ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠵᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠶ᠎ᠠ
2026-01-05 11:49:11
ᠵᠣᠬᠢᠶᠠᠭ᠍ᠴᠢ᠄
ᠽᠸᠤ᠎ᠳ᠋ᠸ ᠵᠢᠶᠠᠨ ᠪᠦᠦ ᠸᠸᠨ
ᠣᠩᠱᠢᠭ᠍ᠰᠠᠨ ᠣᠳᠠᠭ᠎ᠠ᠄
★★★☆☆

2021 ᠣᠨ᠎ᠤ 8 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ᠂ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠣᠨᠣᠪᠴᠢᠲᠠᠢ ᠡᠵᠡᠮᠳᠡᠨ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠨᠳᠦᠰᠦᠲᠡᠨ᠎ᠦ ᠭᠠᠵᠠᠷ ᠣᠷᠣᠨ ᠶᠡᠷᠦ ᠨᠢ ᠡᠬᠡ ᠣᠯᠣᠰ᠎ᠦᠨ ᠬᠢᠯᠢ ᠬᠢᠵᠠᠭᠠᠷ ᠪᠦᠢᠳᠠ ᠪᠥᠭᠯᠡᠭᠦᠦ ᠭᠠᠵᠠᠷ ᠣᠷᠣᠨ᠎ᠳᠤ ᠪᠠᠢᠷᠢᠰᠢᠵᠦ᠂ ᠥᠪᠡᠷᠮᠢᠴᠡ ᠪᠠᠢᠭᠠᠯᠢ᠎ᠶᠢᠨ ᠣᠷᠴᠢᠨ ᠲᠣᠭᠣᠷᠢᠨ ᠪᠠ ᠦᠨᠳᠦᠰᠦᠲᠡᠨ᠎ᠦ ᠰᠣᠶᠣᠯ ᠵᠠᠩ ᠵᠠᠩᠰᠢᠯ᠎ᠲᠠᠢ ᠪᠠᠢᠳᠠᠭ᠃ ᠦᠨᠳᠦᠰᠦᠲᠡᠨ᠎ᠦ ᠬᠥᠭᠵᠢᠯᠲᠡ᠎ᠶᠢᠨ ᠤᠷᠲᠤ ᠤᠳᠠᠭᠠᠨ ᠲᠡᠦᠬᠡᠨ ᠶᠠᠪᠤᠴᠠ᠎ᠳᠤ᠂ ᠥᠪᠡᠷᠮᠢᠴᠡ ᠣᠨᠴᠠᠯᠢᠭ᠋᠎ᠲᠠᠢ ᠰᠣᠶᠣᠯ ᠪᠠ ᠠᠵᠤ ᠠᠬᠤᠢ᠎ᠶᠢᠨ ᠬᠥᠭᠵᠢᠯᠲᠡ᠎ᠶᠢᠨ ᠠᠷᠭ᠎ᠠ ᠮᠠᠶᠢᠭ᠋  ᠪᠦᠷᠢᠯᠳᠦᠵᠦ ᠠᠮᠢ ᠠᠬᠤᠢ ᠣᠷᠴᠢᠨ ᠲᠣᠭᠣᠷᠢᠨ᠎ᠤ ᠡᠬᠢ ᠪᠠᠶᠠᠯᠢᠭ᠋᠂ ᠠᠮᠢ ᠠᠬᠤᠢ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠪᠠᠢᠳᠠᠯ ᠵᠢᠴᠢ ᠦᠨᠳᠦᠰᠦᠲᠡᠨ᠎ᠦ ᠠᠮᠢ ᠠᠬᠤᠢ᠎ᠶᠢᠨ ᠰᠣᠶᠣᠯ᠎ᠤᠨ ᠠᠭᠤᠰᠤᠯᠴᠠᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠴᠢᠬᠤᠯᠠ ᠨᠥᠯᠥᠭᠡ᠎ᠲᠠᠢ ᠶᠤᠮ᠃

ᠠᠮᠢ ᠠᠬᠤᠢ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠵᠢ ᠲᠡᠮᠵᠢᠶ᠎ᠡ

ᠨᠣᠭᠣᠭᠠᠨ ᠥᠩᠭᠡ ᠪᠣᠯ ᠥᠪᠥᠷ ᠮᠣᠩᠭᠣᠯ᠎ᠤᠨ ᠳᠡᠪᠢᠰᠬᠡᠷ ᠥᠩᠭᠡ ᠮᠦᠨ᠂ ᠠᠮᠢ ᠠᠬᠤᠢ ᠪᠣᠯ ᠥᠪᠥᠷ ᠮᠣᠩᠭᠣᠯ᠎ᠤᠨ ᠲᠦᠰᠢᠭ ᠮᠥᠨ᠃ 《ᠣᠮᠠᠷᠠᠳᠣ ᠵᠢᠨ ᠭᠣᠷᠪᠡᠨ ᠣᠷᠣᠨ》᠎ᠢ᠋ ᠰᠤᠨᠳᠠᠯᠠᠭᠰᠠᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠬᠠᠯᠬᠠᠪᠴᠢ ᠪᠣᠯᠤᠭᠰᠠᠨ᠎ᠤ ᠬᠤᠪᠢ᠎ᠳᠤ᠂ ᠣᠨᠴᠠᠭᠠᠶ ᠭᠠᠵᠠᠷ ᠵᠦᠢ᠎ᠶᠢᠨ ᠪᠠᠢᠷᠢᠯᠠᠯ ᠪᠠ ᠪᠠᠢᠭᠠᠯᠢ᠎ᠶᠢᠨ ᠨᠥᠬᠥᠴᠡᠯ᠂ ᠥᠪᠥᠷ ᠮᠣᠩᠭᠣᠯ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠪᠦᠲᠦᠭᠡᠨ ᠪᠠᠢᠭᠤᠯᠤᠯᠲᠠ ᠨᠢ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠦᠷᠭᠦᠯᠵᠢᠯᠡᠬᠦ ᠬᠥᠭᠵᠢᠯᠲᠡ᠎ᠳᠦ ᠬᠣᠯᠪᠣᠭᠳᠠᠬᠤ᠎ᠪᠠᠷ ᠪᠠᠷᠠᠬᠤ ᠦᠭᠡᠢ᠂ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠴᠢᠨᠠᠭᠰᠢᠯᠠᠪᠠᠯ ᠪᠥᠬᠥ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠳᠦ ᠴᠥᠮ ᠮᠠᠰᠢ ᠴᠢᠬᠤᠯᠠ ᠦᠢᠯᠡᠳᠦᠯ᠎ᠲᠠᠢ ᠪᠤᠯᠬᠤ ᠵᠢ ᠲᠣᠭᠳᠠᠭᠠᠪᠠ᠃ ᠠᠮᠢ ᠠᠬᠤᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠬᠤ ᠪᠣᠯ ᠣᠳᠣᠬᠢᠴᠢᠯᠠᠭᠰᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠶᠢᠨ ᠦᠨᠳᠦᠰᠦᠨ ᠱᠠᠭᠠᠷᠳᠠᠯᠭ᠎ᠠ᠎ᠶᠢᠨ ᠨᠢᠭᠡ ᠮᠥᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠭᠡᠷ ᠣᠷᠣᠨ᠎ᠢᠶᠠᠨ ᠰᠠᠬᠢᠨ ᠬᠠᠮᠠᠭᠠᠯᠠᠵᠤ ᠰᠠᠢᠨ ᠰᠠᠢᠬᠠᠨ ᠠᠮᠢᠳᠤᠷᠠᠯ᠎ᠢ ᠬᠥᠭᠡᠭᠡᠴᠡᠯᠳᠦᠬᠦ ᠵᠠᠢᠯᠠᠰᠢ ᠦᠭᠡᠢ ᠵᠠᠮ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠄ 《ᠬᠥᠮᠥᠨ ᠬᠢᠬᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠎ᠶᠢ ᠪᠠᠷᠢᠮᠲᠠᠯᠠᠵᠤ᠂ ᠠᠮᠢ ᠠᠬᠤᠢ᠎ᠶᠢᠨ ᠪᠣᠯᠪᠠᠰᠤᠨ᠎ᠢ ᠪᠠᠶ᠋ᠢᠭᠤᠯᠬᠤ ᠪᠣᠯ ᠳᠤᠮᠳᠠᠳᠤ᠎ᠶᠢᠨ ᠦᠨᠳᠦᠰᠦᠲᠡᠨ᠎ᠦ ᠦᠷᠬᠦᠯᠵᠢᠯᠡᠬᠦ ᠬᠥᠭᠵᠢᠯᠲᠡ᠎ᠶᠢᠨ ᠮᠢᠩᠭᠠᠨ ᠣᠨ᠎ᠤ ᠶᠡᠬᠡ ᠪᠣᠳᠣᠯᠭ᠎ᠠ ᠮᠥᠨ》 ᠭᠡᠵᠦ ᠵᠢᠭᠠᠵᠦ ᠭᠠᠷᠭᠠᠪᠠ᠃ ᠡᠨᠡ ᠪᠣᠯ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠪᠣᠯᠤᠭᠰᠠᠨ ᠥᠪᠥᠷ ᠮᠣᠩᠭᠣᠯ᠎ᠤᠨ ᠡᠷᠬᠡᠪᠰᠢ ᠪᠠᠲᠤ ᠰᠠᠬᠢᠬᠤ ᠠᠮᠢ ᠠᠬᠤᠢ᠎ᠶᠢᠨ ᠣᠢᠯᠠᠭᠠᠭᠳᠠᠬᠤᠨ ᠪᠣᠯᠣᠨ᠎ᠠ᠂ ᠮᠥᠨ ᠴᠦ᠍ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠡᠷᠬᠡᠪᠰᠢ ᠡᠭᠦᠷᠭᠡᠯᠡᠬᠦ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠃

ᠠᠮᠢ ᠠᠬᠤᠢ ᠣᠷᠴᠢᠨ ᠲᠤᠭᠤᠷᠢᠨ᠎ᠢ ᠰᠢᠯᠢᠳᠡᠭᠵᠢᠭᠦᠯᠬᠦ ᠪᠣᠯ ᠦᠨᠳᠦᠰᠦᠨ᠎ᠳᠡᠭᠡᠨ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ᠂ ᠬᠥᠮᠥᠨ ᠬᠢᠭᠡᠳ ᠨᠡᠢᠭᠡᠮ ᠡᠶ᠎ᠡ ᠵᠣᠬᠢᠴᠡᠩᠭᠣᠢ᠂ ᠬᠥᠮᠥᠨ ᠬᠦᠮᠦᠨ᠎ᠦ ᠬᠣᠭᠣᠷᠣᠨᠳᠣᠬᠢ ᠡᠶ᠎ᠡ ᠵᠣᠬᠢᠴᠡᠩᠭᠣᠢ ᠨᠢᠭᠡ ᠴᠣᠭᠴᠠᠵᠢᠭᠤᠯᠣᠨ ᠬᠥᠭᠵᠢᠬᠦᠯᠬᠦ ᠬᠠᠨᠳᠤᠰᠢ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠪᠠᠲᠤ ᠴᠣᠭᠴᠠᠯᠠᠬᠤ᠎ᠳᠤ ᠵᠠᠢᠯᠠᠰᠢ ᠦᠭᠡᠢ ᠵᠠᠮᠨᠠᠬᠤ ᠵᠠᠮ ᠮᠥᠨ᠃ ᠰᠢᠯᠢᠳᠡᠭ ᠰᠠᠢᠨ ᠠᠮᠢ ᠠᠬᠤᠢ ᠣᠷᠴᠢᠨ ᠲᠣᠭᠣᠷᠢᠨ ᠨᠢ ᠰᠡᠳᠬᠢᠯ ᠰᠠᠨᠠᠭ᠎ᠠ᠎ᠶᠢ ᠲᠣᠩᠭᠠᠯᠠᠬᠰᠢᠭᠣᠯᠵᠦ᠂ ᠬᠥᠮᠥᠨ ᠬᠥᠮᠥᠨ᠎ᠦ ᠬᠣᠭᠣᠷᠣᠨᠳᠣᠬᠢ ᠬᠠᠷᠢᠴᠠᠭ᠎ᠠ᠎ᠶᠢ ᠤᠯᠠᠮ ᠳᠣᠲᠣᠨᠣ᠌ ᠪᠣᠯᠭᠠᠵᠤ᠂ ᠦᠨᠳᠦᠰᠦᠲᠡᠨ᠎ᠦ ᠬᠣᠭᠣᠷᠣᠨᠳᠣᠬᠢ ᠰᠣᠯᠢᠯᠴᠠᠭ᠎ᠠ᠎ᠶᠢ ᠴᠤ᠌ ᠤᠯᠠᠮ ᠨᠥᠬᠥᠷᠰᠡᠭ᠂ ᠤᠯᠠᠮ ᠨᠢᠭ᠍ᠲᠠ ᠪᠣᠯᠭᠠᠳᠠᠭ᠃ ᠨᠢᠭᠡ ᠰᠡᠳᠬᠢᠯ ᠨᠢᠭᠡ ᠵᠣᠷᠢᠭ᠋᠎ᠢᠶᠠᠷ ᠬᠥᠬᠡ ᠣᠭᠲᠠᠷᠭᠤᠢ ᠬᠦᠷᠦᠰᠦᠳᠦ ᠲᠡᠯᠡᠬᠡᠢ ᠪᠠᠨ ᠬᠠᠮᠲᠤ᠎ᠪᠠᠷ ᠰᠠᠬᠢᠨ ᠬᠠᠮᠠᠭᠠᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠢᠯᠡᠳᠲᠡ ᠴᠢᠩᠭᠠᠷᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ᠃

ᠠᠮᠢ ᠠᠬᠤᠢ᠎ᠶᠢᠨ ᠠᠵᠤ ᠠᠬᠤᠢ᠎ᠶᠢ ᠬᠥᠭᠵᠢᠭᠦᠯᠵᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠳᠦ ᠡᠨ᠋ᠸᠷᠬᠢ ᠣᠯᠭᠣᠶ᠎ᠡ

ᠠᠮᠢ ᠠᠬᠤᠢ᠎ᠶᠢᠨ ᠠᠵᠤ ᠠᠬᠤᠢ ᠪᠣᠯ ᠠᠵᠤ ᠠᠬᠤᠢ᠎ᠶᠢᠨ ᠬᠥᠭᠵᠢᠯᠲᠡ ᠬᠢᠭᠡᠳ ᠣᠷᠴᠢᠨ ᠲᠤᠭᠤᠷᠢᠨ᠎ᠦ ᠬᠠᠮᠠᠭᠠᠯᠠᠯᠲᠠ᠂ ᠪᠣᠳᠠᠰ᠎ᠤᠨ ᠪᠣᠯᠪᠠᠰᠤᠨ ᠬᠢᠭᠡᠳ ᠤᠶᠤᠨ᠎ᠤ ᠪᠣᠯᠪᠠᠰᠤᠨ᠂ ᠪᠠᠢᠭᠠᠯᠢ ᠠᠮᠢ ᠠᠬᠤᠢ ᠬᠢᠭᠡᠳ ᠬᠥᠮᠥᠨ ᠲᠥᠷᠥᠯᠬᠢᠲᠡᠨ᠎ᠦ ᠠᠮᠢ ᠠᠬᠤᠢ᠎ᠶᠢᠨ ᠳᠡᠭᠡᠳᠦ ᠬᠡᠮᠵᠢᠶᠡᠨ᠎ᠦ ᠠᠭᠤᠰᠤᠯᠴᠠᠯ᠎ᠢ ᠪᠡᠶᠡᠯᠡᠭᠦᠯᠵᠦ ᠴᠢᠳᠠᠬᠤ ᠪᠥᠭᠡᠳ ᠦᠷᠭᠦᠯᠵᠢᠯᠡᠬᠦ ᠬᠥᠭᠵᠢᠯᠲᠡ᠎ᠶᠢ ᠪᠡᠶᠡᠯᠡᠭᠦᠯᠵᠦ ᠴᠢᠳᠠᠬᠤ ᠠᠵᠤ ᠠᠬᠤᠢ ᠮᠥᠨ᠃ ᠮᠠᠨ᠎ᠤ ᠤᠯᠤᠰ᠎ᠤᠨ ᠦᠨᠳᠦᠰᠦᠲᠡᠨ᠎ᠦ ᠣᠷᠣᠨ᠎ᠤ ᠠᠮᠢ ᠠᠬᠤᠢ ᠣᠷᠴᠢᠨ ᠲᠣᠭᠣᠷᠢᠨ ᠨᠡᠯᠢᠶᠡᠳ ᠬᠡᠪᠡᠷᠡᠭ ᠪᠠᠢᠵᠤ᠂ ᠠᠵᠤ ᠠᠬᠤᠢ᠎ᠶᠢᠨ ᠬᠥᠭᠵᠢᠯᠲᠡ ᠬᠠᠷᠢᠴᠠᠩᠭᠤᠢ ᠬᠣᠴᠣᠷᠤᠩᠭᠤᠢ ᠪᠠᠢᠳᠠᠭ᠃ ᠠᠮᠢ ᠠᠬᠤᠢ᠎ᠶᠢᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠎ᠶᠢ ᠶᠡᠬᠡ᠎ᠪᠡᠷ ᠰᠠᠨᠠᠭᠠᠴᠢᠯᠠᠬᠤ ᠪᠣᠯ ᠮᠠᠨ᠎ᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠳᠣᠣᠷᠠᠬᠢ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ᠎ᠶᠢᠨ ᠬᠥᠭᠵᠢᠯᠲᠡ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃

ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ᠎ᠪᠡᠷ ᠬᠥᠭᠵᠢᠭᠦᠯᠬᠦ᠎ᠶᠢ ᠪᠠᠷᠢᠮᠲᠠᠯᠠᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠᠠ ᠠᠭᠤᠯᠠ ᠮᠥᠩᠭᠥᠨ ᠬᠠᠢᠷᠬᠠᠨ ᠮᠥᠨ᠂ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠣᠷᠢᠨ᠎ᠢ ᠬᠠᠮᠠᠭᠠᠯᠠᠬᠤ ᠠᠵᠤ ᠠᠬᠤᠢ᠎ᠶᠢ ᠶᠡᠬᠡ᠎ᠪᠡᠷ ᠰᠠᠨᠠᠭᠠᠴᠢᠯᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠠᠵᠤ ᠠᠬᠤᠢ᠎ᠶᠢᠨ ᠰᠠᠭᠤᠷᠢ ᠨᠢ ᠲᠡᠭᠡᠳᠦ ᠳᠠᠪᠬᠤᠷᠭ᠎ᠠ᠎ᠶᠢ ᠲᠣᠭᠲᠠᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ᠎ᠶᠢᠨ ᠬᠥᠭᠵᠢᠯᠲᠡ᠎ᠶᠢᠨ ᠰᠠᠢᠨ ᠮᠠᠭᠤ ᠨᠢ ᠨᠢᠭᠡ ᠬᠡᠮᠵᠢᠶᠡᠨ᠎ᠳᠦ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠠᠵᠢᠯ᠎ᠤᠨ ᠪᠠᠢᠭᠤᠯᠤᠯᠲᠠ᠎ᠶᠢ ᠨᠥᠯᠥᠭᠡᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠴᠢᠬᠤᠯᠠ ᠦᠢᠯᠡᠳᠦᠯ᠎ᠲᠠᠢ ᠶᠤᠮ᠃ ᠦᠨᠳᠦᠰᠦᠲᠡᠨ᠎ᠦ ᠭᠠᠵᠠᠷ ᠣᠷᠣᠨ ᠠᠮᠢ ᠠᠬᠤᠢ᠎ᠶᠢᠨ ᠠᠵᠤ ᠠᠬᠤᠢ᠎ᠪᠠᠨ ᠲᠦᠷᠭᠡᠨ ᠬᠥᠭᠵᠢᠭᠦᠯᠵᠦ᠂ ᠠᠮᠢ ᠠᠬᠤᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠰᠠᠢᠨ ᠰᠠᠢᠬᠠᠨ ᠠᠮᠢ ᠠᠬᠤᠢ ᠣᠷᠴᠢᠨ ᠲᠤᠭᠤᠷᠢᠨ᠎ᠢ ᠠᠷᠠᠳ᠎ᠤᠨ ᠠᠮᠢᠳᠤᠷᠠᠯ᠎ᠤᠨ ᠨᠡᠮᠡᠭᠳᠡᠯ᠎ᠦᠨ ᠴᠡᠭ ᠪᠣᠯᠭᠠᠵᠤ᠂ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢᠨ ᠲᠤᠯᠭᠠᠭᠤᠷᠢᠯᠠᠬᠤ ᠴᠡᠭ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠠᠮᠢ ᠠᠬᠤᠢ᠎ᠶᠢᠨ ᠠᠵᠤ ᠠᠬᠤᠢ᠎ᠶᠢᠨ ᠰᠠᠭᠤᠷᠢ᠎ᠶᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠢ᠃

ᠠᠮᠢ ᠠᠬᠤᠢ᠎ᠶᠢᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠵᠢ ᠠᠬᠢᠭᠣᠯᠣᠶ᠎ᠠ

ᠵᠠᠭᠣ ᠮᠢᠩᠭᠠᠨ ᠵᠢᠯ᠎ᠦᠨ ᠲᠤᠷᠰᠢ᠂ ᠥᠪᠥᠷ ᠮᠣᠩᠭᠣᠯ ᠨᠢ ᠳᠤᠮᠳᠠᠳᠤ᠎ᠶᠢᠨ ᠡᠬᠡ ᠭᠠᠵᠠᠷ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠡᠨᠡ ᠬᠦ᠌ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ᠎ᠨᠦᠭᠦᠳ᠎ᠦᠨ ᠠᠷᠠᠳ ᠲᠦᠮᠡᠨ ᠲᠠᠢ ᠬᠠᠮᠳᠣ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠳᠤᠮᠳᠠᠳᠤ᠎ᠶᠢᠨ ᠬᠥᠪᠡᠭᠦᠳ ᠥᠬᠢᠳ᠎ᠲᠠᠢ ᠬᠠᠮᠲᠤ᠎ᠪᠠᠷ ᠡᠬᠡ ᠤᠯᠤᠰ᠎ᠤᠨ ᠦᠵᠡᠰᠬᠦᠯᠡᠩᠲᠦ ᠰᠠᠢᠬᠠᠨ ᠠᠭᠤᠯᠠ ᠤᠰᠤ᠎ᠶᠢ ᠵᠢᠷᠤᠭᠯᠠᠵᠤ᠂ ᠳᠤᠮᠳᠠᠳᠤ᠎ᠶᠢᠨ ᠦᠨᠳᠦᠰᠦᠲᠡᠨ᠎ᠦ ᠣᠷᠣᠰᠢᠨ ᠲᠣᠭᠲᠠᠨᠢᠵᠤ ᠬᠥᠭᠵᠢᠬᠦ ᠦᠵᠡᠰᠬᠦᠯᠡᠩᠲᠦ ᠰᠠᠢᠬᠠᠨ ᠭᠡᠷ ᠣᠷᠣᠨ᠎ᠢ ᠪᠦᠲᠦᠭᠡᠨ ᠪᠠᠢᠭᠤᠯᠪᠠ᠃ ᠥᠪᠥᠷ ᠮᠣᠩᠭᠣᠯ ᠪᠣᠯ ᠣᠯᠠᠨ ᠦᠨᠳᠦᠰᠦᠲᠡᠨ ᠣᠷᠣᠰᠢᠨ ᠠᠮᠢᠳᠣᠷᠠᠵᠦ ᠪᠠᠢᠭ᠎ᠠ ᠭᠡᠷ ᠣᠷᠣᠨ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠥᠮᠥᠨ ᠬᠢᠭᠡᠳ ᠪᠠᠢᠭᠠᠯᠢ᠎ᠡᠶ᠎ᠡ ᠵᠣᠬᠢᠴᠠᠩᠭᠣᠢ ᠬᠠᠮᠲᠤ ᠣᠷᠣᠰᠢᠬᠤ ᠣᠢᠯᠠᠭᠠᠭᠳᠠᠬᠣᠨ᠎ᠳᠤ ᠲᠥᠷᠥᠯᠬᠢ ᠮᠡᠳᠡᠷᠡᠮᠵᠢ᠎ᠲᠠᠢ ᠪᠠᠢᠳᠠᠭ᠃ ᠮᠣᠩᠭᠣᠯ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠳᠠᠬᠢ 《ᠪᠠᠢᠭᠠᠯᠢ᠎ᠶᠢ ᠬᠠᠢᠷᠠᠯᠠᠵᠤ ᠪᠠᠢᠭᠠᠯᠢ᠎ᠲᠠᠢ ᠵᠣᠬᠢᠴᠠᠬᠤ》ᠦᠵᠡᠯ ᠰᠠᠨᠠᠭ᠎ᠠ ᠨᠢ ᠡᠨᠡ ᠬᠦ᠌ ᠨᠤᠲᠤᠭ ᠳᠡᠪᠢᠰᠬᠡᠷ ᠳᠡᠭᠡᠷ᠎ᠡ ᠤᠷᠳᠤ ᠬᠤᠭᠤᠴᠠᠭ᠎ᠠ ᠬᠠᠷᠢᠯᠴᠠᠨ ᠶᠠᠪᠣᠯᠴᠠᠵᠦ ᠬᠠᠷᠢᠯᠴᠠᠨ ᠰᠣᠯᠢᠯᠴᠠᠵᠦ ᠬᠠᠷᠢᠯᠴᠠᠨ ᠠᠭᠤᠰᠤᠯᠴᠠᠭᠰᠠᠨ ᠦᠨᠳᠦᠰᠦᠲᠡᠨ ᠨᠤᠬᠦᠳ᠎ᠢ ᠭᠦᠨ ᠨᠥᠯᠥᠭᠡᠯᠡᠵᠦ᠂ ᠬᠥᠮᠥᠰ᠎ᠦᠨ 《ᠠᠮᠢ ᠨᠠᠰᠤᠨ᠎ᠳᠤ ᠬᠠᠨᠳᠤᠬᠤ᠎ᠣᠪᠣᠷ ᠵᠢᠡᠷ ᠠᠮᠢ ᠠᠬᠤᠢ᠎ᠶᠢᠨ ᠣᠷᠴᠢᠨ ᠲᠣᠭᠣᠷᠢᠨ᠎ᠳᠤ ᠬᠠᠨᠳᠤᠬᠤ》ᠤᠬᠠᠮᠰᠠᠷ ᠪᠣᠯᠣᠨ ᠠᠵᠢᠯᠯᠠᠭ᠎ᠠ᠎ᠶᠢ ᠬᠥᠮᠥᠵᠢᠭᠦᠯᠪᠡ᠃ ᠡᠢᠮᠦᠷᠬᠦᠦ ᠠᠳᠠᠯᠢ ᠪᠤᠰᠤ ᠦᠨᠳᠦᠰᠦᠲᠡᠨ᠎ᠦ ᠬᠣᠭᠣᠷᠣᠨᠳᠣᠬᠢ ᠦᠨᠳᠦᠰᠦᠲᠡᠨ᠎ᠦ ᠠᠮᠢ ᠠᠬᠤᠢ ᠰᠣᠶᠣᠯ᠎ᠤᠨ ᠠᠭᠤᠰᠤᠯᠴᠠᠯ ᠰᠣᠯᠢᠯᠴᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠢᠳᠡᠪᠬᠢᠲᠡᠢ ᠠᠬᠢᠭᠤᠯᠬᠤ ᠦᠢᠯᠡᠳᠦᠯ᠎ᠲᠠᠢ ᠶᠤᠮ᠃

ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠤᠢᠪᠢᠱᠢ ᠦᠭᠡᠢ ᠲᠤᠭᠤᠰᠢᠯᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ ᠪᠠ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠪᠦᠬᠦᠯᠢ ᠴᠣᠭᠴᠠ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠡᠷ ᠬᠥᠭᠵᠢᠭᠦᠯᠬᠦ᠎ᠶᠢᠨ ᠵᠠᠮ᠎ᠢᠶᠠᠷ  ᠭᠤᠢᠪᠢᠰᠢ ᠦᠭᠡᠢ ᠵᠠᠮᠨᠠᠵᠤ ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠬᠢᠭᠡᠳ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠵᠡᠷᠭᠡ᠎ᠪᠡᠷ ᠠᠬᠢᠭᠤᠯᠵᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠵᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ᠎ᠶᠢᠨ ᠬᠠᠮᠤᠭ᠎ᠤᠨ ᠶᠡᠬᠡ ᠨᠡᠮᠡᠭᠳᠡᠯ᠎ᠦᠨ ᠬᠡᠮᠵᠢᠶ᠎ᠡ ᠪᠣᠯᠭᠠᠵᠤ᠂ 《ᠬᠥᠬᠡᠮᠳᠦᠭ ᠨᠣᠭᠣᠭᠠᠨ ᠠᠭᠤᠯᠠ ᠤᠰᠤ》 ᠡᠨᠡ ᠬᠦ᠌ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠤ ᠬᠠᠮᠤᠭ᠎ᠤᠨ ᠶᠡᠬᠡ ᠳᠡᠪᠢᠰᠬᠡᠷ ᠥᠩᠭᠡ᠎ᠶᠢ ᠵᠢᠷᠤᠭᠯᠠᠬᠤ ᠬᠡᠷᠡᠭᠲᠠᠢ᠃ ᠠᠮᠢ ᠠᠬᠤᠢ᠎ᠶᠢᠨ ᠣᠷᠴᠢᠨ ᠲᠣᠭᠣᠷᠢᠨ᠂ ᠠᠮᠢ ᠠᠬᠤᠢ᠎ᠶᠢᠨ ᠠᠵᠤ ᠠᠬᠤᠢ᠂ ᠠᠮᠢ ᠠᠬᠤᠢ᠎ᠶᠢᠨ ᠰᠣᠶᠣᠯ᠎ᠢ ᠵᠤᠬᠢᠴᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ + ᠦᠨᠳᠦᠰᠦᠲᠡᠨ᠎ᠦ ᠪᠦᠯᠬᠦᠮᠳᠡᠯ ᠲᠠᠪᠰᠢᠯᠳᠠ ᠵᠢᠨ ᠬᠦᠴᠦᠷᠬᠡᠭ ᠳᠠᠭᠤᠨ᠎ᠢ ᠴᠢᠪᠬᠠᠳᠠᠬᠣ  ᠬᠡᠷᠡᠭᠳᠡᠢ᠃ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠪᠠᠨ ᠲᠦᠷᠭᠡᠳᠬᠡᠬᠦ᠎ᠶᠢ ᠠᠬᠢᠭᠤᠯᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠍ᠢᠴᠢᠯᠠᠨ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃

(ᠵᠣᠬᠢᠶᠠᠬᠴᠢ ᠵᠢᠨ ᠬᠠᠶᠢᠬ᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号