ᠠᠷᠠᠯᠵᠢᠶᠠᠨ᠎ᠤ ᠰᠢᠨ᠎ᠡ᠎ᠶᠢ ᠡᠭᠦᠳᠬᠦ ᠬᠥᠭᠵᠢᠯᠲᠡ᠎ᠳᠡᠬᠢ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠬᠥᠳᠡᠯᠭᠡᠭᠦᠷ᠎ᠦᠨ ᠦᠢᠯᠡᠳᠦᠯ᠎ᠢ ᠪᠠᠳᠠᠷᠠᠭᠤᠯᠬᠤ ᠬᠡᠷᠡᠭᠲᠡᠢ
2026-01-05 11:42:45
ᠵᠣᠬᠢᠶᠠᠭ᠍ᠴᠢ᠄
ᠸᠠᠩ ᠰᠢᠶᠣᠣ ᠬᠣᠩ
ᠣᠩᠱᠢᠭ᠍ᠰᠠᠨ ᠣᠳᠠᠭ᠎ᠠ᠄
★★★☆☆

ᠠᠷᠠᠯᠵᠢᠶᠠᠨ᠎ᠤ ᠰᠢᠨ᠎ᠡ᠎ᠶᠢ ᠡᠭᠦᠳᠬᠦ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠶ᠋ᠢᠭᠤᠯᠬᠤ ᠴᠢᠬᠤᠯᠠ ᠲᠤᠯᠭᠠᠭᠤᠷᠢᠯᠠᠯ ᠮᠥᠨ᠂ ᠪᠠᠰᠠ ᠴᠤ᠌ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠪᠠᠢᠳᠠᠯ᠎ᠤᠨ ᠬᠤᠪᠢᠷᠠᠯᠲᠠ᠎ᠶᠢ ᠠᠷᠭᠠᠴᠠᠭᠠᠬᠤ ᠰᠠᠨᠠᠭᠠᠴᠢᠯᠠᠭᠠᠲᠤ ᠵᠢᠳᠬᠦᠯ ᠴᠢᠷᠮᠠᠢᠯᠭ᠎ᠠ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ 《ᠠᠷᠠᠯᠵᠢᠶᠠᠨ᠎ᠤ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠬᠤ》 ᠵᠢ ᠳᠤᠷᠠᠳᠤᠨ ᠭᠠᠷᠭᠠᠵᠤ᠂ 《ᠠᠷᠠᠯᠵᠢᠶ᠎ᠠ ᠵᠢ ᠠᠬᠢᠭᠤᠯᠬᠤ ᠲᠠᠪᠴᠠᠩ᠎ᠤᠨ ᠴᠢᠳᠠᠮᠵᠢ᠎ᠶᠢ ᠳᠡᠭᠡᠭᠰᠢᠯᠡᠭᠦᠯᠵᠦ᠂ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠵᠠᠭᠪᠤᠷ᠎ᠤᠨ ᠬᠥᠭᠵᠢᠯᠲᠡ᠎ᠶᠢ ᠳᠡᠮᠵᠢᠬᠦ ᠬᠡᠷᠡᠭᠲᠡᠢ》ᠭᠡᠵᠦ ᠱᠠᠭᠠᠷᠳᠠᠪᠠ᠃ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠠᠴᠠ  《ᠦᠢᠯᠡᠴᠢᠯᠡᠭᠡ᠎ᠶᠢ ᠭᠠᠳᠠᠭᠠᠳᠤ᠎ᠳᠤ ᠭᠠᠷᠭᠠᠬᠤ᠎ᠶᠢ ᠵᠣᠷᠢᠭ᠍ᠵᠢᠭᠤᠯᠤᠨ ᠳᠡᠮᠵᠢᠵᠦ᠂ ᠲᠣᠭᠠᠴᠢᠯᠠᠭᠰᠠᠨ ᠠᠷᠠᠯᠵᠢᠶ᠎ᠠ᠂ ᠪᠣᠬᠢᠷᠲᠤᠯ ᠦᠭᠡᠢ ᠠᠷᠠᠯᠵᠢᠶ᠎ᠠ᠎ᠶᠢ ᠢᠳᠡᠪᠬᠢᠲᠡᠢ ᠬᠥᠭᠵᠢᠭᠦᠯᠬᠦ》  ᠲᠤᠬᠠᠢ ᠴᠢᠬᠤᠯᠠ ᠪᠠᠢᠷᠢᠯᠠᠭᠤᠯᠤᠯᠲᠠ ᠬᠢᠪᠡ᠃ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ ᠪᠣᠯ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠬᠥᠭᠵᠢᠯᠲᠡ᠎ᠶᠢᠨ ᠠᠮᠢᠵᠢᠷᠠᠯ᠎ᠤᠨ ᠬᠦᠴᠦᠨ ᠪᠣᠯᠬᠤ ᠪᠥᠭᠡᠳ ᠪᠠᠰᠠ ᠴᠤ᠌ ᠣᠯᠠᠨ ᠤᠯᠤᠰ᠎ᠤᠨ ᠠᠷᠠᠯᠵᠢᠶᠠᠨ᠎ᠤ ᠬᠥᠭᠵᠢᠯᠲᠡ᠎ᠶᠢᠨ ᠴᠢᠬᠤᠯᠠ ᠬᠠᠨᠳᠤᠰᠢ ᠪᠣᠯᠣᠨ᠎ᠠ᠃ ᠳᠤᠮᠳᠠ ᠪᠠᠭ᠎ᠠ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠳᠤ ᠡᠨᠧᠷᠭᠢ ᠣᠯᠭᠣᠬᠤ᠂ ᠠᠵᠤ ᠦᠢᠯᠡᠰ᠎ᠦᠨ ᠳᠡᠯᠡᠬᠡᠢᠵᠢᠭᠰᠡᠨ ᠬᠥᠭᠵᠢᠯᠲᠡ᠎ᠶᠢ ᠠᠬᠢᠭᠤᠯᠬᠤ᠂ ᠬᠠᠩᠭᠠᠯᠭ᠎ᠠ᠎ᠶᠢᠨ ᠬᠡᠯᠬᠢᠶ᠎ᠡ᠎ᠶᠢᠨ ᠠᠮᠤᠷ ᠲᠦᠪᠰᠢᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠬᠢ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠥᠪᠡᠷᠮᠢᠴᠡ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠠᠷᠠᠯᠵᠢᠶᠠᠨ᠎ᠤ ᠰᠢᠨ᠎ᠡ᠎ᠶᠢ ᠡᠭᠦᠳᠬᠦ ᠬᠥᠭᠵᠢᠯᠲᠡ᠎ᠶᠢ ᠤᠯᠠᠮ ᠴᠢᠨᠠᠭᠰᠢᠳᠠ ᠠᠬᠢᠭᠤᠯᠬᠤ ᠪᠣᠯ ᠡᠨᠡ ᠵᠢᠯ᠎ᠦᠨ ᠭᠠᠳᠠᠭᠠᠳᠤ ᠠᠷᠠᠯᠵᠢᠶᠠᠨ᠎ᠤ ᠠᠵᠢᠯ᠎ᠢ ᠰᠠᠢᠲᠤᠷ ᠬᠢᠬᠦ᠎ᠶᠢᠨ ᠴᠢᠬᠤᠯᠠ ᠠᠭᠤᠯᠭ᠎ᠠ ᠪᠣᠯᠣᠨ᠎ᠠ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠸᠺᠲᠷᠤᠨ ᠬᠤᠳᠠᠯᠳᠤᠭᠠᠨ᠎ᠤ 《ᠪᠦᠬᠦ ᠳᠡᠯᠡᠬᠡᠢ᠎ᠳᠦ ᠬᠤᠳᠠᠯᠳᠤᠬᠤ》 ᠲᠠᠯ᠎ᠠ᠎ᠪᠠᠷ ᠬᠢ ᠲᠠᠯᠳᠠ ᠬᠦᠴᠦᠨ ᠤᠯᠠᠮ ᠪᠠᠳᠠᠷᠠᠵᠤ᠂ 《ᠪᠦᠬᠦ ᠳᠡᠯᠡᠬᠡᠢ ᠎ᠳᠦ ᠬᠤᠳᠠᠯᠳᠤᠨ ᠠᠪᠬᠤ》 ᠲᠠᠯ᠎ᠠ᠎ᠪᠠᠷ ᠬᠢ ᠳᠠᠪᠠᠭᠤᠯᠢᠭ᠋᠎ᠴᠤ᠌ ᠦᠷᠭᠦᠯᠵᠢᠯᠡᠨ ᠪᠠᠳᠠᠷᠠᠬᠤ ᠪᠤᠯᠤᠨ᠎ᠠ

ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ ᠨᠢ ᠠᠷᠠᠯᠵᠢᠶᠠᠨ᠎ᠤ ᠨᠡᠮᠡᠭᠳᠡᠯ᠎ᠢ ᠳᠠᠢᠴᠢᠯᠠᠬᠤ ᠴᠢᠬᠤᠯᠠ ᠬᠥᠳᠡᠯᠭᠡᠭᠦᠷ ᠪᠣᠯᠪᠠ᠃ 2024 ᠣᠨ᠎ᠳᠤ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ 2.7 ᠲᠦᠮᠡᠨ ᠳ᠋ᠦᠩᠰᠢᠭᠤᠷ ᠲᠥᠭᠥᠷᠢᠭ᠎ᠤᠷᠴᠢᠮ ᠬᠦᠷᠴᠦ᠂ 2020 ᠣᠨ᠎ᠤ ᠬᠢ᠎ᠡᠴᠡ 67%᠎ᠪᠠᠷ ᠨᠡᠮᠡᠭᠳᠡᠪᠡ᠃2025 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ ᠪᠠᠷᠤᠭ 2.06 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 6.4%᠎ᠪᠠᠷ ᠨᠡᠮᠡᠭᠳᠡᠪᠡ᠃ ᠠᠩᠬ᠎ᠠ ᠠᠯᠬᠤᠮ᠎ᠤᠨ ᠪᠦᠷᠢᠳᠬᠡᠯ᠎ᠢ ᠦᠨᠳᠦᠰᠦᠯᠡᠪᠡᠯ᠂ 2024 ᠣᠨ᠎ᠤ ᠳᠡᠭᠡᠷ᠎ᠡ ᠬᠠᠭᠠᠰ ᠵᠢᠯ ᠪᠣᠯᠳᠠᠯ᠎ᠠ᠂ ᠪᠥᠬᠥ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠭᠣᠣᠯ ᠴᠣᠭᠴᠠ ᠨᠢᠭᠡᠨᠲᠡ 12 ᠲᠦᠮᠡ᠎ᠶᠢ ᠳᠠᠪᠠᠵᠤ᠂ ᠭᠠᠳᠠᠭᠠᠳᠤ᠎ᠳᠦ ᠬᠥᠮᠥᠷᠭᠡ 2500 ᠎ᠶᠢ ᠪᠠᠢᠭᠤᠯᠵᠤ᠂ ᠲᠠᠯᠠᠪᠠᠶ ᠨᠢ 3000 ᠲᠦᠮᠡᠨ ᠲᠡᠭᠰᠢ ᠳᠥᠷᠪᠡᠯᠵᠢᠨ ᠮᠧᠲᠷ᠎ᠢ ᠳᠠᠪᠠᠵᠠᠢ᠃ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ ᠪᠣᠯ ᠪᠠᠰᠠ ᠴᠤ᠌ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠢ ᠰᠢᠯᠤᠭᠤᠳᠬᠠᠬᠤ ᠴᠢᠬᠤᠯᠠ ᠠᠴᠢᠶᠠᠯᠠᠪᠤᠷᠢ ᠪᠣᠯᠣᠨ᠎ᠠ᠃ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠲᠠᠪᠴᠠᠩ B2C (ᠠᠵᠤ ᠠᠬᠤᠢᠯᠠᠯ᠎ᠠᠴᠠ ᠬᠡᠷᠡᠭᠯᠡᠭᠴᠢᠳ᠎ᠲᠦ)᠎ᠠᠴᠠ B2B (ᠠᠵᠤ ᠠᠬᠤᠢᠯᠠᠯ᠎ᠠᠴᠠ ᠠᠵᠤ ᠠᠬᠤᠢᠯᠠᠯ᠎ᠳᠤ )᠎ᠶᠢᠨ ᠵᠠᠭᠪᠤᠷ ᠳᠠᠢᠰᠢ ᠬᠥᠭᠵᠢᠵᠦ᠂ B2B᠎ᠶᠢᠨ ᠵᠠᠭᠪᠤᠷ᠎ᠤᠨ ᠡᠵᠡᠯᠡᠬᠦ ᠬᠠᠷᠢᠴᠠᠯ ᠨᠢ ᠨᠢᠭᠡᠨᠲᠡ ᠭᠤᠷᠪᠠᠨ᠎ᠤ ᠬᠣᠶᠠᠷ ᠬᠤᠪᠢ᠎ᠶᠢ ᠳᠠᠪᠠᠵᠤ᠂ ᠡᠳᠦᠷ ᠲᠤᠲᠤᠮ᠎ᠤᠨ ᠬᠡᠷᠡᠭᠯᠡᠭᠡ ᠵᠢᠨ ᠵᠦᠢᠯ᠎ᠦᠨ ᠠᠷᠠᠯᠵᠢᠶ᠎ᠠ᠎ᠶᠢ ᠬᠠᠮᠤᠷᠤᠭᠰᠠᠨ᠎ᠢᠶᠠᠷ ᠪᠠᠷᠠᠬᠤ ᠦᠭᠡᠢ ᠪᠠᠰᠠ ᠮᠠᠰᠢᠨ ᠴᠠᠬᠢᠯᠭᠠᠨ᠎ᠤ ᠦᠢᠯᠡᠳᠬᠦᠨ᠂ ᠡᠨᠧᠷᠭᠢ ᠠᠭᠤᠷᠬᠠᠢ᠎ᠶᠢᠨ ᠡᠬᠢ ᠪᠠᠶᠠᠯᠢᠭ᠋᠂ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠲᠠᠸᠠᠷ᠎ᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ᠎ᠳᠤ ᠬᠣᠯᠪᠣᠭᠳᠠᠵᠤ ᠪᠠᠢᠨ᠎ᠠ᠃ ᠲᠠᠪᠴᠠᠩ᠎ᠤᠨ ᠠᠵᠤ ᠠᠬᠤᠢᠯᠠᠯ ᠨᠢ ᠲᠣᠭ᠎ᠠ ᠪᠠᠷᠢᠮᠲᠠ᠂ ᠪᠤᠳᠤᠬᠤ ᠬᠦᠴᠦᠨ᠂ ᠪᠤᠳᠤᠬᠤ ᠠᠷᠭ᠎ᠠ ᠵᠢᠴᠢ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ᠎ᠳᠦ ᠲᠦᠰᠢᠭᠯᠡᠨ ᠲᠣᠭᠠᠴᠢᠯᠠᠭᠰᠠᠨ ᠬᠠᠩᠭᠠᠯᠭ᠎ᠠ᠎ᠶᠢᠨ ᠬᠡᠯᠬᠢᠶᠡᠨ᠎ᠦ ᠰᠢᠰᠲᠧᠮ᠎ᠢ ᠪᠠᠢᠭᠤᠯᠪᠠᠯ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠵᠠᠬ᠎ᠠ ᠳᠡᠯᠭᠡᠭᠦᠷ ᠬᠣᠶᠠᠷ ᠵᠦᠢᠯ᠎ᠦᠨ ᠡᠬᠢ ᠪᠠᠶᠠᠯᠢᠭ᠋᠎ᠤᠨ ᠬᠣᠯᠪᠤᠭᠠᠯᠠᠨ ᠬᠥᠳᠡᠯᠦᠯᠴᠡᠬᠦ ᠦᠢᠯᠡᠳᠦᠯ᠎ᠢ ᠴᠢᠩᠭᠠᠷᠠᠭᠤᠯᠵᠤ᠂ ᠣᠯᠠᠨ ᠤᠯᠤᠰ᠎ᠤᠨ ᠬᠡᠷᠡᠭᠯᠡᠭᠴᠢᠳ᠎ᠦᠨ ᠬᠡᠷᠡᠭᠴᠡᠭᠡ ᠱᠠᠭᠠᠷᠳᠠᠯᠭ᠎ᠠ᠎ᠶᠢ ᠤᠯᠤᠰ᠎ᠤᠨ ᠳᠣᠲᠣᠭᠠᠳᠤ᠎ᠶᠢᠨ ᠠᠵᠤ ᠠᠬᠤᠢᠯᠠᠯ᠎ᠤᠨ ᠬᠠᠩᠭᠠᠯᠭ᠎ᠠ ᠯᠤᠭ᠎ᠠ ᠲᠤᠢᠯ᠎ᠤᠨ ᠣᠨᠣᠪᠴᠢᠲᠠᠶ ᠵᠣᠯᠭᠠᠭᠤᠯᠬᠤ᠎ᠶᠢ ᠠᠬᠢᠭᠤᠯᠵᠤ᠂ ᠤᠯᠤᠰ᠎ᠤᠨ ᠳᠣᠲᠣᠭᠠᠳᠤ᠎ᠶᠢᠨ ᠣᠷᠴᠢᠯ ᠪᠠ ᠣᠯᠠᠨ ᠤᠯᠤᠰ᠎ᠤᠨ ᠣᠷᠴᠢᠯ᠎ᠤᠨ ᠶᠠᠰᠤ ᠴᠢᠨᠠᠷ ᠪᠠ ᠦᠷ᠎ᠡ ᠠᠰᠢᠭ᠋᠎ᠢ ᠬᠦᠴᠦᠲᠡᠢ ᠳᠡᠭᠡᠭᠰᠢᠯᠡᠭᠦᠯᠵᠦ ᠴᠢᠳᠠᠨ᠎ᠠ᠃

