ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠧᠮ᠎ᠢ ᠲᠡᠭᠦᠯᠳᠡᠷᠵᠢᠭᠦᠯᠬᠦ ᠬᠠᠷᠠᠯᠲᠠ ᠪᠡ ᠴᠢᠭᠯᠡᠯ
2026-01-05 11:51:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠤᠸᠠᠩ ᠬᠣᠩ ᠫᠢᠩ᠂ ᠬᠥᠩ ᠲᠤᠤ ᠽᠠᠢ 《ᠠᠷᠢᠭᠤᠨ ᠴᠢᠬᠡᠴᠢ᠎ᠪᠡᠷ ᠵᠠᠰᠠᠭ ᠪᠠᠷᠢᠬᠤ ᠰᠣᠶᠣᠯ ᠰᠤᠳᠤᠯᠤᠯ》 ᠎ᠤᠨ 2025 ᠣᠨ᠎ᠤ 1 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠴᠢᠳᠠᠮᠵᠢ᠎ᠶᠢᠨ ᠪᠠᠢᠷᠢ ᠲᠣᠭᠲᠠᠭᠠᠯᠲᠠ ᠪᠠ ᠦᠢᠯᠡᠳᠦᠯ᠎ᠦᠨ ᠠᠵᠢᠯ᠎ᠤᠨ ᠬᠤᠪᠢᠶᠠᠷᠢᠯᠠᠯ᠎ᠠᠴᠠ ᠦᠵᠡᠪᠡᠯ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠧᠮ᠎ᠢ ᠲᠡᠭᠦᠯᠳᠡᠷᠵᠢᠭᠦᠯᠬᠦ᠎ᠳᠦ ᠪᠦᠷᠢᠨ ᠲᠡᠭᠦᠯᠳᠡᠷ ᠵᠣᠬᠢᠶᠠᠨ ᠪᠠᠢᠭᠤᠯᠤᠯᠲᠠ᠎ᠶᠢᠨ ᠰᠢᠰᠲᠧᠮ᠂ ᠪᠦᠷᠢᠨ ᠲᠡᠭᠦᠯᠳᠡᠷ ᠰᠤᠷᠭᠠᠨ ᠬᠥᠮᠦᠵᠢᠯ᠎ᠦᠨ ᠰᠢᠰᠲᠧᠮ᠂ ᠪᠦᠷᠢᠨ ᠲᠡᠭᠦᠯᠳᠡᠷ ᠬᠢᠨᠠᠯᠲᠠ ᠬᠠᠮᠢᠶᠠᠷᠤᠯᠲᠠ᠎ᠶᠢᠨ ᠰᠢᠰᠲᠧᠮ᠂ ᠪᠦᠷᠢᠨ ᠲᠡᠭᠦᠯᠳᠡᠷ ᠳᠦᠷᠢᠮ᠎ᠦᠨ ᠰᠢᠰᠲᠧᠮ ᠪᠠ ᠪᠦᠷᠢᠨ ᠲᠡᠭᠦᠯᠳᠡᠷ ᠬᠠᠷᠢᠭᠤᠴᠠᠯᠭ᠎ᠠ᠎ᠶᠢᠨ ᠰᠢᠰᠲᠧᠮ᠎ᠢ ᠪᠠᠭᠲᠠᠭᠠᠳᠠᠭ᠂ ᠡᠨᠡ ᠲᠠᠪᠤᠨ ᠲᠠᠯ᠎ᠠ ᠨᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠰᠲᠧᠮ᠎ᠢ ᠪᠦᠷᠢᠨᠰᠢᠭᠦᠯᠬᠦ ᠬᠠᠷᠠᠯᠲᠠ ᠴᠢᠭᠯᠡᠯ᠎ᠢ ᠪᠦᠷᠢᠯᠳᠦᠭᠦᠯᠪᠡ ᠭᠡᠵᠦ ᠵᠢᠭᠠᠵᠤ ᠭᠠᠷᠭᠠᠪᠠ᠃ ᠡᠨᠡ ᠬᠦ᠌ ᠰᠢᠰᠲᠧᠮ᠎ᠳᠦ᠂ ᠪᠦᠷᠢᠨ ᠲᠡᠭᠦᠯᠳᠡᠷ ᠵᠣᠬᠢᠶᠠᠨ ᠪᠠᠢᠭᠤᠯᠤᠯᠲᠠ᠎ᠶᠢᠨ ᠰᠢᠰᠲᠧᠮ ᠨᠢ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠳᠡᠭᠡᠳᠦ ᠳᠣᠣᠷᠠᠳᠤ ᠱᠠᠲᠤ᠎ᠶᠢ ᠨᠡᠪᠲᠡᠷᠡᠯᠴᠡᠭᠦᠯᠵᠦ᠂ ᠬᠦᠴᠦᠲᠡᠢ ᠬᠡᠷᠡᠭᠵᠢᠭᠦᠯᠵᠦ᠂ ᠨᠠᠮ᠎ᠤᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢᠨ ᠦᠳᠲᠡᠷ ᠲᠦᠷᠭᠡᠨ ᠤᠯᠠᠮᠵᠢᠯᠠᠭᠳᠠᠨ ᠪᠦᠲᠦᠮᠵᠢᠲᠡᠢ ᠬᠡᠷᠡᠭᠵᠢᠭᠦᠯᠦᠭᠳᠡᠬᠦ᠎ᠶᠢ ᠦᠨᠡᠨ ᠬᠦ᠌ ᠪᠠᠲᠤᠯᠠᠬᠤ᠎ᠶᠢ ᠱᠠᠭᠠᠷᠳᠠᠵᠤ ᠪᠤᠢ; ᠪᠦᠷᠢᠨ ᠲᠡᠭᠦᠯᠳᠡᠷ ᠰᠤᠷᠭᠠᠨ ᠬᠥᠮᠦᠵᠢᠯ᠎ᠦᠨ ᠰᠢᠰᠲᠧᠮ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠳᠤᠮᠳᠠ ᠦᠨᠳᠦᠰᠦ᠎ᠶᠢ ᠪᠡᠬᠢᠵᠢᠭᠦᠯᠦᠨ ᠰᠦᠭ ᠰᠦᠨᠡᠰᠦ᠎ᠶᠢ ᠱᠤᠭᠤᠬᠤ᠂ ᠰᠡᠳᠬᠢᠯ ᠨᠢᠭᠡᠳᠦᠨ ᠰᠦᠭ ᠰᠦᠨᠡᠰᠦ᠎ᠶᠢ ᠱᠤᠭᠤᠬᠤ ᠳᠦᠷᠢ᠎ᠶᠢ ᠲᠣᠭᠯᠠᠵᠤ᠂ ᠬᠤᠪᠢᠰᠬᠠᠯᠲᠤ ᠳᠠᠪᠲᠠᠯᠲᠠ ᠳᠤᠮᠳᠠ ᠨᠠᠮ᠎ᠤᠨ ᠭᠡᠰᠢᠭᠦᠨ᠎ᠦ ᠨᠠᠮᠴᠢ ᠴᠢᠨᠠᠷ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠳᠤᠮᠳᠠ ᠨᠠᠮ᠎ᠤᠨ ᠦᠵᠡᠯ ᠤᠬᠠᠮᠰᠠᠷ᠎ᠤᠨ ᠬᠡᠯᠪᠡᠷᠢ᠎ᠶᠢᠨ ᠬᠥᠲᠥᠯᠥᠨ ᠳᠠᠭᠠᠭᠤᠯᠬᠤ ᠬᠦᠴᠦᠨ᠎ᠢ ᠴᠢᠩᠭᠠᠳᠬᠠᠨ᠎ᠠ; ᠪᠦᠷᠢᠨ ᠲᠡᠭᠦᠯᠳᠡᠷ ᠬᠢᠨᠠᠯᠲᠠ ᠬᠠᠮᠢᠶᠠᠷᠤᠯᠲᠠ ᠵᠢᠨ ᠰᠢᠰᠲᠧᠮ ᠨᠢ ᠬᠠᠷᠢᠨ ᠨᠠᠷᠢᠯᠢᠭ᠋ ᠣᠨᠣᠴᠠᠲᠠᠢ ᠬᠦᠴᠦᠯᠡᠵᠦ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠵᠡᠷᠭᠡ᠎ᠪᠡᠷ ᠵᠠᠰᠠᠵᠤ᠂ ᠨᠠᠮ᠎ᠤᠨ ᠭᠡᠰᠢᠭᠦᠨ᠎ᠦ ᠦᠢᠯᠡ ᠠᠵᠢᠯᠯᠠᠭ᠎ᠠ᠎ᠳᠤ ᠴᠢᠩᠭ᠎ᠠ ᠬᠢᠨᠠᠯᠲᠠ ᠲᠠᠯᠪᠢᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠦᠢᠯᠡ ᠠᠵᠢᠯᠯᠠᠭ᠎ᠠ᠎ᠶᠢ ᠴᠠᠭ ᠲᠤᠬᠠᠢ ᠳ᠋ᠤᠨᠢ ᠢᠯᠡᠷᠡᠭᠦᠯᠦᠨ ᠰᠢᠢᠳᠪᠦᠷᠢᠯᠡᠵᠦ᠂ ᠨᠠᠮ᠎ᠤᠨ ᠰᠠᠬᠢᠯᠭ᠎ᠠ ᠪᠠᠲᠤᠴᠢ ᠴᠢᠨᠠᠷ᠎ᠢ ᠬᠠᠮᠠᠭᠠᠯᠠᠬᠤ ᠬᠡᠷᠡᠭᠲᠡᠢ; ᠪᠦᠷᠢᠨ ᠲᠡᠭᠦᠯᠳᠡᠷ ᠳᠦᠷᠢᠮ᠎ᠦᠨ ᠰᠢᠰᠲᠧᠮ ᠨᠢ ᠡᠯ᠎ᠡ ᠵᠦᠢᠯ᠎ᠦᠨ ᠳᠦᠷᠢᠮ ᠡᠷᠬᠡᠪᠰᠢ ᠰᠢᠨᠵᠢᠯᠡᠬᠦ ᠤᠬᠠᠭᠠᠨᠴᠢ ᠪᠦᠷᠢᠨ ᠲᠥᠬᠥᠷ ᠪᠥᠭᠡᠳ ᠪᠦᠲᠦᠮᠵᠢᠲᠡᠢ ᠪᠠᠢᠬᠤ᠎ᠶᠢ ᠴᠢᠬᠤᠯᠠᠴᠢᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠠᠲᠤ ᠪᠡᠬᠢ ᠬᠠᠤᠯᠢ ᠳᠦᠷᠢᠮ᠎ᠦᠨ ᠲᠤᠯᠭᠠᠭᠤᠷᠢᠯᠠᠯ ᠬᠠᠩᠭᠠᠵᠤ᠂ ᠨᠠᠮ᠎ᠤᠨ ᠭᠡᠰᠢᠭᠦᠨ᠎ᠦ ᠡᠷᠬᠡ ᠪᠣᠯᠣᠨ ᠡᠭᠦᠷᠭᠡ᠎ᠶᠢ ᠲᠣᠳᠣᠷᠬᠠᠢᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭ᠎ᠠ᠎ᠶᠢ ᠵᠢᠷᠤᠮᠵᠢᠭᠤᠯᠬᠤ ᠬᠡᠷᠡᠭᠲᠡᠢ;ᠪᠦᠷᠢᠨ ᠲᠡᠭᠦᠯᠳᠡᠷ ᠬᠠᠷᠢᠭᠤᠴᠠᠯᠭ᠎ᠠ᠎ᠶᠢᠨ ᠰᠢᠰᠲ᠋ᠸᠮ ᠨᠢ ᠭᠣᠣᠯ ᠴᠣᠭᠴᠠ ᠲᠣᠳᠣᠷᠬᠠᠢ᠂ ᠤᠬᠠᠮᠰᠠᠷ᠎ᠲᠠᠢ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠲᠤᠰ ᠪᠡᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠳᠤᠮᠳᠠᠬᠢ ᠲᠤᠰᠢᠶᠠᠯ ᠬᠠᠷᠢᠭᠤᠴᠠᠯᠭ᠎ᠠ᠎ᠳᠠᠭᠠᠨ ᠲᠣᠳᠣᠷᠬᠠᠢ ᠲᠠᠨᠢᠯᠲᠠ᠎ᠲᠠᠢ ᠪᠠᠢᠬᠤ᠎ᠶᠢ ᠱᠠᠭᠠᠷᠳᠠᠵᠤ᠂ ᠬᠠᠷᠢᠭᠤᠴᠠᠯᠭ᠎ᠠ᠎ᠶᠢ ᠬᠥᠮᠥᠨ᠎ᠳᠦ  ᠬᠦᠷᠲᠡᠯ᠎ᠡ ᠨᠠᠢᠳᠠᠪᠦᠷᠢᠵᠢᠭᠤᠯᠬᠤ ᠵᠢ ᠦᠨᠡᠨ ᠬᠦ᠌ ᠪᠠᠲᠤᠯᠠᠵᠤ᠂ ᠵᠡᠷᠭᠡ᠎ᠪᠡᠷ ᠠᠳᠬᠤᠵᠤ ᠬᠠᠮᠲᠤ᠎ᠪᠠᠷ ᠬᠠᠮᠢᠶᠠᠷᠬᠤ ᠰᠠᠢᠨ ᠰᠠᠢᠬᠠᠨ ᠪᠠᠢᠳᠠᠯ᠎ᠢ ᠪᠦᠷᠢᠯᠳᠦᠭᠦᠯᠤᠨ᠎ᠡ᠃ ᠡᠨᠡ ᠲᠠᠪᠤᠨ ᠲᠠᠯ᠎ᠠ᠎ᠶᠢᠨ ᠬᠠᠷᠠᠯᠲᠠ ᠨᠢ ᠬᠠᠷᠢᠯᠴᠠᠨ ᠵᠣᠯᠭᠠᠯᠳᠤᠵᠤ᠂ ᠬᠠᠷᠢᠯᠴᠠᠨ ᠲᠤᠯᠭᠠᠭᠤᠷᠢᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠷᠭᠦᠯᠵᠢᠯᠡᠨ ᠭᠦᠨᠵᠡᠭᠡᠢᠷᠡᠨ ᠬᠥᠭᠵᠢᠬᠦ᠎ᠶᠢ ᠬᠠᠮᠲᠤ᠎ᠪᠠᠷ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号