ᠬᠢᠯᠢ ᠬᠢᠵᠠᠭᠠᠷ ᠣᠷᠣᠨ᠎ᠤ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ ᠠᠷᠭ᠎ᠠ ᠵᠠᠮ
2026-01-05 11:52:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠭᠤᠸᠠᠩ ᠬᠤᠢ᠂ ᠲᠠᠩ ᠢᠦᠢ ᠱᠤᠸᠠᠩ ᠂ ᠶᠠᠩ ᠸᠠᠨ ᠢᠤᠢ 《ᠨᠠᠨᠺᠠᠢ ᠵᠢᠨ ᠡᠷᠳᠡᠮ ᠱᠢᠨᠵᠢᠯᠡᠭᠡᠨ᠎ᠤ ᠰᠡᠳᠭᠦᠯ》 ᠎ᠦᠨ 2025 ᠣᠨ᠎ᠤ 2  ᠳ᠋ᠤᠭᠠᠷ᠎ᠬᠤᠭᠤᠴᠠᠭᠠᠨ᠎ᠳᠦ ᠦᠭᠦᠯᠡᠯ ᠨᠡᠢᠳᠡᠯᠡᠵᠦ᠂ ᠬᠢᠯᠢ ᠬᠢᠵᠠᠭᠠᠷ ᠣᠷᠣᠨ᠎ᠤ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ ᠨᠢ ᠬᠢᠯᠢ ᠬᠢᠵᠠᠭᠠᠷ ᠣᠷᠣᠨ᠎ᠤ ᠥᠨᠳᠥᠷ ᠲᠦᠪᠰᠢᠨ ᠪᠦᠬᠦᠢ ᠨᠡᠭᠡᠭᠡᠯᠲᠡ ᠪᠣᠯᠣᠨ ᠮᠠᠨ᠎ᠤ ᠤᠯᠤᠰ᠎ᠤᠨ ᠪᠥᠬᠥ ᠲᠠᠯ᠎ᠠ᠎ᠪᠠᠷ ᠨᠡᠭᠡᠭᠡᠯᠲᠡ ᠬᠢᠬᠦ ᠰᠢᠨ᠎ᠡ ᠪᠠᠢᠷᠢᠰᠢᠯ᠎ᠤᠨ ᠪᠦᠷᠢᠯᠳᠦᠯ᠎ᠲᠠᠢ ᠬᠣᠯᠪᠣᠭᠳᠠᠨ᠎ᠠ᠃ ᠠᠵᠤ ᠦᠢᠯᠡᠰ ᠪᠣᠯ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠶᠢᠨ ᠰᠠᠭᠤᠷᠢ ᠮᠥᠨ᠂ ᠠᠷᠠᠯᠵᠢᠶ᠎ᠠ ᠪᠣᠯᠣᠨ ᠠᠵᠤ ᠦᠢᠯᠡᠰ᠎ᠦᠨ ᠵᠣᠬᠢᠴᠠᠩᠭᠤᠢ ᠬᠥᠭᠵᠢᠯᠲᠡ ᠨᠢ ᠠᠷᠠᠯᠵᠢᠶᠠᠨ᠎ᠤ ᠨᠡᠮᠡᠭᠳᠡᠯ᠎ᠳᠦ ᠡᠬᠢ ᠰᠤᠷᠪᠤᠯᠵᠢ ᠬᠠᠩᠭᠠᠳᠠᠭ᠃ ᠡᠭᠦᠨ᠎ᠳᠦ ᠬᠢᠯᠢ ᠰᠤᠨᠳᠠᠯᠠᠭᠰᠠᠨ ᠦᠢᠯᠡᠳᠪᠦᠷᠢᠯᠡᠯ᠎ᠤᠨ ᠴᠢᠳᠠᠪᠤᠷᠢ᠎ᠶᠢᠨ ᠬᠠᠮᠲᠤᠷᠠᠯᠴᠠᠭ᠎ᠠ᠂ ᠠᠵᠤ ᠦᠢᠯᠡᠰ᠎ᠦᠨ ᠰᠢᠯᠵᠢᠯᠲᠡ᠎ᠶᠢ ᠬᠦᠯᠢᠶᠡᠨ ᠠᠪᠬᠤ ᠵᠡᠷᠭᠡ ᠠᠷᠭ᠎ᠠ ᠬᠡᠯᠪᠡᠷᠢ᠎ᠪᠡᠷ ᠬᠢᠯᠢ ᠬᠢᠵᠠᠭᠠᠷ᠎ᠤᠨ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠢ ᠶᠡᠬᠡ᠎ᠪᠡᠷ ᠪᠣᠢᠵᠢᠭᠤᠯᠤᠨ ᠬᠥᠭᠵᠢᠭᠦᠯᠵᠦ᠂ ᠭᠠᠳᠠᠭᠠᠳᠦ ᠎ᠳᠦ ᠬᠠᠨᠳᠤᠭᠤᠯᠤᠭᠰᠠᠨ ᠠᠵᠤ ᠦᠢᠯᠡᠰ᠎ᠦᠨ ᠰᠠᠭᠤᠷᠢ᠎ᠶᠢ ᠪᠡᠬᠢᠵᠢᠭᠦᠯᠵᠦ᠂ ᠠᠷᠠᠯᠵᠢᠶᠠᠨ᠎ᠤ ᠦᠷᠭᠦᠯᠵᠢᠯᠡᠨ ᠨᠡᠮᠡᠭᠳᠡᠬᠦ᠎ᠳᠦ ᠬᠥᠳᠡᠯᠭᠡᠬᠦ ᠬᠦᠴᠦᠨ᠎ᠦ ᠲᠤᠯᠭᠠᠭᠤᠷᠢᠯᠠᠯ ᠬᠠᠩᠭᠠᠬᠤ ᠬᠡᠷᠡᠭᠲᠡᠢ᠃ ᠪᠣᠳᠠᠲᠠᠢ᠎ᠪᠠᠷ ᠬᠡᠯᠡᠪᠡᠯ᠂ ᠨᠢᠭᠡ ᠲᠠᠯ᠎ᠠ᠎ᠪᠠᠷ  ᠬᠢᠯᠢ ᠬᠢᠵᠠᠭᠠᠷ ᠣᠷᠣᠨ᠎ᠤ ᠬᠥᠭᠵᠢᠯᠲᠡ᠎ᠶᠢᠨ ᠪᠠᠢᠷᠢ ᠲᠣᠭᠲᠠᠭᠠᠯᠲᠠ ᠪᠠ ᠡᠷᠬᠢᠨ ᠲᠣᠭᠣᠷᠢᠨ᠎ᠤ ᠤᠯᠤᠰ᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠠᠨᠳᠤᠰᠢ᠎ᠲᠠᠢ ᠤᠶᠠᠯᠳᠤᠭᠤᠯᠤᠨ᠂ 《ᠨᠢᠭᠡ ᠪᠦᠰᠡ ᠨᠢᠭᠡ ᠵᠠᠮ》 ᠎ᠤᠨ ᠰᠠᠨᠠᠭᠠᠴᠢᠯᠠᠭ᠎ᠠ ᠪᠠ ᠲᠦᠮᠡᠨ ᠭᠤᠤᠯ᠎ᠤᠨ ᠰᠠᠨᠠᠭᠠᠴᠢᠯᠠᠭ᠎ᠠ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ᠎ᠦ ᠬᠠᠮᠲᠤᠷᠠᠯᠴᠠᠭ᠎ᠠ ᠵᠡᠷᠭᠡ ᠳᠡᠳ᠋ ᠣᠷᠣᠨ ᠪᠦᠰᠡ᠎ᠶᠢᠨ ᠬᠠᠮᠲᠤᠷᠠᠯᠴᠠᠭᠠᠨ᠎ᠤ ᠲᠣᠭᠲᠠᠴᠠ᠎ᠶᠢᠨ ᠥᠨᠳᠥᠷ ᠪᠦᠲᠦᠮᠵᠢᠲᠡᠢ ᠵᠣᠯᠭᠠᠯᠴᠠᠭ᠎ᠠ᠎ᠶᠢ ᠴᠢᠩᠭᠠᠳᠬᠠᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠂ ᠬᠢᠯᠢ ᠳᠠᠭᠠᠤ᠎ᠶᠢᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ᠎ᠶᠢᠨ ᠣᠷᠣᠨ᠂ ᠬᠢᠯᠢ᠎ᠶᠢᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ ᠵᠡᠷᠭᠡ ᠲᠠᠪᠴᠠᠩ᠎ᠤᠨ ᠲᠦᠷᠦ᠎ᠶᠢᠨ ᠪᠣᠳᠣᠯᠭ᠎ᠠ᠎ᠶᠢᠨ ᠠᠰᠢᠭ᠋ ᠣᠯᠵᠠᠪᠤᠷᠢ ᠵᠢᠴᠢ ᠤᠯᠠᠨ ᠤᠯᠤᠰ᠎ᠤᠨ ᠠᠵᠤ ᠠᠬᠤᠢ᠎ᠶᠢᠨ ᠬᠠᠮᠲᠤᠷᠠᠯᠴᠠᠭᠠᠨ᠎ᠤ ᠵᠢᠷᠭᠤᠭᠠᠨ ᠶᠡᠬᠡ ᠬᠣᠩᠭᠢᠯ ᠪᠣᠯᠣᠨ ᠪᠠᠷᠠᠭᠤᠨ ᠣᠷᠣᠨ᠎ᠤ ᠬᠠᠭᠤᠷᠠᠢ ᠲᠠᠯᠠᠢ᠎ᠶᠢᠨ ᠰᠢᠨ᠎ᠡ ᠵᠠᠮ᠎ᠤᠨ ᠴᠢᠬᠤᠯᠠ ᠡᠯᠧᠮᠧᠨ᠋ᠲ᠎ᠦᠨ ᠨᠡᠭᠦᠳᠡᠯ ᠠᠴᠢᠶᠠᠯᠠᠪᠤᠷᠢ᠎ᠶᠢᠨ ᠴᠢᠳᠠᠮᠵᠢ ᠨᠢ ᠬᠢᠯᠢ ᠬᠢᠵᠠᠭᠠᠷ ᠣᠷᠣᠨ ᠪᠣᠯᠣᠨ ᠡᠷᠬᠢᠨ ᠲᠣᠭᠣᠷᠢᠨ᠎ᠤ ᠤᠯᠤᠰ᠎ᠤᠨ ᠵᠠᠬ᠎ᠠ ᠳᠡᠯᠭᠡᠭᠦᠷ᠎ᠢ ᠬᠠᠷᠢᠯᠴᠠᠨ ᠬᠣᠯᠪᠣᠵᠤ᠂ ᠠᠵᠤ ᠦᠢᠯᠡᠰ᠎ᠦᠨ ᠬᠥᠭᠵᠢᠯᠲᠡ᠎ᠳᠦ ᠬᠡᠷᠡᠭᠰᠡᠬᠦ ᠦᠢᠯᠡᠳᠪᠦᠷᠢᠯᠡᠯ᠎ᠦᠨ ᠴᠢᠬᠤᠯᠠ ᠡᠯᠧᠮᠧᠨ᠋ᠲ᠎ᠢ ᠨᠢᠭ᠍ᠲᠠᠷᠠᠭᠤᠯᠵᠤ᠂ ᠣᠨᠴᠠᠯᠢᠭ᠍ᠲᠤ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ᠎ᠶᠢᠨ ᠬᠡᠯᠬᠢᠶ᠎ᠡ ᠪᠣᠯᠣᠨ ᠦᠷᠳᠡᠭ᠎ᠦᠨ ᠬᠡᠯᠬᠢᠶ᠎ᠡ᠎ᠶᠢ ᠪᠠᠢᠭᠤᠯᠵᠤ᠂ ᠠᠷᠠᠯᠵᠢᠶᠠᠨ᠎ᠤ ᠬᠠᠮᠲᠤᠷᠠᠯᠴᠠᠭᠠᠨ᠎ᠤ ᠠᠵᠤ ᠦᠢᠯᠡᠰ᠎ᠦᠨ ᠰᠠᠭᠤᠷᠢ᠎ᠶᠢ ᠪᠡᠬᠢᠵᠢᠭᠦᠯᠦᠨ᠎ᠡ᠃ ᠨᠥᠭᠥᠭᠡ ᠲᠠᠯ᠎ᠠ᠎ᠪᠠᠷ  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠨᠡᠢᠲᠡᠯᠡᠭᠰᠡᠨ 《ᠠᠵᠤ ᠦᠢᠯᠡᠰ᠎ᠦᠨ ᠬᠥᠭᠵᠢᠯᠲᠡ ᠬᠢᠭᠡᠳ ᠰᠢᠯᠵᠢᠯᠲᠡ᠎ᠶᠢᠨ ᠵᠢᠯᠤᠭᠣᠳᠬᠤ ᠭᠠᠷᠴᠠᠭ》᠎ᠤᠨ ᠲᠣᠭᠣᠷᠢᠨ᠎ᠳᠤ᠂ ᠬᠢᠯᠢ ᠬᠢᠵᠠᠭᠠᠷ ᠣᠷᠣᠨ ᠎ᠤ ᠵᠠᠰᠠᠭ᠎ᠤᠨ ᠣᠷᠳᠣᠨ᠎ᠠᠴᠠ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ᠎ᠶᠢᠨ ᠪᠡᠯᠡ ᠲᠣᠬᠢᠷᠠᠭᠤᠯᠭ᠎ᠠ᠂ ᠲᠥᠷᠥᠯ ᠵᠦᠢᠯ᠎ᠢ ᠵᠣᠯᠭᠠᠭᠤᠯᠬᠤ᠂ ᠲᠤᠬᠠᠢᠯᠠᠭᠰᠠᠨ ᠠᠵᠢᠯ᠎ᠤᠨ ᠠᠰᠠᠭᠤᠨ ᠯᠠᠪᠯᠠᠭ᠎ᠠ ᠵᠡᠷᠭᠡ ᠦᠢᠯᠡᠴᠢᠯᠡᠭᠡ᠎ᠶᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ᠎ᠤ ᠦᠢᠯᠡᠳᠬᠦᠨ᠎ᠦ ᠦᠵᠡᠰᠬᠦᠯᠡᠩ᠂ ᠵᠡᠭᠦᠨ ᠪᠠᠷᠠᠭᠤᠨ ᠣᠷᠣᠨ᠎ᠤ ᠬᠠᠮᠵᠢᠯᠴᠠᠬᠤ ᠲᠣᠭᠲᠠᠴᠠ᠂ ᠠᠵᠢᠯ ᠲᠥᠷᠥᠯ᠎ᠦᠨ ᠰᠢᠰᠲᠧᠮ᠎ᠢᠶᠡᠷ᠎ᠲᠤᠰᠠᠯᠠᠬᠤ ᠲᠣᠭᠲᠠᠴᠠ ᠵᠡᠷᠭᠡ ᠲᠣᠭᠲᠠᠴᠠ᠎ᠶᠢᠨ ᠲᠠᠪᠴᠠᠩ᠎ᠢ ᠠᠰᠢᠭ᠍ᠯᠠᠨ᠂ ᠵᠡᠭᠦᠨ ᠬᠡᠰᠡᠭ᠎ᠦᠨ ᠭᠠᠵᠠᠷ ᠣᠷᠣᠨ ᠪᠠ ᠣᠯᠠᠨ ᠤᠯᠤᠰ᠎ᠤᠨ ᠠᠵᠤ ᠦᠢᠯᠡᠰ᠎ᠦᠨ ᠰᠢᠯᠵᠢᠯᠲᠡ᠎ᠶᠢ ᠡᠮᠬᠢ ᠵᠢᠷᠤᠮ᠎ᠲᠠᠢ ᠭᠥᠯᠢᠶᠡᠨ ᠠᠪᠬᠤ᠎ᠶᠢᠨ ᠬᠠᠮᠲᠤ᠂ ᠬᠢᠯᠢ ᠬᠢᠵᠠᠭᠠᠷ ᠣᠷᠣᠨ᠎ᠤ ᠣᠲᠣ᠌᠎ᠶᠢᠨ ᠪᠠᠢᠭ᠎ᠠ ᠭᠠᠳᠠᠭᠠᠳᠤ ᠠᠷᠠᠯᠵᠢᠶᠠᠨ᠎ᠤ ᠠᠵᠤ ᠦᠢᠯᠡᠰ᠎ᠦᠨ ᠲᠥᠪᠯᠡᠷᠡᠯ᠎ᠦᠨ ᠣᠷᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠷᠠᠯᠵᠢᠶᠠᠨ᠎ᠤ ᠨᠡᠮᠡᠭᠳᠡᠯ᠎ᠦᠨ ᠳᠠᠯᠳᠠ ᠬᠦᠴᠦᠨ᠎ᠢ ᠤᠯᠠᠮ ᠪᠠᠳᠠᠷᠠᠭᠤᠯᠬᠤ ᠬᠡᠷᠡᠭᠲᠠᠢ᠃ 

    《ᠱᠢᠨᠬᠤᠸᠠ ᠵᠤᠬᠢᠶᠠᠯ ᠎ᠤᠨ ᠱᠦᠭᠦᠮᠡᠭ》  ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号