ᠡᠭᠦᠨ᠎ᠦ ᠬᠠᠮᠲᠤ ᠡᠯᠧᠺᠲᠷᠣᠨ ᠬᠤᠳᠠᠯᠳᠤᠭᠠᠨ᠎ᠤ ᠲᠠᠪᠴᠠᠩ  ᠨᠢᠭᠡᠨᠲᠡ ᠬᠠᠩᠭᠠᠯᠭ᠎ᠠ᠎ᠶᠢᠨ ᠬᠡᠯᠬᠢᠶ᠎ᠡ᠎ᠶᠢᠨ ᠵᠣᠬᠢᠶᠠᠨ ᠪᠠᠢᠭᠤᠯᠤᠭ᠍ᠴᠢ᠂ ᠬᠠᠮᠢᠶᠠᠷᠤᠭ᠍ᠴᠢ ᠪᠠ ᠭᠣᠣᠯᠯᠠᠭ᠍ᠴᠢ ᠬᠦᠴᠦᠨ ᠪᠣᠯᠤᠭᠰᠠᠨ ᠪᠠᠢᠨ᠎ᠠ᠃ ᠣᠳᠣᠬᠠᠨ᠎ᠳᠤ᠂ ᠵᠠᠷᠢᠮ ᠠᠵᠢᠯ ᠲᠥᠷᠥᠯ᠎ᠦᠨ ᠲᠣᠯᠣᠭᠠᠢᠯᠠᠭᠴᠢ ᠡᠯᠧᠺᠲᠷᠣᠨ ᠬᠤᠳᠠᠯᠳᠤᠭᠠᠨ᠎ᠤ ᠲᠠᠪᠴᠠᠩ  ᠨᠢᠭᠡᠨᠲᠡ《ᠪᠠᠷᠠᠭᠠᠨ᠎ᠤ ᠠᠷᠠᠯᠵᠢᠶ᠎ᠠ + ᠦᠢᠯᠡᠴᠢᠯᠡᠭᠡᠨ᠎ᠦ ᠠᠷᠠᠯᠵᠢᠶ᠎ᠠ》᠂ 《ᠠᠵᠤ ᠦᠢᠯᠡᠰ᠎ᠦᠨ ᠢᠨᠲᠧᠷ ᠰᠦᠯᠵᠢᠶ᠎ᠡ + ᠬᠡᠷᠡᠭᠯᠡᠭᠡ ᠵᠢᠨ ᠢᠨᠲᠧᠷ ᠰᠦᠯᠵᠢᠶ᠎ᠡ》᠎ᠶᠢᠨ ᠰᠢᠨ᠎ᠡ ᠨᠢᠭᠡ ᠦᠶ᠎ᠡ᠎ᠶᠢᠨ ᠶᠡᠷᠦᠩᠬᠡᠢᠯᠡᠭᠰᠡᠨ ᠬᠡᠯᠪᠡᠷᠢ᠎ᠶᠢᠨ᠂ ᠠᠭᠤᠰᠤᠯᠴᠠᠭᠰᠠᠨ ᠬᠡᠯᠪᠡᠷᠢ᠎ᠶᠢᠨ ᠡᠯᠧᠺᠲᠷᠣᠨ ᠬᠤᠳᠠᠯᠳᠤᠭ᠎ᠠ ᠪᠣᠯᠤᠭᠰᠠᠨ ᠪᠠᠢᠨ᠎ᠠ᠃ ᠲᠣᠯᠣᠭᠠᠢᠯᠠᠭᠴᠢ ᠡᠯᠧᠺᠲᠷᠣᠨ ᠬᠤᠳᠠᠯᠳᠤᠭᠠᠨ᠎ᠤ ᠲᠠᠪᠴᠠᠩ ᠨᠢ ᠳᠡᠭᠡᠳᠦ ᠳᠣᠣᠷᠠᠳᠤ ᠤᠷᠤᠰᠬᠠᠯ᠎ᠤᠨ ᠦᠢᠯᠡᠳᠪᠦᠷᠢᠯᠡᠭᠴᠢ ᠪᠠ ᠡᠯ᠎ᠡ ᠲᠥᠷᠥᠯ᠎ᠦᠨ ᠦᠢᠯᠡᠴᠢᠯᠡᠭᠡ ᠬᠠᠩᠭᠠᠭ᠍ᠴᠢ᠎ᠲᠠᠢ ᠵᠠᠯᠭᠠᠯᠳᠤᠵᠤ᠂ ᠪᠥᠬᠥ ᠬᠡᠯᠬᠢᠶ᠎ᠡ ᠵᠢᠨ ᠠᠵᠤ ᠦᠢᠯᠡᠰ ᠪᠠ ᠠᠷᠠᠯᠵᠢᠶᠠᠨ᠎ᠤ ᠠᠮᠢ ᠠᠬᠤᠢ᠎ᠶᠢ ᠪᠠᠢᠭᠤᠯᠵᠤ᠂ ᠠᠮᠢ ᠠᠬᠤᠢ᠎ᠶᠢᠨ ᠬᠡᠯᠬᠢᠶ᠎ᠡ ᠵᠢᠨ ᠠᠵᠤ ᠠᠬᠤᠢᠯᠠᠯ᠎ᠢ ᠳᠠᠶ᠋ᠢᠴᠢᠯᠠᠨ ᠬᠠᠮᠲᠤ᠎ᠪᠠᠷ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠵᠦ ᠴᠢᠳᠠᠨ᠎ᠠ᠃ ᠵᠢᠱ᠌ᠢᠶᠡᠯᠡᠪᠡᠯ᠂ ᠨᠢᠭᠡᠨ ᠲᠣᠮᠣ᠌ ᠬᠡᠯᠪᠡᠷᠢ᠎ᠶᠢᠨ ᠡᠯᠧᠺᠲᠷᠣᠨ ᠬᠤᠳᠠᠯᠳᠤᠭᠠᠨ᠎ᠤ ᠲᠠᠪᠴᠠᠩ ᠨᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠲᠦᠭᠦᠬᠡᠢ ᠮᠠᠲᠧᠷᠢᠶᠠᠯ ᠬᠤᠳᠠᠯᠳᠤᠨ ᠠᠪᠬᠤ᠂ ᠦᠢᠯᠡᠳᠪᠦᠷᠢᠯᠡᠵᠦ ᠦᠢᠯᠡᠳᠬᠦ᠂ ᠬᠥᠮᠥᠷᠭᠡᠯᠡᠨ ᠪᠠᠷᠠᠭᠠᠨ᠎ᠤ ᠭᠦᠢᠯᠭᠡᠭᠡ ᠬᠢᠬᠦ᠂ ᠳᠡᠯᠭᠡᠨ ᠦᠵᠡᠭᠦᠯᠵᠦ ᠠᠷᠠᠯᠵᠢᠶᠠᠯᠠᠬᠤ᠂ ᠢᠲᠡᠭᠡᠮᠵᠢᠲᠦ ᠵᠢᠭᠡᠯᠡᠯᠭᠡ᠎ᠶᠢᠨ ᠪᠡᠯᠡ ᠲᠣᠬᠢᠷᠠᠭᠤᠯᠭ᠎ᠠ ᠬᠢᠬᠦ᠂ ᠪᠣᠭᠣᠮᠲᠠ᠎ᠳᠤ ᠮᠡᠳᠡᠭᠦᠯᠵᠦ ᠭᠠᠢᠯᠢ ᠪᠤᠴᠠᠭᠠᠬᠤ᠂  ᠲᠥᠷᠥᠯ ᠲᠡᠮᠳᠡᠭᠲᠦ᠎ᠶᠢ ᠳᠡᠯᠭᠡᠷᠡᠭᠦᠯᠬᠦ᠂ ᠪᠥᠬᠥ ᠪᠥᠮᠪᠥᠷᠴᠡᠭ᠎ᠦᠨ ᠪᠣᠷᠤᠯᠠᠭᠤᠯᠭ᠎ᠠ ᠵᠡᠷᠭᠡ ᠪᠥᠬᠥ ᠶᠠᠪᠤᠴᠠ᠎ᠶᠢᠨ ᠬᠠᠩᠭᠠᠯᠭ᠎ᠠ᠎ᠶᠢᠨ ᠬᠡᠯᠬᠢᠶ᠎ᠡ᠎ᠶᠢᠨ  ᠬᠠᠮᠢᠶᠠᠷᠤᠯᠲᠠ ᠪᠠ ᠦᠢᠯᠡᠴᠢᠯᠡᠭᠡ᠎ᠶᠢ ᠵᠣᠬᠢᠶᠠᠨ ᠪᠠᠢᠭᠤᠯᠵᠤ᠂ ᠠᠮᠢ ᠠᠬᠤᠢ᠎ᠶᠢᠨ ᠬᠡᠯᠬᠢᠶ᠎ᠡ ᠵᠢᠨ ᠳᠤᠮᠳᠠ ᠪᠠᠭ᠎ᠠ ᠪᠢᠴᠢᠯ ᠠᠵᠤ ᠠᠬᠤᠢᠯᠠᠯ᠎ᠤᠨ ᠠᠷᠠᠯᠵᠢᠶᠠᠨ᠎ᠤ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠦᠢᠯᠡᠳᠬᠦᠨ᠎ᠦ ᠰᠢᠨ᠎ᠡ᠎ᠶᠢ ᠡᠭᠦᠳᠬᠦ ᠬᠤᠷᠳᠤᠴᠠ᠂ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠵᠦ ᠪᠣᠯᠣᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢᠨ ᠪᠣᠭᠣᠮᠢ ᠬᠢᠵᠠᠭᠠᠷᠯᠠᠯ᠂ ᠳᠤᠲᠠᠭᠳᠠᠯ ᠪᠠᠭᠤᠷᠠᠢ ᠲᠠᠯ᠎ᠠ ᠮᠥᠨ ᠬᠦ᠌ ᠲᠣᠪᠣᠢᠮ᠎ᠠ ᠪᠠᠢᠵᠤ᠂ ᠲᠤᠯᠭᠠᠷᠠᠵᠤ ᠪᠠᠢᠭ᠎ᠠ ᠭᠠᠳᠠᠭᠠᠳᠤ ᠣᠷᠴᠢᠨ᠎ᠤ ᠥᠷᠢᠰᠦᠯᠳᠦᠭᠡᠨ ᠨᠠᠩ ᠬᠦᠨᠳᠦ ᠨᠣᠴᠢᠲᠠᠢ ᠪᠠᠢᠨ᠎ᠠ

ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠲᠣᠰ ᠪᠡᠶ᠎ᠡ᠎ᠶᠢᠨ ᠬᠥᠭᠵᠢᠯᠲᠡ᠎ᠶᠢᠨ ᠪᠠᠢᠳᠠᠯ᠎ᠠᠴᠠ ᠦᠵᠡᠪᠡᠯ᠂ ᠨᠢᠭᠡ᠎ᠳᠦ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ᠎ᠤᠨ ᠶᠡᠷᠦᠩᠬᠡᠢᠯᠡᠭᠰᠡᠨ ᠥᠷᠢᠰᠦᠯᠳᠦᠬᠦ ᠬᠦᠴᠦᠨ᠎ᠢ ᠬᠥᠭᠵᠢᠭᠰᠡᠨ ᠤᠯᠤᠰ᠎ᠲᠠᠢ ᠬᠠᠷᠢᠴᠠᠭᠤᠯᠪᠠᠯ ᠮᠥᠨ ᠬᠦ᠌ ᠢᠯᠡᠳᠲᠡ ᠵᠥᠷᠢᠶ᠎ᠡ᠎ᠲᠠᠢ ᠪᠠᠢᠨ᠎ᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2024 ᠣᠨ᠎ᠳᠤ ᠮᠠᠨ᠎ᠤ ᠤᠯᠤᠰ᠎ᠤᠨ 4 ᠠᠵᠤ ᠠᠬᠤᠢᠯᠠᠯ ᠳᠡᠯᠡᠬᠡᠢ᠎ᠶᠢᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠠᠷᠪᠠᠨ ᠶᠡᠬᠡ ᠲᠠᠪᠴᠠᠩ᠎ᠤᠨ ᠡᠩᠨᠡᠭᠡᠨ᠎ᠳᠦ ᠣᠷᠣᠪᠠ᠂ ᠭᠡᠪᠡᠴᠦ ᠲᠠᠸᠠᠷ᠎ᠤᠨ ᠠᠷᠠᠯᠵᠢᠶᠠᠨ᠎ᠤ ᠪᠥᠬᠥ ᠲᠣᠭ᠎ᠠ ᠨᠢ ᠨᠡᠢᠯᠡᠭᠡᠳ ᠠᠮᠧᠷᠢᠺᠠ᠎ᠶᠢᠨ ᠠᠮᠠᠽᠤᠨᠠᠰ ᠺᠣᠮᠫᠠᠨᠢ᠎ᠶᠢᠨ 27%᠎ᠲᠠᠢ ᠲᠡᠩᠴᠡᠨ᠎ᠡ᠃ ᠬᠣᠶᠠᠷ᠎ᠲᠤ᠂ ᠡᠵᠡᠩᠨᠡᠯᠲᠡ᠎ᠶᠢᠨ ᠠᠷᠭ᠎ᠠ ᠮᠠᠶᠢᠭ᠋ ᠨᠡᠯᠢᠶᠡᠳ ᠪᠦᠳᠦᠭᠦᠯᠢᠭ ᠪᠠᠢᠵᠤ᠂ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ ᠶᠠᠪᠤᠳᠠᠯ ᠨᠡᠩ ᠲᠤᠯᠭᠠᠮ᠎ᠠ ᠪᠣᠯᠪᠠ᠃ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ ᠨᠢ ᠳᠤᠮᠳᠠ ᠪᠠᠭ᠎ᠠ ᠪᠢᠴᠢᠯ ᠠᠵᠤ ᠠᠬᠤᠢᠯᠠᠯ᠎ᠢᠶᠠᠷ ᠭᠣᠣᠯ ᠪᠣᠯᠭᠠᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠲᠠᠸᠠᠷ ᠨᠢ ᠨᠡᠬᠡᠮᠡᠯ᠂ ᠭᠡᠷ᠎ᠦᠨ ᠬᠡᠷᠡᠭᠰᠡᠯ᠂ ᠵᠠᠰᠠᠯ ᠴᠢᠮᠡᠭ᠎ᠦᠨ ᠡᠳ᠋᠂ ᠢᠳᠡᠭᠡᠨ᠂ ᠲᠤᠭᠠᠴᠢᠯᠠᠭᠰᠠᠨ ᠦᠢᠯᠡᠳᠬᠦᠨ ᠵᠡᠷᠭᠡ ᠤᠯᠠᠮᠵᠢᠯᠠᠯᠲᠤ ᠬᠡᠷᠡᠭᠯᠡᠭᠡ ᠵᠢᠨ ᠵᠦᠢᠯ᠎ᠢᠶᠡᠷ ᠭᠣᠣᠯ ᠪᠣᠯᠭᠠᠵᠤ᠂ ᠲᠠᠸᠠᠷ᠎ᠤᠨ ᠶᠠᠰᠤ ᠴᠢᠨᠠᠷ᠎ᠤᠨ ᠥᠷᠢᠰᠦᠯᠳᠦᠭᠡᠨ᠂ ᠳᠣᠣᠷ᠎ᠠ ᠦᠨ᠎ᠡ ᠬᠠᠩᠰᠢ᠎ᠶᠢᠨ ᠥᠷᠢᠰᠦᠯᠳᠦᠭᠡᠨ᠂  ᠲᠤᠳᠦᠷ ᠵᠠᠭᠤᠷ᠎ᠠ᠎ᠵᠢᠨ ᠥᠷᠢᠰᠦᠯᠳᠦᠭᠡᠨ ᠨᠠᠩ ᠬᠤᠷᠴᠠ ᠰᠢᠷᠦᠭᠦᠨ ᠪᠠᠢᠵᠤ᠂ ᠣᠯᠠᠩᠬᠢ ᠠᠵᠤ ᠠᠬᠤᠢᠯᠠᠯ᠎ᠤᠨ ᠣᠯᠠᠨ ᠤᠯᠤᠰ᠎ᠤᠨ ᠠᠷᠭ᠎ᠠ ᠵᠠᠮ᠎ᠤᠨ ᠥᠷᠭᠡᠳᠬᠡᠬᠦ ᠴᠢᠳᠠᠪᠤᠷᠢ ᠨᠢ ᠬᠦᠷᠦᠯᠴᠡᠬᠦ ᠦᠭᠡᠢ ᠪᠠᠢᠨ᠎ᠠ᠃ ᠭᠤᠷᠪᠠ᠎ᠳᠤ᠂ ᠴᠢᠳᠠᠪᠤᠷᠢᠲᠠᠨ ᠳᠤᠲᠠᠭᠳᠠᠵᠤ ᠪᠠᠢᠭ᠎ᠠ ᠠᠰᠠᠭᠤᠳᠠᠯ ᠲᠣᠪᠣᠢᠮ᠎ᠠ ᠪᠠᠢᠨ᠎ᠠ᠃ ᠲᠣᠮᠣ᠌ ᠳ᠋ᠠᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ᠎ᠦᠨ ᠴᠢᠳᠠᠪᠤᠷᠢᠲᠠᠨ᠎ᠤ ᠲᠠᠯ᠎ᠠ᠎ᠪᠠᠷ᠂ ᠭᠠᠳᠠᠭᠠᠳᠤ ᠬᠡᠯᠡ᠂ ᠰᠢᠭᠤᠳ ᠨᠡᠪᠲᠡᠷᠡᠭᠦᠯᠭᠡ ᠵᠢᠴᠢ ᠣᠯᠠᠨ ᠤᠯᠤᠰ᠎ᠤᠨ ᠡᠵᠡᠩᠨᠡᠯᠲᠡ ᠪᠣᠷᠣᠯᠠᠭᠤᠯᠤᠯᠲᠠ᠂ ᠬᠠᠤᠯᠢ ᠴᠠᠭᠠᠵᠠ ᠵᠡᠷᠭᠡ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠲᠠᠯ᠎ᠠ᠎ᠪᠠᠷ ᠪᠠᠰᠠ ᠨᠡᠯᠢᠶᠡᠳ ᠶᠡᠬᠡ ᠳᠤᠲᠠᠭᠳᠠᠯ ᠣᠷᠣᠰᠢᠵᠤ ᠪᠠᠢᠨ᠎ᠠ᠃ ᠳᠥᠷᠪᠡ᠎ᠳᠦ᠂ ᠳᠤᠮᠳᠠ ᠵᠢᠵᠢᠭ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ ᠲᠣᠭᠲᠠᠮᠠᠯ ᠬᠥᠷᠥᠩᠭᠡ᠎ᠪᠡᠷ ᠪᠠᠷᠢᠴᠠᠭ᠎ᠠ ᠪᠣᠯᠭᠠᠭᠰᠠᠨ᠎ᠠᠴᠠ ᠪᠡᠯᠡ ᠬᠤᠷᠠᠮᠳᠤᠭᠤᠯᠬᠤ᠎ᠳᠤ ᠬᠦᠴᠢᠷᠲᠡᠢ᠂ ᠪᠡᠯᠡ ᠬᠤᠷᠠᠮᠳᠤᠭᠤᠯᠬᠤ᠎ᠳᠤ ᠦᠨᠡᠲᠡᠢ ᠪᠠᠢᠬᠤ ᠠᠰᠠᠭᠤᠳᠠᠯ ᠨᠡᠯᠢᠶᠡᠳ ᠲᠣᠪᠣᠢᠮ᠎ᠠ ᠪᠠᠢᠨ᠎ᠠ᠃ ᠲᠠᠪᠤ᠎ᠳᠤ᠂ ᠬᠢᠯᠢ᠎ᠶᠢᠨ ᠭᠠᠳᠠᠨᠠᠬᠢ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲᠧᠮ ᠬᠠᠷᠠᠬᠠᠨ ᠲᠡᠭᠦᠯᠳᠡᠷᠵᠢᠭᠡᠳᠦᠢ ᠪᠠᠢᠨ᠎ᠠ᠃ ᠬᠢᠯᠢ ᠰᠤᠨᠳᠠᠯᠠᠨ ᠲᠣᠭᠠᠴᠠᠭ᠎ᠠ ᠬᠢᠬᠦ ᠰᠢᠰᠲᠧᠮ᠂ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠲᠣᠬᠢᠷᠠᠭᠤᠯᠤᠨ ᠬᠦᠷᠭᠡᠬᠦ ᠦᠢᠯᠡᠴᠢᠯᠡᠭᠡᠨ᠎ᠦ ᠰᠢᠰᠲᠧᠮ   ᠨᠢ  ᠭᠣᠣᠯᠳᠠᠭᠤ ᠬᠢᠯᠢ᠎ᠶᠢᠨ ᠭᠠᠳᠠᠨᠠᠬᠢ ᠲᠣᠭᠠᠴᠠᠭ᠎ᠠ ᠬᠢᠬᠦ ᠪᠠ ᠪᠠᠷᠠᠭᠠᠨ᠎ᠤ ᠭᠦᠢᠯᠭᠡᠭᠡᠨ᠎ᠦ ᠰᠢᠰᠲᠧᠮ᠎ᠳᠦ ᠲᠦᠰᠢᠭᠯᠡᠨ᠂ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠲᠣᠭᠠᠴᠠᠭ᠎ᠠ ᠬᠢᠬᠦ ᠥᠪᠡᠷ᠎ᠦᠨ ᠥᠷᠲᠡᠭ ᠪᠠ ᠡᠳ᠋ ᠪᠠᠷᠠᠭ᠎ᠠ ᠭᠡᠭᠡᠭᠳᠡᠬᠦ ᠲᠦᠭᠰᠢᠭᠦᠷᠢ᠎ᠶᠢ ᠨᠡᠮᠡᠭᠳᠡᠭᠦᠯᠵᠦ᠂ ᠠᠵᠤ ᠠᠬᠤᠢᠯᠠᠯ᠎ᠤᠨ ᠭᠠᠳᠠᠭᠠᠳᠤ᠎ᠳᠤ ᠡᠷᠬᠡ᠎ᠪᠡᠨ ᠬᠠᠮᠠᠭᠠᠯᠠᠬᠤ ᠬᠦᠴᠢᠷᠳᠡᠯ ᠶᠡᠬᠡ᠂ ᠥᠪᠡᠷ᠎ᠦᠨ ᠥᠷᠲᠡᠭ ᠥᠨᠳᠥᠷ ᠪᠣᠯᠪᠠ᠃ ᠵᠢᠷᠭᠤᠭ᠎ᠠ᠎ᠳᠤ ᠂ ᠲᠠᠪᠴᠠᠩ᠎ᠤᠨ ᠲᠣᠭ᠎ᠠ ᠪᠠᠷᠢᠮᠲᠠ᠎ᠶᠢ ᠨᠡᠭᠡᠭᠡᠨ ᠠᠰᠢᠭ᠍ᠯᠠᠬᠤ ᠨᠣᠷᠮ᠎ᠠ ᠥᠨᠳᠥᠷ ᠪᠢᠰᠢ᠂ ᠲᠣᠭ᠎ᠠ ᠪᠠᠷᠢᠮᠲᠠ᠎ᠶᠢᠨ ᠴᠢᠬᠤᠯᠠ ᠡᠯᠧᠮᠧᠨ᠋ᠲ᠎ᠦᠨ ᠥᠷᠲᠡᠭ ᠨᠢ ᠭᠦᠢᠴᠡᠳ ᠦᠭᠡᠢ ᠪᠠᠢᠨ᠎ᠠ᠃

