠠᠮ ᠪᠣᠯᠪᠠᠴᠤ᠌ ᠬᠥᠮᠦᠨ ᠠᠮᠠ᠎ᠶ᠋ᠢᠨ ᠰᠢᠯᠵᠢᠯᠲᠡ ᠶᠡᠬᠡ᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠳᠣᠲᠣᠷ᠎ᠠ ᠨᠠᠰᠤᠲᠠᠢᠴᠤᠳ ᠣᠯᠠᠨ ᠪᠠᠢᠳᠠᠭ᠃ ᠰᠠᠶᠢᠬᠠᠨ ᠶᠠᠳᠠᠭᠤ᠎ᠠᠴᠠ ᠠᠩᠭᠢᠵᠢᠷᠠᠬᠤ ᠦᠶ᠎ᠡ᠎ᠳᠦ᠂ ᠠᠵᠤ ᠦᠢᠯᠡᠰ᠎ᠦᠨ ᠬᠡᠪᠴᠢᠶ᠎ᠡ ᠪᠠᠭ᠎ᠠ᠂ ᠰᠠᠭᠤᠷᠢ ᠲᠥᠬᠥᠭᠡᠷᠦᠮᠵᠢ ᠠᠨᠠᠢ᠂ ᠲᠣᠰᠭᠣᠨ᠎ᠤ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ ᠳᠤᠲᠠᠮᠠᠭ ᠪᠠᠢᠪᠠ᠃《ᠶᠠᠳᠠᠭᠤ᠎ᠠᠴᠠ ᠠᠩᠭᠢᠵᠢᠷᠠᠭᠤᠯᠬᠤ ᠪᠣᠯ ᠡᠬᠢᠯᠡᠯᠲᠡ ᠲᠡᠳᠦᠢ᠂ ᠠᠵᠤ ᠠᠬᠤᠢ ᠵᠢ ᠬᠥᠭ᠌ᠵᠢᠭᠦᠯᠵᠦ ᠬᠦᠳᠡᠭᠡ ᠲᠤᠰᠬᠤᠨ᠎ᠢ ᠬᠥᠭ᠌ᠵᠢᠭᠦᠯᠦᠨ ᠮᠠᠨᠳᠤᠭᠤᠯᠬᠤ ᠪᠤᠯ ᠬᠤᠢᠰᠢᠳᠠ ᠵᠢᠨ ᠭᠤᠤᠯ ᠡᠭᠦᠷᠭᠡ ᠪᠤᠯᠤᠨ᠎ᠠ》 ᠭᠡᠵᠦ ᠲᠣᠰᠭᠣᠨ᠎ᠤ ᠨᠠᠮ᠎ᠤᠨ ᠡᠭᠦᠷ᠎ᠦᠨ ᠱᠦᠵᠢ ᠯᠢ ᠶᠢᠩ ᠬᠤᠢ ᠬᠠᠷᠢᠭᠤᠴᠠᠯᠭ᠎ᠠ ᠬᠦᠨᠳᠦ ᠶᠡᠬᠡ ᠬᠡᠳᠡᠭ ᠵᠢᠡᠨ ᠭᠦᠨᠵᠡᠭᠡᠢ ᠣᠢᠯᠠᠭᠠᠨ᠎ᠠ᠃


QQ20260105-104920.png


ᠬᠥᠳᠡᠭᠡ ᠲᠣᠰᠭᠣᠨ᠎ᠤ ᠬᠥᠭ᠌ᠵᠢᠯᠲᠡ᠎ᠳᠦ ᠭᠠᠵᠠᠷ ᠱᠢᠷᠣᠢ ᠪᠣᠯ ᠵᠠᠩᠭᠢᠯᠠᠭ᠎ᠠ ᠪᠣᠯᠤᠨ᠎ᠠ᠃ ᠬᠣᠩ ᠱᠢᠨ ᠲᠣᠰᠭᠣᠨ᠎ᠤ ᠲᠠᠷᠢᠶᠠᠨ ᠭᠠᠵᠠᠷ ᠲᠠᠷᠠᠬᠠᠢ ᠪᠤᠲᠠᠷᠬᠠᠢ᠂ 《ᠠᠯᠠᠭ᠍ᠯᠠᠭ᠍ᠰᠠᠨ ᠭᠠᠵᠠᠷ》ᠤ᠋ᠨ ᠦᠵᠡᠭ᠌ᠳᠡᠯ ᠲᠤᠪᠤᠢ᠌ᠮ᠎ᠠ ᠪᠠᠢᠵᠤ᠂ ᠲᠤᠮᠤ ᠬᠡᠯᠪᠡᠷᠢ᠎ᠶ᠋ᠢᠨ ᠮᠠᠱᠢᠨ ᠮᠧᠬᠠᠨᠢᠭ ᠠᠵᠢᠯᠯᠠᠬᠤ᠎ᠶ᠋ᠢᠨ ᠠᠷᠭ᠎ᠠ ᠦᠭᠡᠢ᠂ ᠡᠷᠴᠢᠮᠵᠢᠭᠦᠯᠦᠭ᠌ᠰᠡᠨ ᠬᠥᠭ᠌ᠵᠢᠯᠲᠡ ᠳᠠᠪᠬᠤᠷ ᠳᠠᠪᠬᠤᠷ ᠬᠦᠴᠢᠷᠳᠡᠯ᠎ᠳᠦ ᠲᠤᠯᠭᠠᠷᠠᠵᠤ ᠪᠠᠢᠪᠠ᠃ ᠡᠨᠡ᠎ᠬᠦ ᠪᠠᠢᠳᠠᠯ᠎ᠤᠨ ᠡᠮᠦᠨ᠎ᠠ᠂ ᠲᠣᠰᠭᠣᠨ᠎ᠤ ᠨᠠᠮ᠎ᠤᠨ ᠡᠭᠦᠷ ᠬᠣᠩ ᠱᠢᠨ ᠲᠠᠷᠢᠮᠠᠯ᠎ᠤᠨ ᠲᠤᠰᠭᠠᠶ ᠬᠣᠷᠱᠢᠶ᠎ᠠ᠎ᠶ᠋ᠢ ᠳᠠᠭᠠᠭᠤᠯᠤᠨ ᠡᠷᠬᠢᠯᠡᠵᠦ᠍᠂ ᠭᠠᠵᠠᠷ ᠱᠢᠷᠣᠶ᠎ᠶ᠋ᠢᠨ ᠡᠵᠡᠩᠨᠡᠯᠲᠡ᠎ᠶᠢᠨ ᠡᠷᠭᠡ᠎ᠶᠢ ᠬᠦᠢᠯᠬᠡᠬᠡᠬᠦ᠎ᠶ᠋ᠢ ᠠᠬᠢᠭᠤᠯᠪᠠ᠃ ᠯᠢ ᠶᠢᠩ ᠬᠤᠢ ᠲᠣᠰᠭᠣᠨ᠎ᠤ ᠠᠷᠠᠳ᠎ᠲᠠᠭᠠᠨ ᠡᠢᠮᠦᠷᠬᠦᠦ ᠲᠠᠩᠰᠠ᠎ᠶᠢ ᠪᠤᠳᠤᠵᠦ ᠦᠭᠪᠡ᠄《ᠥᠪᠡᠷ᠎ᠢᠶᠡᠨ ᠡᠷᠳᠡᠨᠢ ᠱᠢᠰᠢ ᠲᠠᠷᠢᠬᠰᠠᠨ ᠬᠤᠢᠨ᠎ᠠ ᠥᠪᠡᠷ᠎ᠦᠨ ᠦᠷᠳᠡᠭ ᠪᠠ ᠬᠥᠯᠥᠰᠥᠨ ᠮᠥᠩᠭᠥ᠎ᠵᠢ ᠬᠠᠰᠤᠪᠠᠯ ᠳᠡᠮᠡᠢ ᠦᠯᠡᠳᠡᠬᠦ ᠦᠬᠡᠢ᠂ ᠭᠠᠵᠠᠷ ᠰᠢᠷᠤᠢ᠎ᠵᠢᠨ ᠡᠵᠡᠩᠨᠡᠯᠲᠡ᠎ᠶᠢᠨ ᠡᠷᠭᠡ᠎ᠶᠢ ᠬᠣᠷᠱᠢᠶ᠎ᠠ᠎ᠳᠤ ᠬᠦᠢᠯᠭᠡᠭᠡᠪᠠᠯ ᠮᠦ᠍ ᠪᠦᠷᠢ᠎ᠶ᠋ᠢᠨ ᠲᠦᠷᠢᠶᠡᠰᠦᠨ ᠮᠥᠩᠭᠥ᠌ ᠨᠢ 1000 ᠲᠥᠭᠥᠷᠢᠭ᠎ᠲᠤ ᠬᠦᠷᠴᠦ᠂ ᠪᠠᠰᠠ ᠬᠥᠯᠥᠰᠥᠨ ᠠᠵᠢᠯ ᠵᠢᠡᠨ ᠰᠠᠭᠠᠲᠠᠭᠠᠬᠤ ᠦᠭᠡᠢ》᠃  3200 ᠮᠦ᠍ ᠭᠠᠵᠠᠷ ᠱᠢᠷᠣᠢ᠎ᠶ᠋ᠢᠨ ᠡᠵᠡᠩᠨᠡᠯᠲᠡ᠎ᠶᠢᠨ ᠡᠷᠭᠡ᠎ᠶᠢ ᠬᠦᠢᠯᠭᠡᠭᠡᠬᠦ ᠨᠢ ᠠᠵᠤ ᠦᠢᠯᠡᠰ᠎ᠦᠨ ᠬᠥᠭ᠌ᠵᠢᠯᠲᠡ᠎ᠶ᠋ᠢᠨ ᠰᠠᠭᠤᠷᠢ ᠪᠣᠯᠪᠠ᠃ ᠭᠠᠵᠠᠷ ᠱᠢᠷᠣᠶ᠎ᠶ᠋ᠢ ᠡᠷᠴᠢᠮᠵᠢᠭᠦᠯᠦᠭ᠌ᠰᠡᠨ᠎ᠦ ᠳᠠᠷᠠᠭ᠎ᠠ᠂ ᠲᠣᠰᠭᠣᠨ᠎ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠭᠤᠶᠤᠴᠢᠯᠠᠵᠤ᠂ ᠬᠤᠳᠳᠤᠭ ᠮᠠᠯᠲᠠᠨ᠂ ᠤᠰᠤ ᠬᠠᠳᠠᠭᠠᠯᠠᠬᠤ ᠴᠥᠭᠥᠷᠥᠮ ᠪᠠᠢᠭᠤᠯᠵᠦ᠂ ᠴᠠᠬᠢᠯᠭᠠᠨ ᠲᠤᠤᠷ᠎ᠢ ᠥᠭᠡᠷᠡᠴᠢᠯᠡᠭᠰᠡᠨ ᠵᠢᠡᠷ ᠠᠮᠤ ᠪᠤᠳᠠᠭᠠᠨ᠎ᠤ ᠤᠨᠠᠯᠲᠠ 40% ᠪᠡᠷ ᠨᠡᠮᠡᠭ᠌ᠳᠡᠪᠡ᠃

ᠲᠥᠪᠯᠡᠷᠡᠨ ᠵᠠᠯᠭᠠᠯᠳᠤᠭ᠍ᠰᠠᠨ ᠭᠠᠵᠠᠷ ᠱᠢᠷᠣᠶ ᠨᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠲᠠᠷᠢᠶᠠᠯᠠᠩ᠎ᠤᠨ ᠠᠵᠤ ᠠᠬᠤᠢᠯᠠᠯ᠎ᠢ ᠲᠠᠲᠠᠪᠠ᠃ ᠰᠸᠴᠤᠸᠠᠨ᠎ᠤ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠡᠨᠳᠡ ᠲᠤᠷᠱᠢᠯᠲᠠ᠎ᠶ᠋ᠢᠨ ᠲᠠᠷᠢᠶ᠎ᠠ ᠭᠠᠷᠭᠠᠵᠤ᠂ ᠯᠢᠥᠢ ᠪᠠᠩ ᠲᠠᠷᠢᠶᠠᠯᠠᠩ᠂ ᠬᠣᠩ ᠰᠸᠨ ᠲᠠᠷᠢᠶᠠᠯᠠᠩ ᠵᠡᠷᠭᠡ ᠠᠵᠤ ᠠᠬᠤᠢᠯᠠᠯ ᠬᠣᠢᠨ᠎ᠠ ᠬᠣᠢᠨ᠎ᠠ᠎ᠠᠴᠠ᠎ᠪᠠᠨ ᠡᠨᠳᠡ ᠨᠤᠲᠤᠬᠰᠢᠪᠠ᠃ ᠯᠢᠦᠢ ᠪᠠᠩ ᠲᠠᠷᠢᠶᠠᠯᠠᠩ ᠪᠡᠯᠡ ᠣᠷᠣᠭᠤᠯᠵᠦ᠂ 84 ᠲᠤᠮᠤ ᠬᠦᠯᠡᠮᠵᠢ ᠪᠠᠢᠭᠤᠯᠵᠤ᠂ ᠲᠠᠷᠪᠤᠰ ᠪᠣᠯᠤᠨ ᠠᠮᠲᠠᠲᠤ ᠬᠡᠮᠬᠡ ᠲᠠᠷᠢᠵᠤ᠂ ᠵᠢᠷᠭᠤᠭᠠᠨ ᠬᠤᠭᠤᠴᠠᠭᠠᠨ᠎ᠤ ᠲᠠᠷᠪᠤᠰ᠎ᠤᠨ ᠨᠠᠢᠷ᠎ᠢ ᠦᠷᠭᠦᠯᠵᠢᠯᠡᠨ ᠡᠷᠬᠢᠯᠡᠵᠦ᠂ 40 ᠭᠠᠷᠤᠢ ᠬᠥᠮᠦᠨ ᠡᠨᠳᠡ ᠠᠵᠢᠯ ᠬᠢᠵᠦ᠍᠂ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ ᠨᠢ ᠲᠦᠮᠡᠨ ᠲᠥᠭᠥᠷᠢᠭ᠎ᠡᠴᠡ ᠳᠡᠭᠡᠭ᠌ᠰᠢ ᠨᠡᠮᠡᠭ᠌ᠳᠡᠪᠡ᠃ 《ᠬᠣᠩ ᠰᠧᠨ ᠲᠠᠷᠢᠶᠠᠯᠠᠩ᠎ᠨᠢ ᠬᠠᠢᠯᠠᠷ ᠨᠠᠷᠠᠰᠤ᠎ᠳᠤ ᠲᠤᠰᠭᠠᠢᠯᠠᠨ ᠤᠯᠠᠭᠠᠨ ᠨᠠᠷᠠᠰᠤᠨ᠎ᠤ ᠮᠡᠷᠭᠡᠵᠢᠯ᠎ᠢ ᠵᠠᠯᠭᠠᠵᠤ᠂ ᠠᠵᠤ ᠠᠬᠤᠶ᠎ᠶ᠋ᠢᠨ ᠦᠷ᠎ᠡ ᠠᠱᠢᠭ ᠥᠬᠡᠶ ᠪᠠᠢᠭ᠍ᠰᠠᠨ ᠬᠠᠢᠯᠠᠷ ᠨᠠᠷᠠᠰᠤᠨ᠎ᠤ ᠭᠠᠷᠤᠯᠲᠠ᠎ᠶ᠋ᠢ ᠨᠡᠮᠡᠭ᠌ᠳᠡᠭᠦᠯᠵᠦ᠍᠂ ᠮᠥ᠍ ᠪᠦᠷᠢ᠎ᠶ᠋ᠢᠨ ᠦᠶ᠋ᠯᠡᠳᠬᠦᠨ᠎ᠦ ᠥᠷᠲᠡᠭ᠎ᠢ ᠳᠠᠬᠢᠨ᠎ᠢᠶᠠᠷ ᠨᠡᠮᠡᠭ᠌ᠳᠡᠭᠦᠯᠵᠦ᠍᠂ ᠪᠠᠰᠠ 20 ᠭᠠᠷᠤᠶ ᠲᠣᠰᠭᠣᠨ᠎ᠤ ᠠᠷᠠᠳ᠎ᠢ ᠬᠥᠯᠥᠰᠥᠯᠡᠨ ᠵᠠᠯᠭᠠᠬᠤ ᠮᠡᠷᠭᠡᠵᠢᠯ᠎ᠢ ᠰᠤᠷᠤᠯᠴᠠᠭᠤᠯᠵᠤ᠂ ᠢᠷᠡᠭᠡᠳᠦᠶ᠎ᠳᠦ ᠮᠢᠩᠭᠠᠨ ᠮᠥ᠍ ᠵᠢᠱ᠌ᠢᠶ᠎ᠡ ᠦᠵᠡᠭᠦᠯᠬᠦ᠌ ᠬᠦᠷᠢᠶᠡᠯᠡᠩ ᠪᠠᠢᠭᠤᠯᠬᠤ ᠪᠡᠷ ᠲᠦᠯᠦᠪᠯᠡᠵᠦ ᠪᠠᠢᠨ᠎ᠠ》 ᠭᠡᠵᠦ ᠯᠢ ᠶᠢᠩ ᠬᠤᠢ ᠲᠠᠨᠢᠯᠴᠠᠭᠤᠯᠤᠨ᠎ᠠ᠃

ᠴᠠᠨᠠᠯᠠᠬᠤ ᠲᠠᠯᠠᠪᠠᠢ ᠨᠢ ᠬᠣᠩ ᠱᠢᠨ ᠲᠣᠰᠭᠣᠨ᠎ᠤ ᠣᠮᠣᠭ᠍ᠰᠢᠯ ᠪᠤᠯᠪᠠ᠃ ᠲᠤᠰᠬᠤᠨ᠎ᠤ ᠨᠠᠮ᠎ᠤᠨ ᠡᠬᠦᠷ᠎ᠤᠨ ᠱᠦᠵᠢ ᠯᠢ ᠶᠢᠩ ᠬᠤᠢ ᠢᠳᠡᠪᠬᠢᠲᠡᠢ ᠴᠢᠷᠮᠠᠢᠵᠤ᠂ ᠠᠵᠤ ᠠᠬᠤᠢᠯᠠᠯ᠎ᠲᠠᠶ ᠤᠯᠠᠨ ᠤᠳᠠᠭ᠎ᠠ ᠵᠥᠪᠳᠡᠨ ᠶᠠᠷᠢᠯᠴᠠᠬᠰᠠᠨ ᠵᠢᠡᠷ᠂ ᠴᠠᠨᠠᠯᠠᠬᠤ ᠲᠠᠯᠠᠪᠠᠢ ᠡᠴᠦᠰ᠎ᠲᠡᠬᠡᠨ ᠡᠨᠳᠡ ᠨᠤᠲᠤᠭ᠍ᠰᠢᠪᠠ᠃ ᠴᠠᠨᠠᠯᠠᠬᠤ ᠲᠠᠯᠠᠪᠠᠢ ᠨᠢ 《ᠲᠤᠰᠬᠤᠨ᠎ᠤ ᠬᠠᠮᠳᠦ ᠡᠴᠡ ᠭᠠᠵᠠᠷ ᠱᠢᠷᠣᠶ᠎ᠪᠠᠷ ᠬᠤᠪᠢ ᠣᠷᠣᠭᠤᠯᠬᠤ᠂ ᠠᠵᠤ ᠠᠬᠤᠢᠯᠠᠯ ᠡᠴᠡ ᠡᠵᠡᠩᠨᠡᠯᠲᠡ ᠬᠢᠵᠦ ᠠᠱᠢᠭ ᠬᠤᠪᠢᠶᠠᠷᠢᠯᠠᠬᠤ》 ᠵᠠᠭ᠍ᠪᠤᠷ᠎ᠢ ᠬᠡᠷᠡᠭ᠌ᠯᠡᠨ᠂ ᠵᠢᠯ ᠪᠦᠷᠢ ᠲᠤᠰᠬᠤᠨ᠎ᠤ ᠬᠠᠮᠲᠤ᠎ᠳᠤ 5 ᠡᠴᠡ 6 ᠲᠦᠮᠡᠨ ᠲᠥᠭᠥᠷᠢᠭ᠎ᠦᠨ ᠠᠱᠢᠭ ᠬᠤᠪᠢᠶᠠᠷᠢᠯᠠᠪᠠ᠃ ᠠᠵᠤ ᠦᠶ᠋ᠯᠡᠰ᠎ᠦᠨ ᠬᠥᠭ᠌ᠵᠢᠯᠲᠡ᠎ᠨᠢ ᠠᠵᠢᠯ ᠤᠯᠬᠤ ᠲᠣᠬᠢᠶᠠᠯ᠎ᠢ ᠨᠡᠮᠡᠭ᠌ᠳᠡᠭᠦᠯᠦᠭᠰᠡᠨ ᠵᠢᠡᠷ᠂ ᠡᠪᠡᠳᠴᠢᠯᠡᠭ᠌ᠰᠡᠨ ᠡᠵᠢ᠎ᠪᠡᠨ ᠬᠠᠷᠠᠭᠠᠯᠵᠠᠭᠠᠳ ᠬᠣᠯᠠ ᠶᠠᠪᠤᠬᠤ᠎ᠶ᠋ᠢᠨ ᠠᠷᠭ᠎ᠠ ᠥᠬᠡᠶ 55 ᠨᠠᠰᠤᠲᠠᠶ ᠲᠣᠰᠭᠣᠨ᠎ᠤ ᠠᠷᠠᠳ ᠦ᠋ ᠬᠠᠶ ᠴᠧᠩ  ᠬᠦᠯᠡᠮᠵᠢ᠂ ᠴᠠᠨᠠᠯᠠᠬᠤ ᠲᠠᠯᠠᠪᠠᠶ᠎ᠳᠤ ᠴᠥᠮ ᠠᠵᠢᠯ ᠬᠢᠵᠦ᠍ ᠴᠠᠯᠢᠩ ᠤᠯᠬᠤ ᠪᠤᠯᠵᠠᠢ᠃᠎ᠡᠨᠡ᠎ᠬᠦ ᠴᠠᠯᠢᠩ᠎ᠤᠨ ᠳᠡᠭᠡᠷ᠎ᠡ ᠭᠠᠵᠠᠷ ᠱᠢᠷᠣᠶ᠎ᠶ᠋ᠢᠨ ᠲᠦᠷᠢᠶᠡᠰᠦᠨ ᠮᠥᠩᠭᠥ ᠪᠠᠨ ᠨᠡᠮᠡᠪᠡᠯ᠂ ᠲᠡᠷᠡ ᠨᠢᠭᠡ ᠵᠢᠯ᠎ᠳᠦ ᠭᠤᠷᠪᠠ ᠳᠥᠷᠪᠡᠨ ᠲᠦᠮᠡᠨ ᠲᠥᠭᠥᠷᠢᠭ᠎ᠤᠨ ᠤᠷᠤᠯᠭ᠎ᠠ ᠣᠯᠳᠠᠭ᠃

2024 ᠣᠨ᠎ᠳᠤ᠂ ᠬᠣᠩ ᠱᠢᠨ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠣᠷᠣᠯᠭ᠎ᠠ 75 ᠲᠦᠮᠡᠨ ᠲᠥᠭᠥᠷᠢᠭ᠎ᠲᠦ ᠬᠦᠷᠴᠦ᠍᠂ 2025 ᠤᠨ᠎ᠳᠤ ᠵᠢᠱ᠌ᠢᠯᠲᠡ᠎ᠪᠡᠷ ᠪᠠᠰᠠ 10 ᠲᠦᠮᠡᠨ ᠲᠥᠭᠥᠷᠢᠭ ᠨᠡᠮᠡᠭ᠌ᠳᠡᠬᠦ᠌ ᠪᠣᠯᠤᠨ᠎ᠠ᠃ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠨᠢ ᠠᠷᠠᠳ᠎ᠤᠨ ᠠᠮᠢᠳᠤᠷᠠᠯ᠎ᠤᠨ ᠪᠤᠶᠠᠨ ᠬᠡᠰᠢᠭ᠎ᠢ ᠨᠡᠮᠡᠭᠳᠡᠬᠦᠯᠵᠦ᠂ ᠲᠣᠰᠭᠣᠨ ᠡᠴᠡ ᠪᠦᠬᠦ ᠲᠤᠰᠬᠤᠨ᠎ᠤ ᠤᠯᠠᠨ ᠲᠦᠮᠡᠨ᠎ᠳᠤ ᠡᠮ ᠡᠮᠨᠡᠯᠭᠡ᠎ᠶ᠋ᠢᠨ ᠳᠠᠭᠠᠳᠭᠠᠯ ᠪᠠ ᠲᠦᠭᠡᠭᠡᠯ ᠤᠰᠤᠨ᠎ᠤ ᠰᠦᠶ᠋ᠳᠭᠡᠯ ᠲᠤᠱᠢᠶᠠᠨ ᠦᠭᠴᠦ᠂ ᠠᠳᠠᠯ ᠠᠬᠤᠢᠵᠢᠭ᠍ᠰᠠᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯ᠎ᠤᠨ ᠪᠠᠢᠷᠢ᠎ᠳᠤ ᠬᠦᠴᠢᠷᠳᠡᠯᠲᠡᠢ ᠡᠷᠦᠬᠡ᠎ᠶ᠋ᠢ ᠤᠷᠢᠳ ᠵᠢᠡᠷ ᠤᠷᠢᠨ ᠬᠡᠷᠡᠭ᠌ᠯᠡᠵᠦ᠍ ᠤᠷᠤᠯᠭ᠎ᠠ᠎ᠶᠢ ᠨᠢ ᠨᠡᠮᠡᠭᠳᠡᠬᠦᠯᠦᠭᠰᠡᠨ ᠵᠢᠡᠷ ᠦᠯᠦ ᠪᠠᠷᠠᠮ᠂ ᠠᠢᠯ ᠲᠣᠰᠭᠣᠨ᠎ᠤ ᠣᠷᠴᠢᠨ ᠲᠣᠭᠣᠷᠢᠨ᠎ᠤ ᠴᠡᠪᠡᠷ ᠲᠡᠭ᠌ᠰᠢ ᠡᠮᠬᠢ ᠵᠢᠷᠤᠮ᠎ᠲᠠᠶ ᠪᠣᠯᠬᠤ᠎ᠶᠢ ᠪᠠᠲᠤᠯᠠᠪᠠ᠃ ᠡᠳᠦᠭᠡ᠂ ᠬᠣᠩ ᠱᠢᠨ ᠲᠣᠰᠭᠣᠨ 《ᠠᠵᠤ ᠦᠢᠯᠡᠰ᠎ᠢᠶᠡᠷ ᠴᠢᠰᠤ ᠪᠦᠲᠦᠭᠡᠬᠦ — ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ》ᠰᠠᠢ᠌ᠨ ᠣᠷᠴᠢᠯ᠎ᠢ ᠪᠦᠷᠢᠯᠳᠦᠭᠦᠯᠵᠦ᠍᠂ ᠲᠣᠰᠭᠣᠨ᠎ᠤ ᠠᠷᠠᠳ᠎ᠤᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 2020 ᠣᠨ᠎ᠳᠤ 9000 ᠭᠠᠷᠤᠢ ᠲᠥᠭᠥᠷᠢᠭ ᠪᠠᠢᠭ᠍ᠰᠠᠨ᠎ᠠᠴᠠ᠎ᠪᠠᠨ 2024 ᠣᠨ᠎ᠳᠤ 19500 ᠲᠥᠭᠥᠷᠢᠭ ᠪᠣᠯᠤᠨ ᠨᠡᠮᠡᠭ᠌ᠳᠡᠪᠡ᠃

ᠬᠣᠩ ᠱᠢᠨ ᠲᠣᠰᠭᠣᠨ᠎ᠤ ᠡᠳᠡᠭᠡᠷ ᠬᠤᠪᠢᠷᠠᠯᠲᠠ ᠨᠢ ᠰᠠᠢᠨ ᠳᠠᠭᠠᠭᠤᠯᠤᠭ᠍ᠴᠢ᠎ᠠᠴᠠ ᠰᠠᠯᠵᠤ ᠴᠢᠳᠠᠬᠤ ᠦᠭᠡᠢ᠃ ᠤᠢᠷ᠎ᠠ᠎ᠶᠢᠨ ᠵᠢᠯ ᠡᠴᠡ ᠨᠠᠭᠠᠰᠢ᠂ ᠥᠪᠥᠷ ᠮᠣᠩᠭᠣᠯ᠎ᠨᠠᠮ᠎ᠤᠨ ᠪᠠᠢᠭᠤᠯᠤᠯᠲᠠ ᠪᠡᠷ ᠬᠦᠳᠦᠯᠦᠨ ᠳᠠᠭᠠᠭᠤᠯᠵᠦ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠭᠠᠴᠠᠭ᠎ᠠ ᠲᠣᠰᠭᠣᠨ᠎ᠤ ᠬᠣᠶᠠᠷ ᠵᠥᠪᠯᠡᠯ ᠤ᠋ᠨ ᠪᠠᠭ᠎ᠢ ᠱᠢᠯᠢᠳᠡᠭ᠌ᠵᠢᠭᠦᠯᠦᠨ᠂《ᠲᠦᠷᠦᠭᠦᠴᠢ ᠭᠠᠯᠠᠭᠤ》ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠂ ᠬᠢᠩᠭᠠᠨ ᠠᠢᠮᠠᠭ《ᠨᠠᠮ᠎ᠤᠨ ᠭᠡᠱᠢᠭᠦᠨ + ᠨᠤᠲᠤᠭ᠎ᠤᠨ ᠴᠢᠳᠠᠪᠤᠷᠢᠲᠠᠨ + ᠲᠣᠰᠭᠣᠨ᠎ᠤ ᠺᠠᠳ᠋ᠷ》 ᠭᠤᠷᠪᠠ᠎ᠶ᠋ᠢ ᠨᠢᠭᠡ ᠴᠤᠬ᠍ᠴᠠᠵᠢᠭᠤᠯᠤᠨ ᠬᠥᠮᠦᠵᠢᠭᠦᠯᠬᠦ᠌᠎ᠶ᠋ᠢ ᠬᠡᠷᠡᠭ᠌ᠵᠢᠭᠦᠯᠦᠨ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠭᠤᠤᠯᠯᠠᠭ᠍ᠴᠢ ᠬᠦᠴᠦᠨ᠎ᠢ ᠳᠠᠪᠲᠠᠨ ᠪᠣᠯᠪᠠᠰᠤᠷᠠᠭᠤᠯᠪᠠ᠃

ᠥᠪᠡᠷᠲᠡᠭᠡᠨ ᠵᠠᠰᠠᠬᠤ ᠣᠷᠣᠨ ᠡᠴᠡ ᠵᠣᠬᠢᠶᠠᠨ ᠪᠠᠢᠭᠤᠯᠤᠭ᠍ᠰᠠᠨ ᠨᠢᠭᠡ ᠤᠳᠠᠭ᠎ᠠ᠎ᠵᠢᠨ ᠪᠣᠯᠪᠠᠰᠤᠷᠠᠯ ᠨᠢ ᠬᠣᠩ ᠱᠢᠨ ᠲᠣᠰᠭᠣᠨ᠎ᠤ ᠵᠣᠷᠯᠣᠩ᠎ᠤᠨ ᠬᠤᠪᠢᠰᠭᠠᠯ᠎ᠢ ᠠᠬᠢᠭᠤᠯᠪᠠ᠃  ᠪᠤᠯᠪᠠᠰᠤᠷᠠᠯ᠎ᠳᠤ ᠤᠷᠤᠯᠴᠠᠬᠰᠠᠨ ᠯᠢ ᠶᠢᠩ ᠬᠤᠢ ᠵᠧᠵᠢᠶᠠᠩ᠎ᠤᠨ ᠬᠥᠳᠡᠭᠡ ᠲᠣᠰᠭᠣᠨ ᠳ᠋ᠡᠬᠢ ᠵᠣᠷᠯᠣᠩ᠎ᠤᠨ ᠠᠷᠢᠭᠤᠨ ᠴᠡᠪᠡᠷ᠎ᠢ ᠦᠵᠡᠭᠡᠳ ᠶᠡᠬᠡᠳᠡ ᠰᠡᠳᠭᠢᠯ ᠬᠥᠳᠡᠯᠪᠡ᠃ ᠲᠣᠰᠭᠣᠨ᠎ᠳᠠᠭᠠᠨ ᠪᠤᠴᠠᠭ᠍ᠰᠠᠨ ᠬᠤᠢᠨ᠎ᠠ ᠵᠣᠷᠯᠣᠩ᠎ᠤᠨ ᠥᠭᠡᠷᠡᠴᠢᠯᠡᠯᠲᠡ᠎ᠶ᠋ᠢ ᠡᠬᠢᠯᠡᠬᠦᠯᠬᠦ ᠦᠶ᠎ᠡ ᠪᠡᠷ᠂ ᠲᠣᠰᠭᠣᠨ᠎ᠤ ᠠᠷᠠᠳ᠎ᠤᠨ ᠢᠳᠡᠪᠬᠢᠵᠢᠯ ᠠᠨᠠᠢ ᠪᠠᠢᠵᠠᠢ᠂ ᠡᠨᠡ ᠪᠠᠢᠳᠠᠯ ᠳᠤᠤᠷ᠎ᠠ ᠲᠡᠷᠡ ᠨᠠᠮ᠎ᠤᠨ ᠭᠡᠱᠢᠭᠦᠨ ᠺᠠᠳ᠋ᠷ᠎ᠢᠶᠠᠨ ᠳᠠᠭᠠᠭᠤᠯᠤᠨ ᠡᠩ ᠲᠡᠷᠢᠭᠦᠨ᠎ᠳᠦ 40 ᠡᠷᠦᠬᠡ᠎ᠵᠢᠨ ᠵᠣᠷᠯᠣᠩ᠎ᠢ ᠥᠭᠡᠷᠡᠴᠢᠯᠡᠨ ᠵᠠᠰᠠᠵᠤ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠠᠮᠢᠳᠤ ᠪᠣᠳᠠᠰ᠎ᠤᠨ ᠵᠠᠳᠠᠷᠠᠯᠲᠠ᠎ᠶ᠋ᠢᠨ ᠠᠷᠭ᠎ᠠ᠎ᠶ᠋ᠢ ᠬᠡᠷᠡᠭ᠌ᠯᠡᠵᠦ᠍᠂ ᠰᠠᠷᠠᠪᠴᠢ ᠪᠠᠷᠢᠵᠤ ᠳ᠋ᠧᠩ ᠤᠬᠰᠠᠷᠠᠭᠤᠯᠪᠠ᠃ ᠬᠡᠷᠡᠯ ᠵᠢᠷᠤᠭ ᠲᠠᠲᠠᠬᠤ᠂ ᠲᠤᠬᠠᠶ᠎ᠶ᠋ᠢᠨ ᠲᠠᠯᠠᠪᠤᠷ᠎ᠲᠤ ᠲᠣᠭᠣᠷᠢᠨ ᠦᠵᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠲᠣᠰᠭᠣᠨ᠎ᠤ ᠠᠷᠠᠳ᠎ᠤᠨ ᠦᠵᠡᠯᠲᠡ᠎ᠶ᠋ᠢ ᠬᠤᠪᠢᠷᠠᠭᠤᠯᠤᠬᠰᠠᠨ᠎ᠤ ᠳᠠᠷᠠᠭ᠎ᠠ᠂ ᠲᠣᠰᠭᠣᠨ ᠡᠴᠡ ᠲᠦᠷᠦᠯ ᠵᠦᠢᠯ᠎ᠤᠨ ᠪᠡᠯᠡ ᠮᠦᠩᠬᠦ ᠭᠤᠶᠤᠴᠢᠯᠠᠨ ᠤᠯᠵᠦ᠂ 249 ᠡᠷᠦᠬᠡ ᠲᠤᠰᠬᠤᠨ᠎ᠤ ᠠᠷᠠᠳ᠎ᠤᠨ ᠵᠣᠷᠯᠣᠩ᠎ᠢ ᠥᠭᠡᠷᠡᠴᠢᠯᠡᠨ ᠵᠠᠰᠠᠵᠦ᠂ ᠣᠷᠣᠱᠢᠨ ᠰᠠᠭᠤᠬᠤ ᠣᠷᠴᠢᠨ ᠨᠦᠬᠦᠴᠡᠯ᠎ᠢ ᠢᠯᠡᠳᠲᠡ ᠰᠠᠢᠵᠢᠷᠠᠭᠤᠯᠪᠠ᠃

ᠬᠡᠳᠦᠨ ᠵᠢᠯ᠎ᠦᠨ ᠬᠤᠭᠤᠴᠠᠭᠠᠨ᠎ᠳᠤ᠂ ᠯᠢ ᠶᠢᠩ ᠬᠤᠢ ᠲᠣᠰᠭᠣᠨ᠎ᠤ ᠬᠣᠶᠠᠷ ᠵᠥᠪᠯᠡᠯ ᠤ᠋ᠨ ᠪᠠᠭ᠎ᠢᠶᠠᠨ ᠳᠠᠭᠠᠭᠤᠯᠤᠨ ᠲᠦᠷᠦᠯ ᠵᠦᠢᠯ᠎ᠳᠦ ᠭᠦᠶᠦᠵᠦ᠍᠂ ᠪᠡᠯᠡ ᠮᠥᠩᠭᠥ᠌ ᠭᠤᠶᠤᠴᠢᠯᠠᠨ ᠣᠯᠵᠤ᠂ ᠪᠦᠬᠦ᠌ ᠲᠣᠰᠭᠣᠨ᠎ᠤ ᠵᠠᠮ᠎ᠢ ᠬᠠᠲᠠᠭᠤᠷᠠᠭᠤᠯᠵᠤ᠂ ᠴᠠᠬᠢᠯᠭᠠᠨ ᠲᠣᠣᠷ᠎ᠢ ᠲᠡᠰ ᠳᠡᠪᠱᠢᠭᠦᠯᠦᠨ ᠥᠭᠡᠷᠡᠴᠢᠯᠡᠵᠦ᠍᠂ ᠲᠦᠭᠡᠭᠡᠯ ᠤᠰᠤ᠎ᠶ᠋ᠢ ᠲᠥᠯᠥᠪᠦᠷᠢ ᠦᠭᠡᠢ᠎ᠪᠡᠷ ᠡᠷᠦᠬᠡ᠎ᠳᠦ ᠣᠷᠣᠭᠤᠯᠵᠤ᠂ ᠳᠤᠯᠠᠭᠠᠯᠠᠭ᠎ᠠ᠎ᠶ᠋ᠢᠨ ᠲᠥᠬᠥᠭᠡᠷᠦᠮᠵᠢ᠎ᠶ᠋ᠢ ᠪᠦᠬᠦ᠌ ᠲᠣᠰᠭᠣᠨ᠎ᠳᠤ ᠪᠦᠷᠬᠦᠬᠦᠯᠪᠡ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠯᠢ ᠶᠢᠩ ᠬᠤᠢ ᠬᠤᠷᠠᠯ᠎ᠤᠨ ᠵᠣᠷᠢᠭ ᠰᠠᠨᠠᠭ᠎ᠠ᠎ᠶ᠋ᠢ ᠱᠠᠯᠠᠪᠳᠠᠨ ᠰᠤᠷᠤᠯᠴᠠᠵᠤ᠂ ᠠᠵᠤ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠪᠣᠳᠣᠯᠬᠢᠯᠠᠪᠠ᠄  ᠬᠦᠷᠢᠶ᠎ᠡ ᠬᠠᠱᠢᠶᠠᠨ᠎ᠤ ᠠᠵᠤ ᠠᠬᠤᠢ᠎ᠶ᠋ᠢ ᠬᠥᠭ᠌ᠵᠢᠭᠦᠯᠦᠨ᠂ ᠬᠦᠯᠡᠮᠵᠢ᠎ᠶ᠋ᠢ ᠪᠦᠳᠦᠭᠡᠨ ᠪᠠᠢᠭᠤᠯᠵᠤ ᠰᠤᠯᠠ ᠳᠠᠯᠪᠢᠬᠳᠠᠵᠦ ᠪᠠᠢᠭ᠎ᠠ ᠡᠬᠢ ᠪᠠᠶᠠᠯᠢᠭ᠎ᠢ ᠠᠮᠢᠯᠠᠭᠤᠯᠤᠨ᠎ᠠ; ᠤᠰᠤᠨ ᠳᠡᠭᠡᠷᠡᠬᠢ ᠴᠡᠩᠭᠡᠯ᠎ᠤᠨ ᠬᠦᠷᠢᠶᠡᠯᠡᠩ᠎ᠦᠨ ᠲᠥᠷᠥᠯ ᠵᠦᠶ᠋ᠯ᠎ᠢ ᠭᠤᠶᠤᠴᠢᠯᠠᠵᠤ᠂ ᠪᠦᠬᠦ᠌ ᠤᠯᠠᠷᠢᠯ᠎ᠤᠨ ᠵᠢᠭᠤᠯᠴᠢᠯᠠᠯ᠎ᠤᠨ ᠪᠠᠢᠷᠢᠱᠢᠯ᠎ᠢ ᠪᠦᠷᠢᠯᠳᠦᠭᠦᠯᠦᠨ᠎ᠡ;《ᠭᠤᠷᠪᠠ᠎ᠶ᠋ᠢ ᠨᠢᠭᠡ ᠴᠣᠭ᠍ᠴᠠᠵᠢᠭᠤᠯᠬᠤ》 ᠬᠥᠮᠦᠵᠢᠯ᠎ᠢ ᠨᠠᠢᠳᠠᠪᠤᠷᠢᠵᠢᠭᠤᠯᠵᠤ᠂ ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠦᠨ᠎ᠡ ᠁

《ᠨᠠᠮ᠎ᠤᠨ ᠪᠠᠢᠭᠤᠯᠤᠯᠲᠠ᠎ᠪᠠᠷ ᠬᠦᠳᠦᠯᠥᠨ ᠳᠠᠭᠠᠭᠤᠯᠬᠤ ᠭᠡᠳᠡᠭ ᠨᠢ ᠬᠣᠭᠣᠰᠣᠨ ᠦᠭᠡ ᠲᠡᠳᠦᠢ ᠪᠢᠰᠢ᠂ ᠬᠠᠷᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠍᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠶᠠᠪᠤᠳᠠᠯ ᠪᠣᠯᠤᠨ᠎ᠠ》 ᠭᠡᠵᠦ᠍ ᠯᠢ ᠶᠢᠩ ᠬᠤᠢ ᠳ᠋ᠦᠩᠨᠡᠨ ᠭᠠᠷᠭᠠᠪᠠ᠃ ᠡᠨᠡ ᠬᠦ᠌ ᠥᠩᠭᠡᠷᠡᠭ᠌ᠰᠡᠨ᠎ᠦ ᠶᠠᠳᠠᠭᠤ᠎ᠠᠴᠠ ᠠᠩᠭᠢᠵᠢᠷᠠᠭ᠍ᠰᠠᠨ ᠲᠣᠰᠭᠣᠨ ᠨᠢ ᠦᠷᠭᠦᠯᠵᠢᠯᠡᠨ ᠨᠠᠮ᠎ᠤᠨ ᠪᠠᠢᠭᠤᠯᠤᠯᠲᠠ᠎ᠶ᠋ᠢ ᠴᠢᠨᠭᠭᠠᠳᠬᠠᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠵᠠᠮ᠎ᠢᠶᠠᠷ ᠯᠠᠪᠳᠠᠭᠤᠨ ᠪᠠᠲᠤᠲᠠᠢ ᠤᠷᠤᠭ᠍ᠰᠢᠯᠠᠵᠤ᠂ ᠬᠠᠮᠲᠤ᠎ᠪᠠᠷ ᠴᠢᠨᠡᠭᠡᠯᠢᠭ᠌ᠵᠢᠬᠦ᠌ ᠱᠢᠨ᠎ᠡ ᠠᠶᠠᠨ᠎ᠳᠤ ᠮᠣᠷᠳᠠᠨ᠎ᠠ᠃

 (ᠭᠡᠷᠡᠯ ᠵᠢᠷᠤᠭ ᠤ᠋ᠳ᠎ᠢ ᠰᠢᠨᠬᠤᠸᠠ ᠰᠦᠯᠵᠢᠶ᠎ᠡ ᠂ ᠦᠪᠦᠷ ᠮᠤᠩᠭᠤᠯ᠎ᠤᠨ ᠰᠤᠨᠢᠨ ᠮᠡᠳᠡᠭᠡ  ᠵᠢᠨ ᠰᠦᠯᠵᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号