ᠵᠢᠯᠣᠭᠣᠴᠢ ᠦᠬᠡᠢ ᠨᠢᠰᠬᠡᠯ᠎ᠨᠢᠰᠬᠡᠬᠦ ᠵᠢ ᠵᠢᠷᠣᠮᠵᠢᠭᠤᠯᠬᠤ ᠴᠢᠬᠤᠯᠠᠳᠠᠢ
2026-01-05 15:31:40
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠤᠳᠤᠬᠠᠨ᠎ᠳᠦ ᠵᠢᠯᠣᠭᠣᠴᠢ ᠦᠭᠡᠢ ᠨᠢᠰᠬᠡᠯ ᠎ᠢ ᠤᠯᠠᠨ ᠠᠢᠯ ᠡᠷᠦᠬᠡ ᠪᠣᠯᠣᠨ ᠤᠯᠠᠨ ᠠᠵᠢᠯ ᠲᠥᠷᠥᠯ᠎ᠳᠦ ᠶᠡᠬᠡᠪᠡᠷ ᠠᠰᠢᠬᠯᠠᠨ ᠬᠡᠷᠡᠭᠯᠡᠵᠦ ᠪᠠᠢᠨ᠎ᠠ᠃ ᠣᠯᠠᠨ ᠰᠡᠭᠦᠳᠡᠷᠯᠡᠬᠦ ᠪᠠᠬᠠᠳᠠᠨ ᠴᠦ᠍ ᠵᠢᠯᠣᠭᠣᠴᠢ ᠦᠬᠡᠢ ᠨᠢᠰᠬᠡᠯ ᠬᠡᠷᠡᠭᠯᠡᠵᠦ ᠪᠠᠢᠭ᠎ᠠ ᠨᠢ ᠣᠯᠠᠨ ᠪᠠᠢᠨ᠎ᠠ᠃ ᠵᠢᠯᠣᠭᠣᠴᠢ ᠦᠭᠡᠢ ᠨᠢᠰᠬᠡᠯ᠎ᠢ ᠬᠡᠲᠦ ᠥᠨᠳᠥᠷ ᠨᠢᠰᠭᠡᠬᠦ ᠪᠠ ᠵᠠᠬᠢᠷᠤᠨ ᠬᠠᠮᠢᠶᠠᠷᠴᠤ ᠪᠠᠢᠭ᠎ᠠ ᠠᠭᠠᠷ᠎ᠤᠨ ᠣᠷᠣᠨ᠎ᠳᠤ ᠨᠢᠰᠤᠨ ᠣᠷᠣᠬᠤ ᠪᠠᠢᠳᠠᠯ ᠪᠠᠢᠨ ᠳᠠᠬᠢᠨ ᠭᠠᠷᠴᠤ ᠪᠣᠶ᠃ ᠣᠢᠷ᠎ᠠ᠎ᠳᠤ ᠵᠠᠷᠢᠮ ᠪᠠᠢᠴᠠᠭᠠᠯᠲᠠ᠎ᠪᠠᠷ ᠵᠠᠷᠢᠮ ᠬᠥᠮᠥᠨ ᠵᠢᠯᠣᠭᠣᠴᠢ ᠦᠭᠡᠢ ᠨᠢᠰᠬᠡᠯ᠎ᠦᠨ ᠨᠢᠰᠦᠯᠲᠡ᠎ᠶᠢ ᠡᠵᠡᠮᠳᠡᠬᠦ ᠰᠢᠰᠲᠧᠮ᠎ᠢ ᠬᠠᠤᠯᠢ ᠪᠤᠰᠤ᠎ᠪᠠᠷ ᠡᠪᠳᠡᠵᠦ᠂ ᠲᠡᠭᠦᠨ᠎ᠢ ᠤᠤᠯ᠎ᠤᠨ ᠨᠢᠰᠬᠦ᠎ᠶᠢ ᠴᠠᠭᠠᠵᠠᠯᠠᠭᠰᠠᠨ ᠪᠤᠶᠤ ᠬᠢᠵᠠᠭᠠᠷᠯᠠᠯ᠎ᠲᠠᠢ ᠣᠷᠣᠨ ᠪᠦᠰᠡ᠎ᠳᠦ ᠴᠢᠯᠦᠭᠡᠲᠡᠢ ᠨᠢᠰᠴᠦ ᠴᠢᠳᠠᠬᠤ ᠪᠣᠯᠭᠠᠵᠤ᠂ ᠴᠢᠨᠠᠭᠰᠢᠯᠠᠪᠠᠯ 《ᠲᠥᠯᠥᠪᠦᠷᠢ᠎ᠲᠠᠢ᠎ᠪᠡᠷ ᠲᠠᠢᠯᠬᠤ》 ᠬᠠᠷ᠎ᠠ ᠠᠵᠤ ᠦᠢᠯᠡᠰ᠎ᠦᠨ ᠬᠡᠯᠬᠢᠶ᠎ᠡ᠎ᠶᠢ ᠪᠣᠶ ᠪᠣᠯᠭᠠᠵᠤ ᠪᠠᠢᠬᠤ ᠵᠢ ᠤᠯᠵᠦ ᠮᠡᠳᠡᠵᠡᠢ᠃ ᠳᠣᠣᠷ᠎ᠠ ᠤᠬᠳᠠᠷᠭᠤᠢ ᠵᠢᠨ ᠠᠮᠤᠷ ᠲᠦᠪᠰᠢᠨ᠎ᠢ ᠬᠠᠮᠠᠭᠠᠯᠠᠬᠤ᠎ᠳᠤ ᠳᠦᠷᠢᠮ᠎ᠦᠨ ᠵᠢᠷᠤᠮᠵᠢᠯ ᠪᠠ ᠬᠠᠮᠵᠢᠯᠴᠠᠨ ᠬᠢᠨᠠᠨ ᠬᠠᠮᠢᠶᠠᠷᠬᠤ ᠣᠯᠠᠨ ᠡᠰᠢᠲᠦ ᠰᠡᠷᠭᠡᠢᠯᠡᠯᠲᠡ᠎ᠶᠢᠨ ᠱᠤᠭᠤᠮ᠎ᠢ ᠪᠠᠢᠭᠤᠯᠵᠤ᠂ ᠨᠢᠰᠦᠯᠲᠡ᠎ᠶᠢᠨ ᠳᠦᠷᠢᠮ᠎ᠢ ᠲᠣᠳᠣᠷᠬᠠᠢᠯᠠᠵᠤ᠂ ᠠᠵᠤ ᠦᠢᠯᠡᠰ᠎ᠦᠨ ᠬᠥᠭᠵᠢᠯᠲᠡ ᠬᠢᠭᠡᠳ ᠠᠮᠤᠷ ᠲᠦᠪᠰᠢᠨ᠎ᠦ ᠵᠠᠰᠠᠯᠲᠠ᠎ᠶᠢ ᠬᠠᠷᠢᠯᠴᠠᠨ ᠨᠢᠭᠡᠳᠬᠡᠬᠦ᠎ᠶᠢ ᠠᠬᠢᠭᠤᠯᠬᠤ ᠬᠡᠷᠡᠭᠲᠡᠢ᠃ ᠵᠢᠯᠣᠭᠣᠴᠢ ᠦᠭᠡᠢ ᠨᠢᠰᠬᠡᠯ᠎ᠦᠨ ᠦᠢᠯᠡᠳᠪᠦᠷᠢᠯᠡᠯ᠎ᠦᠨ ᠠᠵᠤ ᠠᠬᠤᠢᠯᠠᠯ᠎ᠢ ᠰᠢᠮᠳᠠᠭᠤᠯᠵᠤ ᠪᠠᠢᠭᠠᠳ ᠵᠥᠭᠡᠯᠡᠨ ᠬᠠᠲᠠᠭᠤ ᠬᠡᠷᠡᠭᠰᠡᠯ᠎ᠦᠨ ᠮᠡᠷᠭᠡᠵᠢᠯ᠎ᠢ ᠲᠠᠰ ᠳᠡᠪᠰᠢᠭᠦᠯᠵᠦ᠂ ᠠᠯᠳᠠᠰᠢ ᠭᠠᠷᠬᠤ᠎ᠶᠢ ᠬᠣᠷᠢᠭ᠍ᠯᠠᠨ ᠵᠣᠭᠰᠣᠭᠠᠵᠤ᠂ ᠮᠡᠷᠭᠡᠵᠢᠯ᠎ᠦᠨ ᠨᠡᠭᠡᠭᠡᠯᠲᠡ᠎ᠶᠢ ᠴᠢᠩᠭᠠᠳᠬᠠᠨ᠂ ᠵᠢᠯᠣᠭᠣᠴᠢ ᠦᠭᠡᠢ ᠨᠢᠰᠬᠡᠯ᠎ᠦᠨ ᠵᠠᠬᠢᠷᠤᠨ ᠬᠠᠮᠢᠶᠠᠷᠬᠤ ᠠᠭᠠᠷ᠎ᠤᠨ ᠣᠷᠣᠨ᠎ᠳᠤ ᠡᠨᠳᠡᠭᠦᠷᠡᠨ ᠣᠷᠣᠭᠰᠠᠨ᠎ᠤ ᠳᠠᠷᠠᠭᠠᠬᠢ ᠰᠢᠰᠲᠧᠮ᠎ᠦᠨ ᠠᠶᠠᠨᠳᠠᠭᠠᠨ  ᠪᠤᠴᠠᠬᠤ᠂ ᠬᠡᠲᠦ ᠥᠨᠳᠥᠷ ᠨᠢᠰᠦᠭᠰᠡᠨ᠎ᠦ ᠲᠠᠷᠠᠭ᠎ᠠ  ᠠᠶᠠᠨᠳᠠᠭᠠᠨ ᠪᠠᠭᠤᠬᠤ ᠵᠡᠷᠭᠡ ᠰᠡᠷᠭᠡᠢᠯᠡᠨ ᠡᠵᠡᠮᠳᠡᠬᠦ ᠴᠢᠳᠠᠮᠵᠢ᠎ᠶᠢ ᠲᠡᠭᠦᠯᠳᠡᠷᠵᠢᠭᠦᠯᠬᠦ᠎ᠶᠢᠨ ᠬᠠᠮᠲᠤ᠂ ᠬᠠᠮᠢᠶ᠎ᠠ ᠪᠦᠬᠦᠢ ᠮᠡᠷᠭᠡᠵᠢᠯ ᠪᠠ ᠱᠠᠭᠠᠷᠳᠠᠯᠭ᠎ᠠ᠎ᠶᠢ ᠠᠵᠢᠯ ᠲᠥᠷᠥᠯ᠎ᠦᠨ ᠪᠠᠷᠢᠮᠵᠢᠶ᠎ᠠ᠎ᠳᠤ ᠣᠷᠣᠭᠤᠯᠬᠤ ᠬᠡᠷᠡᠭᠲᠡᠢ᠃                                      

                         

37531144-849e-4f8f-8a60-385438724fb6.png


 — 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号