ᠤᠯᠠᠨ ᠤᠯᠤᠰ᠎ᠤᠨ ᠣᠷᠴᠢᠨ ᠨᠥᠬᠥᠴᠡᠯ᠎ᠡᠴᠡ ᠦᠵᠡᠪᠡᠯ᠂ ᠤᠯᠠᠨ ᠤᠯᠤᠰ᠎ᠤᠨ ᠵᠠᠬ᠎ᠠ ᠳᠡᠯᠭᠡᠭᠦᠷ᠎ᠦᠨ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠵᠦ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ᠎ᠤᠨ ᠬᠢᠯᠢ᠎ᠶᠢᠨ ᠭᠠᠳᠠᠨᠠᠬᠢ ᠡᠵᠡᠩᠨᠡᠯᠲᠡ᠎ᠶᠢᠨ ᠠᠶᠤᠯ ᠲᠦᠭᠰᠢᠭᠦᠷᠢ ᠨᠡᠮᠡᠭᠳᠡᠵᠦ ᠪᠠᠢᠨ᠎ᠠ᠃ ᠨᠢᠭᠡ ᠲᠠᠯ᠎ᠠ᠎ᠪᠠᠷ᠂ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠢᠵᠠᠭᠠᠷᠯᠠᠬᠤ ᠠᠷᠭ᠎ᠠ ᠬᠡᠮᠵᠢᠶ᠎ᠡ ᠨᠡᠮᠡᠭᠳᠡᠵᠦ᠂ ᠵᠠᠷᠢᠮ ᠤᠯᠤᠰ ᠪᠠ ᠭᠠᠵᠠᠷ ᠣᠷᠣᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ᠎ᠶᠢ ᠬᠢᠵᠠᠭᠠᠷᠯᠠᠬᠤ ᠲᠥᠷᠥ᠎ᠶᠢᠨ ᠪᠣᠳᠣᠯᠭ᠎ᠠ ᠨᠡᠢᠲᠡᠯᠡᠪᠡ᠃ ᠵᠢᠱ᠌ᠢᠶᠡᠯᠡᠪᠡᠯ᠂ ᠠᠮᠧᠷᠢᠺᠠ ᠳᠤᠮᠳᠠᠳᠤ ᠤᠯᠤᠰ᠎ᠠᠴᠠ ᠢᠷᠡᠭᠰᠡᠨ ᠥᠷᠲᠡᠭ ᠨᠢ 800 ᠳ᠋ᠣᠯᠯᠠᠷ᠎ᠠᠴᠠ ᠬᠡᠲᠦᠷᠡᠬᠦ ᠦᠭᠡᠢ ᠵᠢᠵᠢᠭ ᠪᠣᠭᠣᠳᠠᠯ᠎ᠠᠴᠠ ᠪᠣᠭᠣᠮᠲᠠ᠎ᠶᠢᠨ ᠭᠠᠢᠯᠢ ᠥᠯᠥ ᠲᠠᠲᠠᠪᠤᠷᠢᠯᠠᠬᠤ ᠲᠥᠷᠥ᠎ᠶᠢᠨ ᠪᠣᠳᠣᠯᠭ᠎ᠠ᠎ᠪᠠᠨ ᠵᠢᠩᠬᠢᠨᠢ᠎ᠪᠡᠷ ᠵᠣᠭᠰᠣᠭᠠᠪᠠ; ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ 《ᠨᠡᠢᠳᠡᠮ ᠬᠡᠷᠡᠭᠯᠡᠬᠦ ᠦᠢᠯᠡᠳᠬᠦᠨ᠎ᠦ ᠠᠮᠤᠷ ᠲᠦᠪᠰᠢᠨ᠎ᠦ ᠬᠠᠤᠯᠢ ᠲᠣᠭᠲᠠᠭᠠᠯ》᠎ᠢ ᠬᠡᠷᠡᠭᠵᠢᠭᠦᠯᠵᠦ᠂ ᠬᠡᠷᠡᠭᠯᠡᠭᠡ  ᠵᠢᠨ ᠵᠦᠢᠯ᠎ᠳᠦ ᠨᠡᠩ ᠴᠢᠩᠭ᠎ᠠ ᠠᠮᠤᠷ ᠲᠦᠪᠰᠢᠨ᠎ᠦ ᠱᠠᠭᠠᠷᠳᠠᠯᠭ᠎ᠠ ᠳᠤᠷᠠᠳᠴᠠᠢ᠃ ᠨᠦᠬᠦᠭᠡ ᠲᠠᠯ᠎ᠠ᠎ᠪᠠᠷ᠂ ᠠᠮᠧᠷᠢᠺᠠ ᠂ ᠶᠠᠫᠤᠨ ᠵᠢᠴᠢ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ ᠮᠥᠨ ᠬᠦ᠌ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠭᠣᠣᠯ ᠵᠠᠬ᠎ᠠ ᠳᠡᠯᠭᠡᠭᠦᠷ ᠪᠣᠯᠵᠤ ᠪᠠᠢᠨ᠎ᠠ᠂ ᠬᠠᠮᠠᠭᠠᠯᠠᠬᠤ ᠦᠵᠡᠯ ᠲᠣᠯᠣᠭᠠᠢ ᠥᠨᠳᠡᠢᠵᠦ᠂ ᠭᠠᠵᠠᠷ ᠣᠷᠣᠨ᠎ᠤ ᠤᠯᠤᠰ ᠲᠦᠷᠦ᠎ᠶᠢᠨ ᠦᠢᠮᠡᠭᠡᠨ ᠵᠡᠷᠭᠡ ᠬᠦᠴᠦᠨ ᠵᠦᠢᠯ᠎ᠡᠴᠡ ᠪᠣᠯᠵᠤ ᠠᠷᠠᠯᠵᠢᠶᠠᠨ᠎ᠤ ᠦᠷᠢᠰᠦᠯᠳᠦᠭᠡᠨ᠎ᠢ ᠬᠤᠷᠴᠠᠳᠬᠠᠵᠤ᠂ ᠲᠠᠸᠠᠷ᠎ᠤᠨ ᠦᠨ᠎ᠡ ᠬᠠᠩᠰᠢ᠎ᠶᠢ ᠬᠥᠨᠲᠥᠷᠦᠨ ᠪᠣᠷᠣᠯᠠᠭᠤᠯᠬᠤ᠂ ᠬᠤᠳᠠᠯ ᠬᠠᠭᠤᠷᠮᠠᠭ ᠴᠢᠨᠠᠷ ᠮᠠᠭᠤ ᠵᠢᠴᠢ ᠪᠣᠬᠢᠷᠲᠤᠯ ᠦᠭᠡᠢ ᠠᠷᠠᠯᠵᠢᠶ᠎ᠠ ᠪᠣᠯᠣᠨ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠢ ᠲᠣᠭᠲᠠᠭᠠᠯ᠎ᠳᠤ ᠨᠡᠢᠴᠡᠭᠦᠯᠦᠨ ᠬᠢᠨᠠᠨ ᠪᠠᠢᠴᠠᠭᠠᠬᠤ ᠵᠡᠷᠭᠡ᠎ᠳᠦ ᠬᠣᠯᠪᠣᠭᠳᠠᠭᠰᠠᠨ ᠠᠷᠠᠯᠵᠢᠶᠠᠨ᠎ᠤ ᠮᠠᠷᠭᠤᠭᠠᠨ ᠤᠯᠠᠮ ᠨᠡᠮᠡᠭᠳᠡᠵᠦ ᠮᠡᠳᠡᠨ᠎ᠠ᠃

ᠡᠢᠮᠦ ᠡᠴᠡ ᠡᠷᠬᠡᠪᠰᠢ ᠮᠠᠨ᠎ᠤ ᠤᠯᠤᠰ᠎ᠤᠨ ᠤᠨᠴᠠ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠂ ᠠᠵᠤ ᠦᠢᠯᠡᠰ᠎ᠦᠨ ᠰᠢᠰᠲᠧᠮ ᠪᠦᠷᠢᠨ ᠪᠦᠲᠦᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠡᠯᠪᠡᠭ ᠵᠡᠷᠭᠡ ᠳᠠᠪᠠᠭᠤᠯᠢᠭ᠋᠎ᠢ ᠰᠠᠢᠲᠤᠷ ᠠᠰᠢᠭ᠍ᠯᠠᠵᠤ᠂ ᠪᠣᠭᠣᠮᠢ ᠬᠢᠵᠠᠭᠠᠷᠯᠠᠯ᠎ᠢ ᠱᠠᠯᠠᠪᠳᠠᠨ ᠰᠢᠪᠲᠤᠯᠵᠤ᠂ ᠳᠤᠲᠠᠭᠳᠠᠯ ᠪᠠ ᠪᠠᠭᠤᠷᠠᠢ ᠲᠠᠯ᠎ᠠ᠎ᠪᠠᠨ ᠨᠥᠬᠥᠪᠦᠷᠢᠯᠡᠵᠦ᠂ ᠮᠠᠨ᠎ᠤ ᠤᠯᠤᠰ᠎ᠤᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ᠎ᠶᠢ ᠰᠢᠯᠢᠳᠡᠭᠵᠢᠭᠦᠯᠦᠨ ᠪᠤᠵᠠᠭᠠᠢᠷᠠᠭᠤᠯᠵᠤ ᠬᠦᠴᠦᠷᠬᠡᠭᠵᠢᠭᠦᠯᠬᠦ᠎ᠶᠢ ᠠᠬᠢᠭᠤᠯᠵᠤ᠂ ᠠᠷᠠᠯᠵᠢᠶᠠᠨ᠎ᠤ ᠲᠣᠭᠠᠴᠢᠯᠠᠭᠰᠠᠨ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ

ᠨᠢᠭᠡ᠎ᠳᠦ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠬᠡᠪᠴᠢᠶᠡᠵᠢᠭᠰᠡᠨ᠂ ᠠᠭᠤᠰᠤᠯᠴᠠᠭᠰᠠᠨ᠂ ᠪᠦᠷᠢᠨ ᠬᠡᠯᠬᠢᠶ᠎ᠡ ᠵᠢᠨ ᠬᠥᠭᠵᠢᠯᠲᠡ᠎ᠶᠢ ᠵᠣᠷᠢᠭ᠍ᠵᠢᠭᠤᠯᠤᠨ᠎ᠠ᠃ ᠠᠵᠤ ᠠᠬᠤᠢᠯᠠᠯ᠎ᠢᠶᠠᠷ ᠭᠣᠣᠯ ᠪᠣᠯᠭᠠᠵᠤ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ ᠤᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ ᠪᠠᠶ᠋ᠢᠭᠤᠯᠬᠤ ᠪᠣᠯ ᠮᠠᠨ᠎ᠤ ᠤᠯᠤᠰ᠎ᠤᠨ ᠠᠷᠠᠯᠵᠢᠶ᠎ᠠ ᠪᠣᠯᠣᠨ ᠠᠵᠤ ᠦᠢᠯᠡᠰ᠎ᠦᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠠᠷᠭ᠎ᠠ ᠵᠠᠮ ᠪᠣᠯᠣᠨ᠎ᠠ᠃ ᠣᠢᠷ᠎ᠠ᠎ᠶᠢᠨ ᠵᠢᠯ᠎ᠦᠨ ᠲᠤᠷᠰᠢ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ᠎ᠳᠤ ᠯᠤᠲᠤ ᠶᠡᠬᠡ ᠬᠥᠭᠵᠢᠯᠲᠡ᠎ᠶᠢᠨ ᠪᠠᠢᠳᠠᠯ ᠢᠯᠡᠷᠡᠵᠦ᠂ ᠨᠡᠢᠯᠡᠭᠦᠯᠦᠨ ᠬᠤᠳᠠᠯᠳᠤᠨ ᠠᠪᠬᠤ ᠬᠡᠷᠡᠭ ᠣᠯᠠᠰᠢᠷᠠᠵᠤ ᠂ ᠵᠠᠬ᠎ᠠ ᠳᠡᠯᠭᠡᠭᠦᠷ᠎ᠦᠨ ᠲᠥᠪᠯᠡᠷᠡᠯ᠎ᠦᠨ ᠬᠡᠮᠵᠢᠶ᠎ᠡ ᠳᠡᠭᠡᠭᠰᠢᠯᠡᠵᠦ᠂ ᠤᠨᠴᠠ ᠶᠡᠬᠡ ᠬᠡᠪᠴᠢᠶᠡᠨ᠎ᠦ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ ᠶᠠᠪᠤᠬᠤ ᠲᠤᠲᠤᠮ ᠨᠢᠭᠡ ᠤᠯᠤᠰ᠎ᠤᠨ ᠲᠣᠭᠠᠴᠢᠯᠠᠭᠰᠠᠨ ᠠᠷᠠᠯᠵᠢᠶᠠᠨ᠎ᠤ ᠣᠯᠠᠨ ᠤᠯᠤᠰ᠎ᠤᠨ ᠥᠷᠢᠰᠦᠯᠳᠦᠭᠡᠨ᠎ᠳᠦ ᠣᠷᠣᠯᠴᠠᠬᠤ ᠴᠢᠬᠤᠯᠠ ᠬᠦᠴᠦᠨ ᠪᠣᠯᠵᠤ ᠪᠠᠢᠨ᠎ᠠ᠃ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ᠎ᠤᠨ ᠨᠡᠢᠯᠡᠭᠦᠯᠵᠦ ᠳᠠᠬᠢᠨ ᠪᠠᠶ᠋ᠢᠭᠤᠯᠬᠤ ᠵᠡᠷᠭᠡ ᠠᠷᠭ᠎ᠠ ᠬᠡᠯᠪᠡᠷᠢ᠎ᠪᠡᠷ ᠬᠡᠪᠴᠢᠶᠡᠵᠢᠭᠰᠡᠨ ᠡᠵᠡᠩᠨᠡᠯᠲᠡ᠎ᠪᠡᠨ ᠥᠷᠭᠡᠳᠬᠡᠬᠦ᠎ᠶᠢ ᠠᠬᠢᠭᠤᠯᠵᠤ᠂ 《ᠪᠠᠭ᠎ᠠ᠂ ᠲᠠᠷᠠᠬᠠᠢ᠂  ᠵᠠᠮᠪᠠᠷᠠᠭ᠎ᠠ ᠦᠭᠡᠢ》ᠠᠰᠠᠭᠤᠳᠠᠯ᠎ᠢ ᠰᠢᠢᠳᠪᠦᠷᠢᠯᠡᠵᠦ᠂ ᠲᠣᠯᠣᠭᠠᠢᠯᠠᠭᠴᠢ ᠠᠵᠤ ᠠᠬᠤᠢᠯᠠᠯ᠎ᠤᠨ ᠡᠬᠢ ᠪᠠᠶᠠᠯᠢᠭ᠋᠎ᠢ ᠡᠮᠬᠢᠯᠡᠨ ᠨᠡᠢᠳᠭᠡᠬᠦ ᠴᠢᠳᠠᠪᠤᠷᠢ ᠪᠠ ᠲᠣᠭ᠎ᠠ ᠪᠠᠷᠢᠮᠲᠠ᠎ᠶᠢᠨ ᠦᠢᠯᠡᠴᠢᠯᠡᠭᠡᠨ᠎ᠦ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠵᠣᠷᠢᠭ᠍ᠵᠢᠭᠤᠯᠵᠤ᠂ ᠣᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶᠡᠨ᠎ᠦ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠦᠨ᠂ ᠠᠮᠢ ᠠᠬᠤᠢ᠎ᠶᠢᠨ ᠬᠡᠯᠬᠢᠶᠡᠨ᠎ᠦ ᠠᠵᠤ ᠠᠬᠤᠢᠯᠠᠯ᠎ᠤᠨ ᠬᠥᠭᠵᠢᠯᠲᠡ᠎ᠳᠦ ᠪᠥᠬᠥ ᠲᠠᠯ᠎ᠠ᠎ᠪᠠᠷ ᠡᠨᠧᠷᠭᠢ ᠣᠯᠭᠣᠵᠤ᠂ ᠠᠵᠤ ᠦᠢᠯᠡᠰ᠎ᠦᠨ ᠠᠷᠠᠯᠵᠢᠶᠠᠨ᠎ᠤ ᠬᠥᠭᠵᠢᠯᠲᠡ᠎ᠶᠢ ᠬᠥᠲᠥᠯᠥᠨ ᠳᠠᠭᠠᠭᠤᠯᠤᠭᠰᠠᠨ᠂ ᠣᠯᠠᠨ ᠤᠯᠤᠰ᠎ᠤᠨ ᠥᠷᠢᠰᠦᠯᠳᠦᠬᠦ ᠬᠦᠴᠦᠨ᠎ᠲᠠᠢ᠂ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ ᠣᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶᠡᠨ᠎ᠦ ᠠᠮᠢ ᠠᠬᠤᠢ᠎ᠶᠢᠨ ᠰᠢᠰᠲᠧᠮ᠎ᠢ ᠪᠠᠶ᠋ᠢᠭᠤᠯᠬᠤ ᠬᠡᠷᠡᠭᠲᠡᠢ᠃

ᠬᠣᠶᠠᠷ᠎ᠲᠤ᠂ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠡᠨᠧᠷᠭᠢ ᠣᠯᠭᠣᠬᠤ ᠠᠵᠤ ᠦᠢᠯᠡᠰ᠎ᠦᠨ ᠬᠥᠭᠵᠢᠯᠲᠡ᠎ᠶᠢ ᠵᠣᠷᠢᠭ᠍ᠵᠢᠭᠤᠯᠤᠨ᠎ᠠ᠃ ᠣᠢᠷ᠎ᠠ᠎ᠶᠢᠨ ᠵᠢᠯ᠎ᠡᠴᠡ᠂ ᠡᠯᠧᠺᠲᠷᠣᠨ ᠬᠤᠳᠠᠯᠳᠤᠭᠠᠨ᠎ᠤ ᠲᠠᠪᠴᠠᠩ《ᠠᠷᠠᠯᠵᠢᠶ᠎ᠠ + ᠠᠵᠤ ᠦᠢᠯᠡᠰ᠎ᠦᠨ ᠬᠡᠯᠬᠢᠶ᠎ᠡ》ᠵᠢᠨ ᠵᠠᠭᠪᠤᠷ᠎ᠢ ᠲᠠᠰᠤᠷᠠᠯᠳᠠ ᠦᠭᠡᠢ ᠭᠦᠨᠵᠡᠭᠡᠢᠷᠡᠭᠦᠯᠵᠦ᠂ ᠣᠷᠣᠨ ᠨᠤᠲᠤᠭ᠎ᠤᠨ ᠠᠵᠤ ᠦᠢᠯᠡᠳᠪᠦᠷᠢ᠎ᠶᠢᠨ ᠦᠢᠯᠡᠳᠬᠦᠨ᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ᠎ᠶᠢ ᠪᠦᠲᠦᠮᠵᠢᠲᠡᠢ ᠲᠠᠢ᠍ᠢᠴᠢᠯᠠᠵᠤ᠂ ᠣᠷᠣᠨ ᠨᠤᠲᠤᠭ᠎ᠤᠨ ᠣᠨᠴᠠᠯᠢᠭ᠍ᠲᠤ ᠠᠵᠤ ᠦᠢᠯᠡᠰ᠎ᠦᠨ ᠳᠡᠯᠡᠬᠡᠢᠵᠢᠯᠲᠡ᠎ᠶᠢᠨ ᠰᠢᠨ᠎ᠡ ᠠᠴᠢᠶᠠᠯᠠᠪᠤᠷᠢ ᠪᠠ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠰᠢᠨ᠎ᠡ ᠠᠷᠭ᠎ᠠ ᠵᠠᠮ ᠪᠣᠯᠤᠭᠰᠠᠨ ᠪᠠᠢᠨ᠎ᠠ᠃ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ ᠬᠢᠭᠡᠳ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠠᠵᠤ ᠦᠢᠯᠡᠰ᠎ᠦᠨ ᠪᠦᠯᠦᠭᠵᠢᠯ᠎ᠦᠨ ᠰᠠᠭᠤᠷᠢ᠎ᠳᠤ ᠲᠦᠰᠢᠭᠯᠡᠨ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢᠨ ᠳᠠᠪᠠᠭᠤᠯᠢᠭ᠋᠎ᠢ ᠪᠣᠶ ᠪᠣᠯᠭᠠᠵᠤ᠂ ᠲᠠᠪᠴᠠᠩ᠎ᠤᠨ ᠠᠵᠤ ᠠᠬᠤᠢᠯᠠᠯ᠎ᠤᠨ ᠡᠯ᠎ᠡ ᠠᠵᠤ ᠦᠢᠯᠡᠰ᠎ᠦᠨ ᠬᠦᠷᠢᠶ᠎ᠡ ᠳᠠᠢᠰᠢ ᠠᠭᠤᠰᠤᠯᠴᠠᠨ ᠨᠡᠪᠴᠢᠬᠦ᠎ᠶᠢ ᠳᠡᠮᠵᠢᠵᠦ᠂ ᠬᠡᠷᠡᠭᠯᠡᠭᠡ ᠵᠢᠨ ᠪᠠᠢᠳᠠᠯ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠬᠤ ᠬᠡᠷᠡᠭᠲᠡᠢ᠃ 《ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ + ᠠᠵᠤ ᠦᠢᠯᠡᠰ᠎ᠦᠨ ᠪᠦᠰᠡ》᠎ᠶᠢ ᠶᠡᠬᠡ ᠪᠡᠷ ᠬᠥᠭᠵᠢᠭᠦᠯᠵᠦ᠂ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠲᠤᠷᠰᠢᠯᠲᠠ᠎ᠶᠢᠨ ᠲᠣᠭᠣᠷᠢᠭ᠋᠂ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ ᠲᠣᠭᠣᠷᠢᠭ᠋ ᠵᠡᠷᠭᠡ ᠬᠢᠭᠡᠳ ᠠᠵᠤ ᠦᠢᠯᠡᠰ᠎ᠦᠨ ᠲᠥᠪᠯᠡᠷᠡᠯ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠡᠯᠧᠺᠲᠷᠣᠨ ᠬᠤᠳᠠᠯᠳᠤᠭ᠎ᠠ᠎ᠶᠢ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠦᠢᠯᠡᠳᠬᠦᠨ ᠵᠢᠴᠢ ᠠᠵᠤ ᠦᠢᠯᠡᠰ᠎ᠦᠨ ᠲᠡᠯᠡᠶ᠎ᠳᠦ ᠭᠠᠷᠬᠤ᠎ᠶᠢ ᠳᠠᠢᠴᠢᠯᠠᠬᠤ ᠲᠤᠯᠭᠠᠭᠤᠷᠢ ᠬᠦᠴᠦᠨ ᠪᠣᠯᠭᠠᠬᠤ ᠬᠡᠷᠡᠭᠲᠠᠢ᠃

ᠭᠤᠷᠪᠠ᠎ᠳᠤ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢᠶᠠᠨ ᠴᠢᠯᠦᠭᠡᠲᠡᠢ ᠪᠣᠯᠭᠠᠵᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠢ ᠵᠣᠷᠢᠭ᠍ᠵᠢᠭᠤᠯᠤᠨ᠎ᠠ᠃ ᠶᠡᠬᠡ ᠬᠡᠮᠵᠢᠶᠡᠨ᠎ᠦ ᠲᠣᠭ᠎ᠠ ᠪᠠᠷᠢᠮᠲᠠ ᠪᠣᠯ ᠲᠠᠪᠴᠠᠩ᠎ᠤᠨ ᠠᠵᠤ ᠠᠬᠤᠢᠯᠠᠯ᠎ᠤᠨ ᠭᠣᠣᠯ ᠡᠬᠢ ᠪᠠᠶᠠᠯᠢᠭ᠋ ᠪᠠ ᠥᠪᠡᠷᠮᠢᠴᠡ ᠳᠠᠪᠠᠭᠤᠯᠢᠭ᠋ ᠪᠣᠯᠣᠨ᠎ᠠ᠂ ᠡᠲᠡᠭᠡᠷ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠪᠦᠲᠦᠮᠵᠢᠲᠡᠶ ᠨᠡᠭᠡᠭᠡᠨ ᠠᠰᠢᠭ᠍ᠯᠠᠵᠤ᠂ ᠭᠠᠳᠠᠭᠠᠳᠤ ᠭᠠᠷᠭᠠᠯᠲᠠ᠎ᠶᠢᠨ ᠠᠵᠤ ᠠᠬᠤᠢᠯᠠᠯ᠎ᠤᠨ ᠰᠢᠨ᠎ᠡ ᠦᠢᠯᠡᠳᠬᠦᠨ᠎ᠢ ᠨᠡᠭᠡᠭᠡᠨ ᠬᠥᠭᠵᠢᠭᠦᠯᠬᠦ᠂ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠥᠷᠭᠡᠳᠬᠡᠬᠦ ᠵᠡᠷᠭᠡ ᠲᠠᠯ᠎ᠠ᠎ᠪᠠᠷ ᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠪᠣᠯ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ᠃ ᠲᠠᠪᠴᠠᠩ᠎ᠤᠨ ᠳ᠋ᠠᠢᠲ᠋ᠠ᠎ᠶᠢ ᠨᠡᠭᠡᠭᠡᠯᠲᠡ᠎ᠲᠠᠢ ᠬᠠᠮᠲᠤ᠎ᠪᠠᠷ ᠡᠳ᠋ᠯᠡᠬᠦ᠎ᠶᠢ ᠤᠷᠮᠠᠰᠢᠭᠤᠯᠬᠤ ᠲᠣᠭᠲᠠᠴᠠ᠎ᠶᠢ ᠤᠯᠠᠮ  ᠲᠡᠭᠦᠯᠳᠡᠷᠵᠢᠭᠦᠯᠵᠦ᠂ ᠲᠠᠪᠴᠠᠩ᠎ᠤᠨ ᠳ᠋ᠠᠢᠲ᠋ᠠ᠎ᠶᠢᠨ ᠨᠡᠭᠡᠭᠡᠯᠲᠡ᠎ᠶᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠲᠠᠪᠴᠠᠩ᠎ᠤᠨ ᠠᠵᠤ ᠠᠬᠤᠢᠯᠠᠯ᠎ᠤᠨ ᠳ᠋ᠠᠢᠲ᠋ᠠ᠎ᠶᠢᠨ ᠡᠬᠢ ᠪᠠᠶᠠᠯᠢᠭ᠋᠎ᠢ ᠡᠮᠬᠢᠯᠡᠨ ᠨᠡᠢᠳᠭᠡᠬᠦ᠎ᠶᠢ ᠵᠣᠷᠢᠭ᠍ᠵᠢᠭᠤᠯᠵᠤ᠂ ᠳ᠋ᠠᠢᠲ᠋ᠠ᠎ᠶᠢᠨ ᠦᠨ᠎ᠡ ᠥᠷᠲᠡᠭ᠎ᠢ ᠠᠭᠤᠳᠠᠯᠤᠨ᠂ ᠢᠲᠡᠭᠡᠮᠵᠢᠲᠦ ᠳ᠋ᠠᠢᠲ᠋ᠠ᠎ᠶᠢᠨ ᠣᠷᠣᠨ ᠵᠠᠢ᠎ᠶᠢ ᠪᠣᠶ ᠪᠣᠯᠭᠠᠵᠤ᠂ ᠳ᠋ᠠᠢᠲ᠋ᠠ᠎ᠶᠢ ᠬᠠᠳᠠᠭᠠᠯᠠᠬᠤ᠂ ᠪᠣᠯᠪᠠᠰᠤᠷᠠᠭᠤᠯᠬᠤ᠂ ᠰᠢᠢᠳᠪᠦᠷᠢᠯᠡᠬᠦ᠂ ᠬᠡᠷᠡᠭᠯᠡᠬᠦ ᠳ᠋ᠠᠢᠲ᠋ᠠ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠵᠤ᠂ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠎ᠢ ᠪᠣᠶ ᠪᠣᠯᠭᠠᠵᠤ᠂ ᠠᠵᠤ ᠠᠬᠤᠢᠯᠠᠯ᠎ᠳᠤ ᠣᠯᠠᠨ ᠤᠯᠤᠰ᠎ᠤᠨ ᠵᠠᠬ᠎ᠠ ᠳᠡᠯᠭᠡᠭᠦᠷ᠎ᠦᠨ ᠵᠠᠳᠠᠯᠤᠯᠲᠠ ᠬᠢᠬᠦ᠂ ᠰᠢᠨ᠎ᠡ ᠦᠢᠯᠡᠳᠬᠦᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠵᠡᠷᠭᠡ᠎ᠳᠦ ᠳ᠋ᠠᠢᠲ᠋ᠠ᠎ᠶᠢᠨ ᠦᠢᠯᠡᠴᠢᠯᠡᠭᠡ ᠬᠠᠩᠭᠠᠬᠤ ᠬᠡᠷᠡᠭᠲᠡᠢ᠃

ᠳᠥᠷᠪᠡ᠎ᠳᠦ᠂ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠪᠠ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠦᠨ᠎ᠡ᠃ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠦᠨᠡᠨᠴᠢ ᠢᠲᠡᠭᠡᠮᠵᠢᠲᠡᠢ ᠡᠵᠡᠩᠨᠡᠬᠦ᠎ᠶᠢ ᠬᠥᠲᠥᠯᠥᠨ ᠵᠢᠯᠤᠭᠣᠳᠴᠤ᠂ ᠳᠤᠮᠳᠠᠳᠤ ᠤᠯᠤᠰ᠎ᠤᠨ ᠲᠠᠸᠠᠷ ᠪᠠ  ᠲᠥᠷᠥᠯ ᠲᠡᠮᠳᠡᠭᠲᠦ᠎ᠶᠢᠨ ᠰᠠᠢᠨ ᠰᠠᠢᠬᠠᠨ ᠢᠲᠡᠭᠡᠯ ᠬᠦᠨᠳᠦ᠎ᠶᠢ ᠪᠣᠶ ᠪᠣᠯᠭᠠᠵᠤ᠂ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠦᠨ᠎ᠡ; ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠬᠢᠯᠢ᠎ᠶᠢᠨ ᠭᠠᠳᠠᠨᠠᠬᠢ ᠬᠠᠤᠯᠢ ᠲᠣᠭᠲᠠᠭᠠᠯ᠎ᠳᠤ ᠨᠡᠢᠴᠡᠭᠦᠯᠦᠨ ᠡᠵᠡᠩᠨᠡᠬᠦ᠎ᠶᠢ ᠬᠥᠲᠥᠯᠥᠨ ᠵᠢᠯᠤᠭᠣᠳᠴᠤ᠂ ᠡᠷᠬᠢᠯᠡᠭᠴᠢ ᠤᠯᠤᠰ᠎ᠤᠨ ᠬᠠᠤᠯᠢ ᠴᠠᠭᠠᠵᠠ ᠲᠦᠷᠢᠮ ᠲᠣᠭᠲᠠᠭᠠᠯ᠎ᠳᠤ ᠨᠡᠢᠴᠡᠭᠦᠯᠦᠨ ᠪᠣᠯᠪᠠᠰᠤᠷᠠᠭᠤᠯᠬᠤ᠎ᠶᠢ ᠴᠢᠩᠭᠠᠳᠬᠠᠨ᠎ᠠ; ᠪᠣᠭᠣᠮᠲᠠ᠂ ᠪᠠᠷᠠᠭ᠎ᠠ᠎ᠶᠢᠨ ᠭᠦᠢᠯᠭᠡᠭᠡ᠂ ᠲᠣᠭᠠᠴᠠᠭ᠎ᠠ ᠬᠢᠬᠦ ᠵᠡᠷᠭᠡ ᠬᠦᠷᠢᠶ᠎ᠡ ᠴᠠᠷᠠᠭ᠎ᠠ᠎ᠶᠢᠨ ᠢᠲᠡᠭᠡᠮᠵᠢ ᠣᠯᠬᠤ ᠲᠣᠭ᠎ᠠ ᠪᠠᠷᠢᠮᠲᠠ᠎ᠶᠢᠨ ᠰᠢᠰᠲᠧᠮ᠎ᠢ ᠨᠠᠪᠲᠠᠷᠡᠭᠦᠯᠵᠦ᠂ ᠡᠯᠧᠺᠲᠷᠣᠨ ᠬᠤᠳᠠᠯᠳᠤᠭᠠᠨ᠎ᠤ ᠲᠠᠪᠴᠠᠩ  ᠠᠵᠤ ᠠᠬᠤᠢᠯᠠᠯ᠎ᠤᠨ ᠪᠡᠯᠡ ᠲᠣᠬᠢᠷᠠᠭᠤᠯᠬᠤ᠎ᠳᠤ ᠳᠥᠭᠥᠮ ᠦᠵᠡᠭᠦᠯᠦᠨ᠎ᠡ ;ᠬᠢᠯᠢ᠎ᠶᠢᠨ ᠭᠠᠳᠠᠨᠠᠬᠢ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ᠂ ᠭᠠᠳᠠᠭᠠᠳᠤ᠎ᠳᠠᠬᠢ ᠰᠠᠩ ᠬᠥᠮᠥᠷᠭᠡ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠪᠠᠷᠠᠭ᠎ᠠ᠎ᠶᠢᠨ ᠭᠦᠢᠯᠭᠡᠭᠡᠨ᠎ᠦ ᠠᠵᠤ ᠠᠬᠤᠢᠯᠠᠯ᠎ᠤᠨ 《ᠭᠠᠷᠴᠤ ᠶᠠᠪᠤᠬᠤ》᠎ᠶᠢ ᠳᠠᠮᠵᠢᠵᠤ᠂ ᠤᠯᠤᠰ᠎ᠠᠴᠠ ᠳᠣᠲᠣᠭᠠᠳᠤ᠎ᠶᠢᠨ ᠬᠢᠯᠢ ᠠᠯᠤᠰᠯᠠᠨ ᠲᠣᠭᠠᠴᠠᠭ᠎ᠠ ᠬᠢᠬᠦ ᠲᠠᠪᠴᠠᠩ ᠣᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ᠡᠭᠦᠨ᠎ᠦ ᠬᠠᠮᠲᠤ᠂ ᠪᠠᠰᠠ ᠬᠢᠯᠢ᠎ᠶᠢᠨ ᠭᠠᠳᠠᠨᠠᠬᠢ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮ᠎ᠢ ᠲᠡᠭᠦᠯᠳᠡᠷᠵᠢᠭᠦᠯᠵᠦ᠂ ᠬᠢᠯᠢ᠎ᠶᠢᠨ ᠭᠠᠳᠠᠨᠠᠬᠢ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠰᠢᠰᠲᠧᠮ᠎ᠢ ᠪᠦᠷᠢᠨᠰᠢᠭᠦᠯᠵᠦ᠂ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠭᠠᠳᠠᠭᠠᠳᠤ᠎ᠳᠠᠬᠢ ᠬᠥᠭᠵᠢᠯᠲᠡ᠎ᠳᠦ ᠠᠰᠢᠭ᠍ᠲᠠᠢ ᠣᠷᠴᠢᠨ ᠨᠥᠬᠥᠴᠡᠯ᠎ᠢ ᠪᠣᠶ ᠪᠣᠯᠭᠠᠬᠤ ᠭᠡᠷᠡᠭᠲᠠᠢ᠃

(ᠵᠣᠬᠢᠶᠠᠭ᠍ᠴᠢ  ᠵᠢᠨ ᠬᠠᠶᠢᠭ᠄ ᠳᠤᠮᠳᠠᠳᠤ ᠤᠯᠤᠰ᠎ᠤᠨ ᠣᠯᠠᠨ ᠤᠯᠤᠰ᠎ᠤᠨ ᠠᠵᠤ ᠠᠬᠤᠢ᠎ᠶᠢᠨ ᠰᠣᠯᠢᠯᠴᠠᠭᠠᠨ᠎ᠤ ᠲᠥᠪ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号