《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠰᠠᠨᠠᠭᠤᠯᠭ᠎ᠠ》 ᠳ᠋ᠤ᠄ 《ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠥᠬᠥ ᠲᠠᠯ᠎ᠠ ᠪᠠ ᠴᠢᠨᠠᠷ ᠴᠢᠨᠰᠠᠭᠠᠳ᠋ᠦ ᠬᠣᠯᠪᠣᠭᠳᠠᠨ᠎ᠠ》 ᠭᠡᠵᠦ ᠳᠤᠷᠠᠳᠤᠨ ᠭᠠᠷᠭᠠᠪᠠ᠃ ᠡᠨᠡ ᠪᠣᠯ ᠮᠠᠨ ᠤ ᠤᠯᠤᠰ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠵᠢᠮ᠎ᠡ ᠶᠣᠰᠣ᠌ ᠶᠢ ᠭᠦᠨᠵᠡᠭᠡᠢ ᠡᠵᠡᠮᠳᠡᠵᠤ ᠭᠠᠷᠭᠠᠭᠰᠠᠨ ᠴᠢᠬᠤᠯᠠ ᠶᠡᠬᠡ ᠮᠠᠭᠠᠳᠯᠠᠯᠲᠠ ᠪᠠᠢᠵᠤ᠂ ᠮᠠᠨ᠎ᠤ ᠨᠠᠮ᠎ᠤᠨ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠬᠥᠭᠵᠢᠯᠲᠡ᠎ᠶᠢᠨ ᠪᠠᠢᠳᠠᠯ ᠪᠣᠯᠣᠨ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ᠎ᠶᠢᠨ ᠲᠤᠬᠠᠢ ᠰᠡᠷᠭᠡᠭ ᠲᠠᠨᠢᠯᠲᠠ᠎ᠶᠢ ᠭᠦᠢᠴᠡᠳ ᠬᠠᠷᠠᠭᠤᠯᠤᠭᠰᠠᠨ ᠪᠠᠢᠨ᠎ᠠ᠃
ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠬᠦᠨᠳᠦ ᠨᠦᠰᠡᠷ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢᠵᠤ᠂ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠭᠦᠨ ᠵᠤᠵᠠᠭᠠᠨ ᠰᠠᠭᠤᠷᠢ ᠮᠥᠨ ᠯᠡ ᠬᠥᠳᠡᠭᠡ ᠲᠣᠰᠬᠣᠨ᠎ᠳᠤ ᠪᠠᠢᠬᠤ ᠶᠤᠮ᠃ ᠬᠦᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠤ ᠠᠰᠠᠭᠤᠳᠠᠯ ᠪᠣᠯ ᠤᠯᠤᠰ᠎ᠤᠨ ᠡᠳ᠋᠎ᠤᠨ ᠵᠠᠰᠠᠭ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠮᠥᠨ᠃ ᠬᠦᠳᠡᠭᠡ ᠠᠵᠤ ᠠᠬᠤᠢ ᠵᠢᠨ ᠰᠠᠭᠤᠷᠢ ᠪᠠᠲᠤᠵᠢᠵᠤ᠂ ᠬᠥᠳᠡᠭᠡ ᠲᠣᠰᠬᠣᠨ ᠡᠶ᠎ᠡ ᠵᠤᠬᠢᠴᠠᠩᠭᠤᠢ ᠲᠣᠭᠲᠠᠭᠤᠨ ᠪᠠᠢᠵᠤ᠂ ᠲᠠᠷᠢᠶᠠᠴᠢᠳ ᠠᠮᠤᠷ ᠵᠢᠮᠤᠷ ᠠᠵᠤ ᠲᠦᠷᠦᠭᠦᠳᠦ ᠬᠦᠷᠪᠡᠯ᠂ ᠪᠦᠬᠦᠶ᠋ᠢᠯᠡ ᠶᠡᠬᠡ ᠲᠠᠯ᠎ᠠ ᠳᠠᠷᠤᠢ ᠪᠠᠲᠤᠯᠠᠭ᠎ᠠ᠎ᠲᠠᠢ ᠪᠣᠯᠵᠤ᠂ ᠡᠯ᠎ᠡ ᠵᠦᠢᠯ᠎ᠦᠨ ᠠᠵᠢᠯ ᠴᠥᠮ ᠨᠡᠯᠢᠶᠡᠳ ᠰᠠᠨᠠᠭᠠᠴᠢᠯᠠᠭ᠎ᠠ᠎ᠲᠠᠢ ᠪᠣᠯᠬᠤ ᠶᠤᠮ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠬᠡᠮᠵᠢᠶ᠎ᠡ ᠬᠡᠳᠦᠢ ᠥᠨᠳᠥᠷ ᠪᠠᠢᠯ᠎ᠠ ᠴᠤ᠌ ᠭᠡᠰᠡᠨ᠂ 14 ᠳ᠋ᠦᠩᠰᠢᠭᠤᠷ ᠭᠠᠷᠤᠢ ᠬᠥᠮᠥᠨ ᠠᠮᠠ᠎ᠶᠢᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠦ ᠲᠣᠭᠲᠠᠭᠤᠨ ᠬᠠᠩᠭᠠᠯᠭ᠎ᠠ ᠪᠣᠯ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠬᠤ ᠶᠤᠮ᠃ ᠲᠠᠷᠢᠶᠠᠯᠠᠩ᠎ᠤᠨ ᠪᠠᠳᠤᠯᠠᠵᠤ ᠪᠠᠢᠭ᠎ᠠ ᠨᠢ ᠠᠮᠢ ᠨᠠᠰᠤᠨ᠎ᠤ ᠠᠮᠤᠷ ᠲᠦᠪᠰᠢᠨ᠂ ᠣᠷᠣᠰᠢᠨ ᠲᠣᠭᠲᠠᠨᠢᠬᠤ ᠠᠮᠤᠷ ᠲᠦᠪᠰᠢᠨ᠂ ᠲᠤᠢᠯ᠎ᠤᠨ ᠴᠢᠬᠤᠯᠠ ᠤᠯᠤᠰ ᠣᠷᠣᠨ᠎ᠤ ᠠᠮᠤᠷ ᠲᠦᠪᠰᠢᠨᠪᠤᠯᠬᠤ ᠶᠤᠮ᠃ ᠬᠡᠳᠦᠨ ᠳ᠋ᠦᠩᠰᠢᠭᠤᠷ ᠲᠠᠷᠢᠶᠠᠴᠢᠨ ᠪᠦᠬᠦᠯᠢ ᠴᠤᠭᠴᠠ ᠪᠡᠷ ᠣᠳᠣᠬᠢᠴᠢᠯᠠᠯᠲᠠ᠎ᠳᠤ ᠲᠠᠪᠰᠢᠨ ᠣᠷᠣᠪᠠᠯ᠂ ᠯᠤᠲᠤ ᠶᠡᠬᠡ ᠡᠭᠦᠳᠦᠨ ᠪᠦᠲᠦᠭᠡᠬᠦ ᠬᠥᠳᠡᠯᠭᠡᠬᠦ ᠡᠨᠧᠷᠭᠢ ᠪᠠ ᠬᠡᠷᠡᠭᠯᠡᠭᠡᠨ᠎ᠦ ᠲᠠᠯᠳᠠ ᠬᠦᠴᠦᠨ᠎ᠢ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠨᠡᠮᠡᠷᠢᠯᠡᠬᠦ ᠪᠣᠯᠣᠨ᠎ᠠ᠃ ᠣᠳᠣᠬᠢᠴᠢᠯᠠᠯᠲᠠ ᠬᠡᠳᠦᠢ ᠤᠷᠤᠭᠰᠢᠯᠠᠬᠤ ᠲᠤᠳᠤᠮ᠂ ᠬᠦᠳᠡᠭᠡ ᠠᠵᠤ ᠠᠬᠤᠢ ᠵᠢᠨ ᠡᠭᠦᠷᠭᠡᠯᠡᠵᠦ ᠪᠠᠢᠭ᠎ᠠ ᠠᠮᠢ ᠠᠬᠤᠢ᠎ᠶᠢ ᠬᠠᠮᠠᠭᠠᠯᠠᠬᠤ᠂ ᠰᠡᠯᠡᠭᠦᠴᠡᠨ ᠵᠤᠭᠠᠯᠠᠬᠤ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠵᠡᠷᠭᠡ ᠴᠢᠳᠠᠮᠵᠢ ᠨᠢ ᠲᠡᠳᠦᠢ ᠢᠳᠡᠪᠬᠢᠲᠡᠢ ᠦᠢᠯᠡᠳᠦᠯ᠎ᠢᠶᠡᠨ ᠪᠠᠳᠠᠷᠠᠭᠤᠯᠵᠤ ᠴᠢᠳᠠᠬᠤ ᠶᠤᠮ᠃ ᠠᠵᠤ ᠦᠢᠯᠡᠳᠪᠦᠷᠢ ᠲᠠᠷᠢᠶᠠᠯᠠᠩ ᠬᠤᠳᠠ ᠬᠦᠳᠡᠭᠡ ᠵᠢᠨ ᠣᠷᠴᠢᠯ᠎ᠢ ᠰᠠᠭᠠᠳ ᠦᠭᠡᠢ ᠨᠡᠪᠲᠡᠷᠡᠭᠦᠯᠬᠦ ᠪᠣᠯ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠰᠠᠭᠠᠳ ᠦᠭᠡᠢ ᠨᠠᠪᠲᠠᠷᠡᠭᠦᠯᠵᠦ᠂ ᠮᠠᠨ᠎ᠤ ᠤᠯᠤᠰ᠎ᠤᠨ ᠠᠵᠤ ᠠᠬᠤᠢ᠎ᠶᠢᠨ ᠤᠶᠠᠨ ᠬᠠᠳᠠᠨ ᠴᠢᠨᠠᠷ ᠪᠠ ᠪᠠᠢᠯᠳᠤᠬᠤ ᠪᠣᠳᠣᠯᠭ᠎ᠠ᠎ᠶᠢᠨ ᠭᠦᠨᠵᠡᠭᠡᠢᠷᠡᠯᠢ ᠨᠡᠮᠡᠭᠳᠡᠭᠦᠯᠬᠦ᠎ᠶᠢᠨ ᠴᠢᠬᠤᠯᠠ ᠲᠠᠯ᠎ᠠ ᠮᠥᠨ᠃ ᠬᠦᠳᠡᠭᠡ ᠠᠵᠤ ᠠᠬᠤᠢ ᠵᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠵᠤ᠂ ᠬᠦᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠤ ᠰᠠᠭᠤᠷᠢ᠎ᠶᠢ ᠰᠠᠢᠲᠤᠷ ᠰᠠᠬᠢᠪᠠᠯ᠂ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠰᠠᠶᠢ ᠭᠦᠢᠴᠡᠳ ᠢᠳᠡ ᠬᠦᠴᠦᠨ ᠪᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠲᠠᠢ ᠪᠣᠯᠵᠤ ᠴᠢᠳᠠᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠰᠠᠭᠤᠳᠠᠯ᠎ᠢ ᠰᠠᠢᠲᠤᠷ ᠰᠢᠢᠳᠪᠦᠷᠢᠯᠡᠬᠦ᠎ᠶᠢ ᠪᠦᠬᠦ ᠨᠠᠮ᠎ᠤᠨ ᠠᠵᠢᠯ᠎ᠤᠨ ᠴᠢᠬᠤᠯᠠ᠎ᠡᠴᠡ ᠴᠢᠬᠤᠯᠠ ᠵᠦᠢᠯ ᠪᠣᠯᠭᠠᠬᠤ᠎ᠶᠢ ᠢᠮᠠᠭᠲᠠ ᠪᠠᠷᠢᠮᠲᠠᠯᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠪᠦᠬᠦ ᠲᠠᠯ᠎ᠠ᠎ᠪᠠᠷ ᠣᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢᠨ ᠬᠠᠮᠲᠤ ᠤᠷᠤᠭᠰᠢᠲᠠᠢ ᠠᠬᠢᠭᠤᠯᠵᠤ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠬᠥᠭᠵᠢᠯᠲᠡ᠎ᠳᠦ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠤ᠂ ᠬᠥᠳᠡᠭᠡ ᠲᠣᠰᠬᠣᠨ᠎ᠤ ᠳᠦᠷᠰᠦ ᠪᠠᠢᠳᠠᠯ᠎ᠳᠤ ᠲᠡᠭᠷᠢ ᠭᠠᠵᠠᠷ᠎ᠢ ᠳᠣᠩᠰᠣᠯᠭᠠᠮ᠎ᠠ ᠰᠢᠨ᠎ᠡ ᠬᠤᠪᠢᠷᠠᠯᠲᠠ ᠭᠠᠷᠪᠠ᠃ ᠭᠡᠪᠡᠴᠦ ᠬᠥᠮᠥᠨ ᠳᠤᠮᠳᠠᠴᠢᠳ᠋ᠦ ᠨᠣᠭᠳᠠᠬᠤ ᠡᠬᠢ ᠪᠠᠶᠠᠯᠢᠭ᠋ ᠬᠤᠮᠰᠠ᠂ ᠰᠠᠭᠤᠷᠢ ᠨᠢᠮᠭᠡᠨ᠂ ᠲᠡᠦᠬᠡ᠎ᠶᠢᠨ ᠥᠷᠢ ᠰᠢᠷᠢ ᠨᠡᠯᠢᠶᠡᠳ ᠤᠯᠠᠨ ᠪᠠᠢᠬᠤ ᠵᠡᠷᠭᠡ ᠰᠢᠯᠲᠠᠭᠠᠨ᠎ᠡᠴᠡ ᠪᠣᠯᠵᠤ᠂ ᠬᠦᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠤ ᠬᠥᠭᠵᠢᠯᠲᠡ ᠮᠥᠨ ᠯᠡ ᠬᠠᠷᠢᠴᠠᠩᠭᠤᠢ ᠬᠣᠴᠣᠷᠴᠤ ᠪᠠᠢᠨ᠎ᠠ᠃ ᠬᠦᠳᠡᠭᠡ ᠠᠵᠤ ᠠᠬᠤᠢ ᠵᠢᠨ ᠰᠠᠭᠤᠷᠢ ᠬᠠᠷᠠᠬᠠᠨ ᠪᠠᠳᠤᠵᠢᠭᠠᠳᠤᠢ᠂ ᠲᠠᠷᠢᠶᠠᠯᠠᠩ᠎ᠤᠨ ᠤᠰᠤᠨ ᠠᠰᠢᠭ᠍ᠯᠠᠯᠲᠠ ᠵᠡᠷᠭᠡ ᠲᠤᠨᠤᠭ ᠲᠥᠬᠦᠭᠡᠷᠦᠮᠵᠢ ᠮᠥᠨ ᠬᠦ᠌ ᠨᠡᠯᠢᠶᠡᠳ ᠪᠠᠭᠤᠷᠠᠢ ᠪᠠᠢᠵᠤ᠂ ᠲᠠᠷᠢᠶᠠᠯᠠᠩ᠎ᠤᠨ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠳᠦ ᠪᠠᠰᠠ ᠰᠠᠭᠠᠳ ᠪᠡᠷᠬᠡᠰᠢᠶᠡᠯ ᠪᠠᠢᠵᠤ᠂ ᠲᠠᠷᠢᠶᠠᠯᠠᠩ᠎ᠤᠨ ᠠᠵᠤ ᠦᠢᠯᠡᠰ᠎ᠦᠨ ᠬᠡᠯᠬᠢᠶ᠎ᠡ ᠮᠥᠨ ᠯᠡ ᠣᠬᠣᠷ ᠪᠠᠢᠵᠤ᠂ 2024 ᠣᠨ᠎ᠤ ᠲᠠᠷᠢᠶᠠᠯᠠᠩ᠎ᠤᠨ ᠬᠥᠳᠡᠯᠮᠦᠷᠢ ᠦᠢᠯᠡᠳᠪᠦᠷᠢᠯᠡᠯ᠎ᠦᠨ ᠨᠤᠷᠮ᠎ᠠ ᠨᠢ ᠵᠥᠪᠬᠡᠨ ᠲᠠᠷᠢᠶᠠᠯᠠᠩ᠎ᠤᠨ ᠪᠤᠰᠤ ᠠᠵᠤ ᠦᠢᠯᠡᠰ᠎ᠦᠨ 1/4 ᠵᠢ ᠯᠡ ᠡᠵᠡᠯᠡᠨ᠎ᠡ᠃ ᠬᠥᠳᠡᠭᠡ ᠲᠣᠰᠬᠣᠨ᠎ᠤ ᠳᠦᠷᠰᠦ ᠪᠠᠢᠳᠠᠯ ᠬᠠᠷᠢᠴᠠᠩᠭᠤᠢ᠎ᠪᠠᠷ ᠬᠣᠴᠤᠷᠤᠩᠭᠤᠢ ᠪᠠᠢᠵᠤ᠂ ᠬᠥᠳᠡᠭᠡ ᠲᠣᠰᠬᠣᠨ᠎ᠤ ᠵᠠᠮ ᠬᠠᠷᠢᠯᠴᠠᠭ᠎ᠠ᠂ ᠤᠰᠤ ᠴᠠᠬᠢᠯᠭᠠᠨ᠎ᠤ᠋ ᠬᠠᠩᠭᠠᠯᠭ᠎ᠠ᠂ ᠴᠢᠮᠡᠭᠡ ᠬᠣᠯᠪᠣᠭ᠎ᠠ ᠡᠳ᠋ ᠪᠠᠷᠠᠭᠠᠨ᠎ᠤ ᠭᠦᠢᠯᠭᠡᠭᠡ ᠵᠡᠷᠭᠡ ᠰᠠᠭᠤᠷᠢ ᠲᠥᠬᠦᠭᠡᠷᠦᠮᠵᠢ ᠨᠢ ᠬᠣᠲᠠ ᠪᠠᠯᠭᠠᠰᠤ᠎ᠡᠴᠡ ᠢᠯᠡᠳᠲᠡ ᠬᠣᠴᠣᠷᠴᠤ᠂ ᠬᠣᠲᠠ ᠬᠥᠳᠡᠭᠡ᠎ᠶᠢᠨ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠵᠥᠷᠢᠶ᠎ᠡ ᠠᠳᠠᠯᠢᠬᠠᠨ ᠨᠡᠯᠢᠶᠡᠳ ᠶᠡᠬᠡ ᠪᠠᠢᠵᠤ᠂ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ᠎ᠶᠢ ᠵᠠᠰᠠᠬᠤ ᠨᠣᠷᠮ᠎ᠠ 50%᠎ᠳᠤ ᠬᠦᠷᠬᠦ ᠦᠭᠡᠢ ᠪᠠᠢᠨ᠎ᠠ᠃ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠬᠥᠳᠡᠯᠭᠡᠬᠦ ᠬᠦᠴᠦᠨ ᠮᠥᠨ ᠬᠦ᠌ ᠬᠦᠷᠦᠯᠴᠡᠬᠦ ᠦᠭᠡᠢ ᠪᠠᠢᠵᠤ᠂ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠲᠦᠪᠰᠢᠨ ᠳᠣᠣᠷ᠎ᠠ ᠰᠢᠭ᠋ ᠪᠠᠢᠵᠤ᠂ ᠲᠠᠷᠢᠶᠠᠴᠢᠳ᠎ᠲᠠᠢ ᠬᠣᠯᠪᠣᠭᠠᠯᠠᠨ ᠲᠠᠷᠢᠶᠠᠴᠢᠳ᠎ᠢ ᠳᠠᠢᠴᠢᠯᠠᠬᠤ ᠲᠣᠭᠲᠡᠴᠡ᠎ᠶᠢ ᠮᠥᠨ ᠬᠦ᠌ ᠲᠡᠭᠦᠯᠳᠡᠷᠵᠢᠭᠦᠯᠬᠦ ᠴᠢᠬᠤᠯᠠᠲᠠᠢ ᠪᠠᠢᠵᠤ᠂ ᠭᠠᠵᠠᠷ ᠰᠢᠷᠣᠢ᠂ ᠪᠡᠯᠡ ᠮᠥᠩᠭᠥ᠂ ᠴᠢᠳᠠᠪᠤᠷᠢᠲᠠᠨ ᠵᠡᠷᠭᠡ ᠡᠯᠧᠮᠧᠨ᠋ᠲ ᠬᠤᠳᠠ ᠤᠷᠤᠭᠤ ᠬᠡᠳᠦᠷᠬᠡᠢ ᠤᠷᠤᠰᠬᠤ ᠪᠠᠢᠷᠢᠰᠢᠯ ᠬᠠᠷᠠᠬᠠᠨ ᠦᠨᠳᠦᠰᠦᠨ᠎ᠡᠴᠡ ᠪᠡᠨ ᠬᠤᠪᠢᠷᠠᠭᠠᠳᠤᠢ ᠪᠠᠢᠵᠤ᠂ 2024 ᠣᠨ᠎ᠤ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠬᠠᠷᠢᠴᠠᠯ ᠨᠢ 2.34᠄1 ᠪᠣᠯᠣᠨ᠎ᠠ᠃
ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ ᠡᠴᠡ ᠠᠪᠴᠤ᠌ ᠦᠵᠡᠪᠡᠯ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠬᠠᠷᠢᠴᠠᠩᠭᠤᠶ᠎ᠪᠠᠷ ᠬᠣᠴᠣᠷᠴᠤ᠌ ᠪᠠᠢᠨ᠎ᠠ᠂ ᠡᠨᠡ ᠪᠣᠯ 《ᠰᠠᠨᠠᠭᠤᠯᠭ᠎ᠠ》 ᠶ᠋ᠢᠨ ᠪᠠᠢᠳᠠᠯ᠎ᠤᠨ ᠲᠤᠬᠠᠶ ᠵᠠᠳᠠᠯᠤᠯᠲᠠ᠎ᠶ᠋ᠢᠨ ᠳᠤᠮᠳᠠ ᠭᠠᠷᠭᠠᠭ᠍ᠰᠠᠨ ᠨᠢᠭᠡᠨ ᠴᠢᠬᠤᠯᠠ ᠮᠠᠭᠠᠳᠯᠠᠯᠲᠠ ᠮᠥᠨ᠃ ᠣᠳᠣᠬᠠᠨ ᠳᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ ᠶ᠋ᠢᠨ ᠬᠠᠮᠤᠭ᠎ᠤᠨ ᠶᠡᠬᠡ ᠲᠡᠩᠴᠡᠭᠦᠷᠢ ᠦᠭᠡᠢ ᠪᠠᠢᠳᠠᠯ ᠪᠣᠯ ᠬᠤᠳᠠ ᠬᠥᠳᠡᠭᠡ᠎ᠶ᠋ᠢᠨ ᠬᠥᠭ᠌ᠵᠢᠯᠲᠡ ᠲᠡᠩᠴᠡᠭᠦᠷᠢ ᠦᠭᠡᠢ᠂ ᠬᠠᠮᠤᠭ᠎ᠤᠨ ᠶᠡᠬᠡ ᠭᠦᠢᠴᠡᠳ ᠦᠭᠡᠢ ᠪᠠᠢᠳᠠᠯ ᠪᠣᠯ ᠬᠥᠳᠡᠭᠡ ᠲᠣᠰᠭᠣᠨ᠎ᠤ ᠬᠥᠭ᠌ᠵᠢᠯᠲᠡ ᠭᠦᠢᠴᠡᠳ ᠦᠭᠡᠢ ᠶᠠᠪᠤᠳᠠᠯ ᠪᠣᠯᠤᠨ᠎ᠠ᠃ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢᠨ ᠠᠬᠢᠴᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠠᠬᠢᠴᠠ᠎ᠳᠤ ᠱᠢᠭᠤᠳ ᠬᠣᠯᠪᠣᠭ᠍ᠳᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠬᠢᠷᠢ ᠲᠦᠪᠱᠢᠨ᠎ᠳᠦ ᠬᠣᠯᠪᠣᠭ᠍ᠳᠠᠵᠤ ᠪᠠᠢᠳᠠᠭ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠵᠠᠩᠭᠢᠯᠠᠭ᠎ᠠ ᠨᠢ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢᠨ ᠠᠯᠬᠤᠴᠠ᠎ᠶ᠋ᠢ ᠲᠦᠷᠭᠡᠳᠭᠡᠵᠦ᠍᠂ 《ᠨᠢᠭᠡ ᠬᠦᠯ ᠨᠢ ᠤᠷᠳᠤ᠂ ᠨᠢᠭᠡ ᠬᠦᠯ ᠨᠢ ᠣᠬᠣᠷ》 ᠪᠠᠢᠳᠠᠯ᠎ᠢ ᠲᠦᠷᠭᠡᠪᠴᠢᠯᠡᠨ ᠬᠤᠪᠢᠷᠠᠭᠤᠯᠵᠤ᠂ ᠬᠤᠳᠠ ᠬᠥᠳᠡᠭᠡ᠎ᠶ᠋ᠢᠨ ᠵᠦᠷᠢᠶ᠎ᠡ᠎ᠶ᠋ᠢ ᠲᠠᠰᠤᠷᠠᠯᠳᠠ ᠦᠭᠡᠢ ᠪᠠᠭᠠᠰᠭᠠᠨ᠂ ᠬᠤᠳᠠ ᠬᠥᠳᠡᠭᠡ᠎ᠶ᠋ᠢᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠪᠡᠶᠡᠯᠡᠭᠦᠯᠬᠦ᠌᠎ᠳᠦ ᠪᠠᠢᠨ᠎ᠠ᠃
ᠡᠭᠦᠨ᠎ᠦ ᠲᠤᠯᠠᠳᠠ᠂ ᠨᠠᠮ ᠡᠴᠡ ᠬᠥᠳᠡᠭᠡ ᠲᠣᠰᠭᠣᠨ᠎ᠤ ᠠᠵᠢᠯ᠎ᠢ ᠬᠠᠮᠢᠶᠠᠷᠬᠤ ᠱᠢᠯᠢᠳᠡᠭ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ ᠨᠠᠮ᠎ᠤᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠳᠠᠬᠢ ᠤᠳᠤᠷᠢᠳᠤᠯᠭ᠎ᠠ᠎ᠶ᠋ᠢ ᠦᠨᠡᠨ ᠬᠦ᠌ ᠴᠢᠩᠭᠠᠳᠭᠠᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠬᠥᠭ᠌ᠵᠢᠯᠲᠡ᠎ᠶ᠋ᠢ ᠢᠮᠠᠭ᠍ᠲᠠ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠶᠡᠬᠡ ᠲᠠᠯ᠎ᠠ᠎ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠲᠠᠪᠤᠨ ᠱᠠᠲᠤᠨ᠎ᠤ ᠱᠦᠵᠢ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠬᