ᠪᠢᠴᠢᠯ ᠱᠢᠭᠦᠮᠵᠢ
2026-01-05 15:19:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠳᠤᠮᠳᠠᠳᠤ ᠤᠯᠤᠰ᠎ᠤᠨ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠪᠦᠯᠦᠭᠯᠡᠯ᠎ᠦᠨ ᠬᠢᠵᠠᠭᠠᠷᠲᠤ ᠺᠣᠮᠫᠠᠨᠢ ᠢᠯᠡᠷᠬᠡᠢᠯᠡᠬᠦ᠎ᠳᠡᠭᠡᠨ᠂ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠵᠡᠭᠦᠨ ᠱᠤᠭᠤᠮ᠎ᠤᠨ ᠢᠨᠵᠧᠨᠧᠷᠢᠩ 2025 ᠣᠨ᠎ᠠᠴᠠ 2026 ᠣᠨ ᠪᠣᠯᠲᠠᠯᠠᠬᠢ ᠬᠦᠯᠳᠡᠬᠦ ᠬᠤᠭᠤᠴᠠᠭᠠᠨ᠎ᠳᠡᠬᠢ ᠤᠰᠤ ᠳᠠᠮᠵᠢᠭᠤᠯᠬᠤ ᠠᠵᠢᠯ ᠵᠢᠩᠬᠢᠨᠢ᠎ᠪᠡᠷ ᠡᠬᠢᠯᠡᠵᠦ᠂ ᠵᠢᠱ᠌ᠢᠯᠲᠡ᠎ᠪᠡᠷ 2026 ᠣᠨ᠎ᠤ 2 ᠰᠠᠷ᠎ᠠ᠎ᠳᠤ ᠳᠠᠭᠤᠰᠤᠨ᠎ᠠ ᠭᠡᠵᠡᠢ᠃ ᠪᠦᠯᠦᠭᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠬᠦᠯᠳᠡᠬᠦ ᠬᠤᠭᠤᠴᠠᠭᠠᠨ᠎ᠳᠠᠬᠢ ᠤᠰᠤ ᠳᠠᠮᠵᠢᠭᠤᠯᠬᠤ ᠬᠤᠭᠤᠴᠠᠭᠠᠨ᠎ᠳᠤ᠂ ᠪᠦᠯᠦᠭᠯᠡᠯ ᠨᠢ ᠡᠳᠦᠷ ᠲᠤᠲᠤᠮ᠎ᠤᠨ ᠲᠣᠭᠣᠷᠢᠨ ᠪᠠᠢᠴᠠᠭᠠᠬᠤ ᠪᠠ ᠵᠢᠵᠢᠭᠦᠷᠯᠡᠨ ᠰᠠᠬᠢᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠠᠰᠢᠯᠭ᠎ᠠ ᠬᠦᠯᠳᠡᠭᠰᠡᠨ᠂ᠮᠦᠰᠦᠨ ᠬᠠᠰᠢᠯᠭ᠎ᠠ ᠵᠡᠷᠭᠡ ᠎ᠳᠦ ᠴᠢᠭᠯᠡᠬᠦᠯᠦᠨ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠭᠡᠢᠯᠡᠬᠦ ᠠᠷᠭ᠎ᠠ ᠬᠡᠮᠵᠢᠶ᠎ᠡ᠎ᠠᠪᠴᠤ᠂ ᠬᠦᠯᠳᠡᠬᠰᠡᠨ ᠪᠠᠢᠳᠠᠯ ᠲᠦᠭᠰᠢᠭᠦᠷᠢ᠎ᠶᠢᠨ ᠪᠠᠢᠳᠠᠯ᠎ᠢ ᠴᠠᠭ ᠲᠤᠬᠠᠢ ᠳ᠋ᠤᠨᠢ ᠢᠯᠡᠷᠡᠭᠦᠯᠦᠨ ᠰᠢᠢᠳᠪᠦᠷᠢᠯᠡᠵᠦ᠂ ᠮᠦᠰᠦ ᠬᠦᠯᠳᠡᠭᠰᠡᠨ ᠬᠤᠭᠤᠴᠠᠭᠠᠨ᠎ᠳᠠᠬᠢ ᠤᠰᠤ ᠳᠠᠮᠵᠢᠭᠤᠯᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ ᠭᠡᠵᠡᠢ᠃

ᠦᠨᠡᠯᠡᠯᠳᠡ᠄ ᠡᠮᠦᠨᠡᠳᠦ ᠵᠢᠨ ᠤᠰᠤ ᠵᠢ ᠤᠮᠠᠷᠠᠰᠢ ᠲᠠᠳᠠᠬᠤ ᠢᠨᠵᠸᠨ᠋ᠸᠷᠢᠩ ᠨᠢ ᠬᠠᠢᠷ᠎ᠠ ᠬᠠᠯᠠᠮᠵᠢ ᠬᠦᠷᠭᠡᠵᠦ᠂ ᠤᠯᠤᠰ᠎ᠦᠨ  ᠤᠰᠤᠨ᠎ᠤ ᠠᠮᠤᠷ ᠲᠦᠪᠰᠢᠨ᠎ᠦ ᠬᠠᠷᠢᠭᠤᠴᠠᠯᠭ᠎ᠠ ᠵᠢ ᠡᠬᠦᠷᠭᠡᠯᠡᠵᠦ ᠪᠠᠢᠭ᠎ᠠ ᠶᠤᠮ᠃


ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠲᠦᠷᠦᠭᠦᠬᠡᠨ 2025 ᠣᠨ᠎ᠤ ᠤᠯᠤᠰ᠎ᠤᠨ ᠭᠣᠶᠣᠯᠠᠯ᠎ᠤᠨ ᠡᠳ᠋᠎ᠡᠴᠨ ᠥᠯᠢᠭᠡᠷ ᠠᠪᠴᠤ ᠰᠢᠯᠭᠠᠨ ᠪᠠᠢᠴᠠᠭᠠᠬᠤ ᠠᠵᠢᠯ᠎ᠢ ᠥᠷᠨᠢᠭᠦᠯᠵᠦ᠂ ᠰᠢᠯᠭᠠᠨ ᠪᠠᠢᠴᠠᠭᠠᠬᠤ᠎ᠪᠠᠷ ᠳᠡᠮᠵᠢᠨ᠂ ᠨᠢᠭᠡᠨ ᠨᠠᠷᠠᠲᠤ ᠲᠡᠮᠳᠡᠭᠲᠦ ᠵᠢᠨ ᠨᠢᠭᠤᠷ᠎ᠲᠦ ᠲᠦᠷᠬᠢᠬᠦ ᠤᠸ᠎ᠠ ᠵᠡᠷᠭᠡ 18 ᠪᠦᠯᠦᠭ ᠤᠳᠠᠭ᠎ᠠ ᠵᠢᠨ ᠭᠣᠶᠣᠯᠠᠯ᠎ᠤᠨ ᠡᠳ᠋᠎ᠲᠣᠳᠣᠷ᠎ᠠ ᠡᠴᠡ《ᠭᠣᠶᠣᠯᠠᠯ᠎ᠤᠨ ᠡᠳ᠋᠎ᠦᠨ ᠠᠮᠤᠷ ᠲᠦᠪᠰᠢᠨ᠎ᠦ ᠮᠡᠷᠭᠡᠵᠢᠯ᠎ᠦᠨ ᠵᠢᠷᠤᠮᠵᠢᠯ (2015 ᠣᠨ᠎ᠤ ᠬᠡᠪᠯᠡᠯ)》 ᠎ᠳᠤ ᠲᠣᠭᠲᠠᠭᠠᠭᠰᠠᠨ ᠬᠡᠷᠡᠭᠯᠡᠬᠦ᠎ᠶᠢ ᠴᠠᠭᠠᠵᠠᠯᠠᠬᠤ ᠲᠦᠭᠦᠬᠡᠢ ᠮᠠᠲᠧᠷᠢᠶᠠᠯ᠎ᠢ ᠪᠠᠢᠴᠠᠭᠠᠨ ᠭᠠᠷᠭᠠᠪᠠ᠃ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠪᠡᠯ᠂ ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠨᠢᠭᠡᠨᠲᠡ ᠡᠯ᠎ᠡ ᠮᠤᠵᠢ (ᠬᠣᠲᠠ) ᠵᠢᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠢ ᠱᠠᠭᠠᠷᠳᠠᠵᠤ᠂ ᠳᠡᠭᠡᠷ᠎ᠡ ᠳᠤᠷᠠᠳᠤᠭᠰᠠᠨ ᠲᠣᠭᠲᠠᠭᠠᠯ᠎ᠳᠤ ᠨᠡᠢᠴᠡᠬᠦ ᠦᠭᠡᠢ ᠭᠣᠶᠣᠯᠠᠯ᠎ᠤᠨ ᠡᠳ᠋᠎ᠦᠨ ᠬᠣᠯᠪᠣᠭᠳᠠᠬᠤ ᠳᠠᠩᠰᠠᠯᠠᠭᠤᠯᠤᠭ᠍ᠴᠢ᠂ ᠨᠠᠶ᠋ᠢᠳᠠᠨ ᠦᠢᠯᠡᠳᠪᠦᠷᠢᠯᠡᠭᠦᠯᠦᠭᠰᠡᠨ ᠠᠵᠤ ᠠᠬᠤᠢᠯᠠᠯ ᠵᠡᠷᠭᠡ᠎ᠶᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠢᠴᠠᠭᠠᠬᠤ ᠬᠡᠷᠡᠭᠲᠡᠢ᠃

ᠦᠨᠡᠯᠡᠯᠳᠠ᠄ ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 18 ᠪᠦᠯᠦᠭ ᠤᠳᠠᠭ᠎ᠠ᠎ᠶᠢᠨ《ᠬᠣᠣᠷ》 ᠲᠠᠢ ᠭᠣᠶᠣᠯᠠᠯ᠎ᠤᠨ ᠡᠳ᠋᠎ᠢ ᠰᠤᠭᠤᠴᠢᠨ ᠪᠠᠢᠴᠠᠭᠠᠵᠤ ᠭᠠᠷᠭᠠᠨ᠂ ᠪᠥᠬᠥ ᠬᠡᠯᠬᠢᠶ᠎ᠡ᠎ᠪᠡᠷ ᠬᠠᠷᠢᠭᠤᠴᠠᠯᠭ᠎ᠠ ᠨᠡᠬᠡᠮᠵᠢᠯᠡᠵᠦ ᠴᠢᠩᠭ᠎ᠠ ᠳᠣᠬᠢᠶ᠎ᠠ ᠭᠠᠷᠭᠠᠪᠠ᠃ ᠭᠤᠸ᠎ᠠ ᠰᠠᠢᠬᠠᠨ᠎ᠤ ᠠᠵᠤ ᠦᠢᠯᠡᠰ ᠨᠢ ᠬᠠᠤᠯᠢ ᠡᠴᠡ ᠭᠠᠳᠠᠭᠣᠷ ᠪᠠᠢᠵᠦ ᠪᠣᠯᠬᠣ ᠦᠬᠡᠢ᠂ 《ᠨᠢᠭᠣᠷ ᠴᠢᠷᠠᠢ ᠵᠢᠨ ᠭᠣᠶᠣᠯᠠᠯ ᠎ᠦᠨ ᠠᠮᠤᠷ ᠲᠦᠪᠰᠢᠨ》 ᠎ᠢ ᠪᠠᠳᠣᠯᠠᠬᠣ ᠨᠢ ᠮᠦᠨ᠎ᠴᠤ ᠭᠡᠷᠡᠭᠯᠡᠭᠡ ᠵᠢᠨ ᠢᠳᠡᠭᠡᠯ᠎ᠦᠨ ᠬᠣᠷᠢᠭ᠎ᠠ ᠱᠤᠭᠤᠮ᠎ᠢ ᠰᠠᠬᠢᠵᠤ ᠪᠠᠢᠭ᠎ᠠ ᠶᠠᠪᠤᠳᠠᠯ ᠮᠥᠨ᠃


ᠬᠥᠳᠡᠭᠡ ᠠᠵᠤ ᠠᠬᠤᠢ ᠵᠢᠨ ᠶᠠᠮᠤᠨ ᠣᠢᠷ᠎ᠠ᠎ᠳᠤ︽ᠲᠠᠷᠢᠶᠠᠨ ᠡᠮ᠎ᠦᠨ ᠬᠠᠮᠢᠶᠠᠷᠤᠯᠲᠠ᠎ᠶᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ ᠲᠠᠷᠢᠶᠠᠨ ᠡᠮ᠎ᠦᠨ ᠬᠠᠮᠢᠶᠠᠷᠤᠯᠲᠠ᠎ᠶᠢᠨ ᠳᠦᠷᠢᠮ ᠲᠣᠭᠲᠠᠭᠠᠯ᠎ᠢ ᠨᠠᠢᠳᠠᠪᠤᠷᠢᠵᠢᠭᠤᠯᠬᠤ ᠰᠢᠨ᠎ᠡ ᠲᠣᠭᠲᠠᠭᠠᠯ᠎ᠤᠨ ᠲᠣᠭᠣᠷᠢᠨ᠎ᠳᠤ᠂ ᠲᠠᠷᠢᠶᠠᠨ ᠡᠮ᠎ᠦᠨ ᠳᠠᠩᠰᠠᠯᠠᠯᠲᠠ᠎ᠶᠢ ᠵᠢᠷᠤᠮᠵᠢᠭᠤᠯᠬᠤ᠂ ᠲᠠᠷᠢᠶᠠᠨ ᠡᠮ᠎ᠦᠨ ᠳᠠᠩᠰᠠᠯᠠᠯᠲᠠ᠎ᠶᠢᠨ ᠮᠠᠲᠧᠷᠢᠶᠠᠯ᠎ᠤᠨ ᠡᠷᠬᠡ ᠣᠯᠭᠣᠯᠲᠠ᠎ᠶᠢ ᠵᠢᠷᠤᠮᠵᠢᠭᠤᠯᠬᠤ᠂ ᠲᠠᠷᠢᠶᠠᠨ ᠡᠮ᠎ᠢ ᠨᠠᠢᠳᠠᠵᠤ ᠦᠢᠯᠡᠳᠪᠦᠷᠢᠯᠡᠬᠦ᠎ᠶᠢ ᠵᠢᠷᠤᠮᠵᠢᠭᠤᠯᠬᠤ᠂ ᠢᠨᠲᠧᠷ ᠰᠦᠯᠵᠢᠶ᠎ᠡ᠎ᠪᠡᠷ ᠲᠠᠷᠢᠶᠠᠨ ᠡᠮ ᠡᠵᠡᠩᠨᠡᠬᠦ ᠠᠵᠢᠯᠯᠠᠭ᠎ᠠ᠎ᠶᠢ ᠵᠢᠷᠤᠮᠵᠢᠭᠤᠯᠬᠤ᠂ ᠲᠠᠷᠢᠶᠠᠨ ᠡᠮ᠎ᠦᠨ ᠳᠠᠩᠰᠠᠯᠠᠯᠲᠠ᠎ᠶᠢᠨ ᠲᠤᠷᠰᠢᠯᠲᠠ᠎ᠶᠢᠨ ᠠᠵᠢᠯᠯᠠᠭ᠎ᠠ᠎ᠶᠢ ᠵᠢᠷᠤᠮᠵᠢᠭᠤᠯᠬᠤ᠂ ᠲᠠᠷᠢᠶᠠᠨ ᠡᠮ᠎ᠦᠨ ᠱᠣᠰᠢᠭ᠎ᠠ  ᠲᠠᠸᠠᠷ᠎ᠤᠨ ᠲᠡᠮᠳᠡᠭ᠎ᠦᠨ ᠲᠣᠳᠣᠷᠬᠠᠢᠯᠠᠯᠲᠠ᠎ᠶᠢᠨ ᠱᠠᠭᠠᠷᠳᠠᠯᠭ᠎ᠠ᠎ᠶᠢ ᠵᠢᠷᠤᠮᠵᠢᠭᠤᠯᠬᠤ ᠵᠡᠷᠭᠡ᠎ᠶᠢ ᠪᠠᠭᠲᠠᠭᠠᠭᠰᠠᠨ ᠪᠠᠢᠨ᠎ᠠ᠃

ᠦᠨᠡᠯᠡᠯᠳᠡ᠄ ᠳᠠᠩᠰᠠᠯᠠᠭᠤᠯᠤᠭᠰᠠᠨ ᠡᠬᠢ ᠡᠬᠦᠰᠦᠯ᠎ᠠᠴᠠ ᠠᠪᠤᠭᠠᠳ ᠰᠦᠯᠵᠢᠶᠡᠨ᠎ᠦ ᠪᠣᠷᠣᠯᠠᠭᠤᠯᠤᠯᠲᠠ ᠬᠦᠷᠲᠡᠯᠡᠬᠢ ᠪᠥᠬᠥ ᠬᠡᠯᠬᠢᠶ᠎ᠡ᠎ᠳᠦ 《ᠠᠶᠤᠯᠭᠦᠢ ᠨᠡᠭᠡᠯᠡᠭᠡᠢ》᠎ᠶᠢ ᠴᠢᠩᠭᠠᠯᠠᠭᠰᠠᠨ ᠶᠠᠪᠤᠳᠠᠯ ᠪᠣᠯ ᠠᠵᠤ ᠦᠢᠯᠡᠰ᠎ᠦᠨ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠬᠠᠨᠳᠤᠯᠭᠠᠲᠤ ᠴᠢᠨᠠᠷᠲᠠᠢ ᠵᠠᠰᠠᠵᠤ᠂ ᠲᠠᠷᠢᠶᠠᠨ ᠡᠮ᠎ᠦᠨ ᠬᠢᠨᠠᠯᠲᠠ ᠬᠠᠮᠢᠶᠠᠷᠤᠯᠲᠠ᠎ᠶᠢ ᠤᠯᠠᠮ ᠨᠠᠷᠢᠯᠢᠬᠵᠢᠭᠤᠯᠤᠬᠰᠠᠨ ᠶᠠᠪᠤᠳᠠᠯ ᠪᠤᠯᠬᠤ ᠶᠤᠮ ᠃

  — 《ᠠᠷᠠᠳ᠎ᠦᠨ ᠣᠯᠣᠰ ᠲᠦᠷᠦ ᠵᠢᠨ ᠵᠦᠪᠯᠡᠯᠭᠡᠨ᠎ᠦ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号