ᠨᠠᠮ᠎ᠤᠨ ᠪᠠᠢᠭᠤᠯᠤᠯᠲᠠ ᠢ᠋ᠢᠨ ᠬᠦᠴᠦᠨ ᠬᠦᠲᠡᠭᠡ ᠲᠤᠰᠬᠤᠨ᠎ᠤ ᠬᠦᠭᠵᠢᠯ
2026-01-05 11:11:37
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠨᠠᠮ᠎ᠤᠨ ᠪᠠᠢᠭᠤᠯᠤᠯᠲᠠ ᠢ᠋ᠢᠨ ᠬᠥᠲᠥᠯᠥᠨ ᠳᠠᠭᠠᠭᠤᠯᠭ᠎ᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠦᠨᠳᠦᠰᠦᠨ ᠪᠠᠲᠤᠯᠠᠭ᠎ᠠ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠᠲᠤ ᠪᠡᠬᠢ ᠲᠤᠯᠭᠠᠭᠤᠷᠢᠯᠠᠯ ᠶᠤᠮ᠃ ᠠᠯᠠᠱᠠ ᠢ᠋ᠢᠨ ᠭᠤᠪᠢ ᠨᠤᠳᠤᠭ ᠡᠴᠡ ᠬᠦᠯᠦᠨ ᠪᠤᠢᠷ᠎ᠤᠨ ᠮᠠᠯᠵᠢᠬᠤ ᠤᠷᠤᠨ ᠬᠦᠷᠲᠡᠯᠡᠬᠢ ᠦᠪᠦᠷ ᠮᠤᠩᠭᠤᠯ᠎ᠤᠨ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠨᠤᠭᠤᠳ ᠠᠮᠢᠳᠤᠯᠢᠭ᠋ ᠦᠢᠯᠡᠳᠦᠯᠭᠡ᠎ᠪᠡᠷ ᠢ᠋ᠢᠡᠨ ᠡᠭᠦᠨ ᠢ᠋ ᠭᠡᠷᠡᠴᠢᠯᠡᠬᠰᠡᠨ ᠪᠢᠯᠡ᠃

ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠵᠦ ᠦᠢᠯᠡᠰ ᠢ᠋ ᠬᠦᠭᠵᠢᠭᠦᠯᠤᠨ ᠮᠠᠨᠳᠤᠭᠤᠯᠬᠤ ᠪᠤᠯ ᠭᠤᠤᠯᠲᠠᠯᠭ᠎ᠠ ᠮᠦᠨ᠃ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠪᠠᠭᠠᠲᠠᠯ᠎ᠠ ᠰᠤᠮᠤ ᠢ᠋ᠢᠨ ᠶᠡᠬᠡ ᠪᠤᠯᠠᠭ ᠭᠠᠴᠠᠭ᠎ᠠ᠎ᠶᠢᠨ ᠨᠠᠮ᠎ᠤᠨ ᠡᠭᠦᠷ 6 ᠭᠠᠴᠠᠭ᠎ᠠ᠎ᠲᠠᠢ ᠬᠣᠯᠪᠣᠭᠠᠲᠤ ᠬᠣᠷᠰᠢᠶ᠎ᠠ ᠪᠠᠢᠭᠤᠯᠵᠤ᠂ 《ᠨᠠᠭᠠᠲᠦ ᠵᠠᠬ᠎ᠠ ᠢ᠋ᠢᠨ ᠲᠤᠭ᠎ᠠ ᠵᠢ ᠪᠠᠲᠤᠯᠠᠨ ᠴᠡᠪᠡᠷ ᠠᠰᠢᠭ ᠬᠤᠪᠢᠶᠠᠬᠤ + ᠬᠣᠶᠠᠳᠠᠭᠢ ᠤᠳᠠᠭ᠎ᠠ ᠴᠡᠪᠡᠷ ᠠᠰᠢᠭ᠋ ᠬᠤᠪᠢᠶᠠᠬᠤ》 ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠪᠠᠢᠭᠤᠯᠤᠨ᠂ ᠬᠠᠮᠲᠤ᠎ᠶᠢᠨ ᠬᠤᠷᠠᠮᠳᠤᠭᠤᠯᠭ᠎ᠠ᠎ᠶᠢ ᠨᠡᠮᠡᠭᠳᠡᠭᠦᠯᠬᠦ᠂ ᠲᠠᠷᠢᠶᠠᠴᠢᠨ ᠡᠷᠦᠬᠡ᠎ᠶᠢᠨ ᠣᠷᠣᠯᠭ᠎ᠠ᠎ᠶᠢ ᠨᠡᠮᠡᠭᠳᠡᠭᠦᠯᠬᠦ᠂ ᠠᠵᠤ ᠦᠢᠯᠡᠰ᠎ᠦᠨ ᠬᠦᠴᠦᠨ᠎ᠢ ᠨᠡᠮᠡᠭᠳᠡᠭᠦᠯᠬᠦ ᠰᠠᠢᠨ ᠣᠷᠴᠢᠯ᠎ᠢ ᠪᠡᠶᠡᠯᠡᠭᠦᠯᠪᠡ᠃ ᠨᠠᠮ᠎ᠤᠨ ᠪᠠᠢᠭᠤᠯᠤᠯᠲᠠ ᠨᠢ ᠠᠵᠤ ᠦᠢᠯᠡᠰ᠎ᠦᠨ ᠠᠭᠤᠰᠤᠯᠴᠠᠯ᠎ᠢ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠬᠢ ᠪᠠᠶᠠᠯᠢᠭ᠋᠎ᠢ ᠨᠡᠢᠳᠬᠡᠬᠦ᠂ ᠵᠠᠭᠪᠤᠷ᠎ᠤᠨ ᠰᠢᠨ᠎ᠡ᠎ᠶᠢ ᠡᠭᠦᠳᠬᠦ᠎ᠪᠡᠷ ᠳᠠᠮᠵᠢᠨ᠂ ᠠᠵᠤ ᠦᠢᠯᠡᠰ᠎ᠦᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ ᠬᠥᠳᠡᠭᠡ ᠲᠣᠰᠬᠣᠨ᠎ᠤ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠨ ᠨᠥᠭᠡᠴᠡ ᠬᠦᠴᠦᠨ᠎ᠲᠠᠢ ᠪᠣᠯᠭᠠᠪᠠ᠃

ᠥᠪᠥᠷ ᠮᠣᠩᠭᠣᠯ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠡᠷᠬᠡᠪᠰᠢ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠯᠲᠡ᠎ᠶᠢᠨ ᠤᠢᠯᠠᠭᠠᠬᠲᠠᠬᠤᠨ ᠢ᠋ ᠪᠠᠷᠢᠮᠲᠠᠯᠠᠬᠤ ᠶᠤᠰᠤᠲᠠᠢ᠃ ᠬᠥᠯᠥᠨ ᠪᠤᠢ᠍ᠢᠷ ᠬᠤᠳᠠ᠎ᠶᠢᠨ ᠰᠢᠨ᠎ᠡ ᠪᠠᠷᠭᠤ ᠪᠠᠷᠠᠭᠤᠨ ᠬᠣᠰᠢᠭᠤᠨ᠎ᠤ ᠬᠡᠷᠡᠯᠦᠨ ᠰᠤᠮᠤ ᠢ᠋ᠢᠨ ᠮᠠᠩᠯᠠᠢ ᠭᠠᠴᠠᠭ᠎ᠠ᠎ᠶᠢᠨ ᠨᠠᠮ᠎ᠤᠨ ᠡᠭᠦᠷ  《ᠪᠡᠯᠴᠢᠭᠡᠷ᠎ᠤᠨ ᠬᠡᠮᠵᠢᠶ᠎ᠡ ᠪᠡᠷ ᠮᠠᠯ᠎ᠤᠨ ᠲᠣᠭ᠎ᠠ᠎ᠶᠢ ᠲᠣᠭᠲᠠᠭᠠᠬᠤ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢᠯᠭᠠᠬᠤ》 ᠪᠡᠷ ᠭᠣᠣᠯ ᠡᠵᠡᠩᠨᠡᠯᠲᠡ ᠢ᠋ᠢᠨ ᠠᠷᠭ᠎ᠠ ᠬᠡᠯᠪᠡᠷᠢ ᠪᠤᠯᠭᠠᠬᠰᠠᠨ《ᠮᠠᠩᠯᠠᠢ ᠢ᠋ᠢᠨ ᠵᠠᠬᠪᠤᠷ》 ᠢ᠋ ᠡᠭᠦᠳᠴᠦ᠂ ᠠᠮᠢ ᠠᠬᠤᠢ ᠪᠠ ᠠᠵᠦ ᠠᠬᠤᠢ ᠢ᠋ᠢᠨ ᠬᠤᠤᠰ ᠦᠷ᠎ᠡ ᠠᠰᠢᠬ ᠤᠯᠤᠬᠰᠠᠨ ᠨᠢ ᠨᠢᠭᠡᠨ ᠨᠡᠢᠲᠡᠯᠢᠭ ᠵᠢᠱ᠌ᠢᠶ᠎ᠡ ᠪᠤᠯᠤᠬᠰᠠᠨ ᠶᠤᠮ᠃

ᠬᠥᠳᠡᠭᠡ ᠲᠣᠰᠬᠣᠨ᠎ᠤ ᠵᠠᠰᠠᠯᠲᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠴᠢᠬᠤᠯᠠ ᠪᠠᠲᠤᠯᠠᠭ᠎ᠠ ᠮᠥᠨ᠃ ᠤᠯᠠᠭᠠᠨᠬᠠᠳᠠ ᠬᠣᠲᠠ᠎ᠶᠢᠨ ᠯᠢᠨᠰᠢ ᠰᠢᠶᠠᠨ᠎ᠤ ᠯᠢᠨᠰᠢ ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ 《ᠨᠠᠮ᠎ᠤᠨ ᠪᠠᠢᠭᠤᠯᠤᠯᠲᠠ + ᠲᠤᠤᠷᠵᠢᠯ + ᠡᠶᠡᠳᠡᠭᠦᠯᠭᠡ》 ᠵᠢᠨ ᠵᠠᠭᠪᠤᠷ᠎ᠢ ᠡᠭᠦᠳᠴᠦ᠂ 《ᠨᠠᠮ᠎ᠤᠨ ᠭᠡᠰᠢᠭᠦᠨ᠎ᠦ ᠡᠶᠡᠳᠡᠭᠦᠯᠬᠦ ᠠᠩᠭᠢ》᠂ 《ᠤᠯᠠᠨ ᠲᠦᠮᠡᠨ᠎ᠦ ᠶᠣᠰᠣ᠌ ᠬᠡᠯᠡᠬᠦ ᠪᠦᠯᠬᠦᠮ》 ᠢ᠋ ᠪᠠᠢᠭᠤᠯᠤᠨ᠂ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶᠢ ᠭᠥᠯᠢᠶᠡᠨ ᠠᠪᠴᠤ ᠰᠢᠢᠳᠪᠦᠷᠢᠯᠡᠪᠡ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠠᠰᠠᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ᠎ᠪᠡᠷ ᠳᠠᠮᠵᠢᠨ᠂ ᠡᠯ᠎ᠡ ᠲᠠᠯ᠎ᠠ᠎ᠶᠢᠨ ᠬᠦᠴᠦᠨ᠎ᠢ ᠨᠢᠭ᠍ᠲᠠᠷᠠᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠣᠭᠴᠠᠯᠠᠨ ᠪᠠᠢᠭᠤᠯᠵᠦ᠂ ᠬᠥᠳᠡᠭᠡ ᠲᠣᠰᠬᠣᠨ᠎ᠤ ᠨᠡᠢᠭᠡᠮ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠮᠥᠷᠲᠡᠭᠡᠨ ᠡᠶ᠎ᠡ ᠵᠣᠬᠢᠴᠠᠩᠭᠤᠢ ᠡᠮᠬᠢ ᠵᠢᠷᠤᠮ᠎ᠲᠠᠢ ᠪᠣᠯᠭᠠᠪᠠ᠃

ᠰᠢᠯᠢ ᠢ᠋ᠢᠨ ᠭᠤᠤᠯ ᠠᠢᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠬᠤᠭᠤᠯᠠᠲᠦ ᠢ᠋ᠢᠨ ᠭᠤᠤᠯ ᠰᠤᠮᠤ ᠢ᠋ᠢᠨ ᠪᠠᠶᠠᠨᠪᠤᠯᠠᠭ ᠭᠠᠴᠠᠭ᠎ᠠ᠎ᠶᠢᠨ ᠨᠠᠮ᠎ᠤᠨ ᠭᠡᠰᠢᠭᠦᠳ ᠰᠡᠳᠬᠢᠯ᠎ᠢ ᠳᠤᠯᠠᠭᠠᠴᠠᠭᠤᠯᠬᠤ ᠰᠠᠭᠤᠷᠢ ᠮᠥᠩᠭᠥ ᠲᠤᠬᠢᠷᠠᠭᠤᠯᠤᠨ ᠬᠦᠴᠢᠷᠳᠡᠯᠲᠡᠢ ᠤᠯᠠᠨ ᠲᠦᠮᠡᠨ᠎ᠢ ᠬᠠᠪᠰᠤᠷᠤᠨ ᠲᠡᠳᠬᠦᠵᠦ᠂ ᠣᠯᠠᠨ ᠲᠦᠮᠡᠨ᠎ᠳᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠠᠢ᠃ ᠡᠨᠡ ᠨᠢ ᠶᠠᠬ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠢᠮᠠᠭᠲᠠ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠵᠤᠷᠢᠯᠲᠠ ᠪᠠ ᠲᠤᠰᠤᠯᠲᠠ ᠪᠠᠨ ᠪᠣᠯᠭᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠤᠯᠠᠨ ᠲᠦᠮᠡᠨ᠎ᠳᠦ ᠨᠡᠩ ᠢᠯᠡᠭᠦᠦ ᠨᠡᠩ ᠭᠣᠣᠯᠴᠢ᠎ᠪᠠᠷ ᠡᠳ᠋ᠯᠡᠭᠦᠯᠵᠦ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠦ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ ᠪᠠᠢᠬᠤ ᠵᠢ ᠬᠠᠷᠠᠭᠤᠯᠵᠦ ᠪᠤᠢ᠃

ᠨᠠᠮ᠎ᠤᠨ ᠪᠠᠢᠭᠤᠯᠤᠯᠲᠠ ᠬᠦᠴᠦᠷᠬᠡᠭᠵᠢᠪᠡᠯ ᠬᠥᠳᠡᠭᠡ ᠲᠣᠰᠬᠣᠨ ᠮᠠᠨᠳᠤᠵᠤ᠂ ᠨᠠᠮ᠎ᠤᠨ ᠡᠭᠦᠷ ᠴᠢᠩᠭᠠᠷᠠᠪᠠᠯ ᠬᠥᠭᠵᠢᠯ ᠪᠠᠳᠠᠷᠠᠯ᠎ᠲᠠᠢ ᠪᠣᠯᠤᠨ᠎ᠠ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢᠨ ᠦᠢᠯᠡᠳᠦᠯ ᠪᠣᠯᠣᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠪᠠᠯ ᠳᠠᠷᠤᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃ ᠨᠠᠮ᠎ᠤᠨ ᠪᠠᠢᠭᠤᠯᠤᠯᠲᠠ᠎ᠶᠢᠨ ᠵᠢᠯᠣᠭᠣᠳᠤᠯᠭ᠎ᠠ ᠳᠣᠣᠷ᠎ᠠ᠂ ᠥᠪᠥᠷ ᠮᠣᠩᠭᠣᠯ᠎ᠤᠨ ᠬᠥᠳᠡᠭᠡ ᠲᠣᠰᠬᠣᠨ ᠯᠠᠪᠳᠠᠶ᠎ᠠ ᠠᠵᠤ ᠦᠢᠯᠡᠰ ᠨᠡᠩ ᠬᠥᠭᠵᠢᠨ ᠴᠡᠴᠡᠭᠯᠡᠭᠰᠡᠨ᠂ ᠠᠮᠢ ᠠᠬᠤᠢ ᠨᠡᠩ ᠭᠣᠢᠳᠠ ᠰᠠᠢᠬᠠᠨ᠂ ᠠᠮᠢᠳᠤᠷᠠᠯ ᠨᠡᠩ ᠵᠣᠯ ᠵᠢᠷᠭᠠᠯ᠎ᠲᠠᠢ ᠰᠠᠢᠨ ᠰᠠᠢᠬᠠᠨ ᠢᠷᠡᠭᠡᠳᠦᠢ᠎ᠪᠡᠨ ᠤᠭᠲᠤᠨ ᠠᠪᠴᠢᠷᠠᠵᠤ᠂ ᠰᠢᠨ᠎ᠡ ᠴᠠᠭ ᠦᠶ᠎ᠡ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠶᠠᠨ ᠵᠠᠮ᠎ᠳᠤ ᠨᠡᠩ ᠰᠦᠷᠯᠢᠭ ᠰᠠᠢᠬᠠᠨ ᠬᠠᠭᠤᠳᠠᠰᠤ᠎ᠶᠢ ᠪᠢᠴᠢᠭᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号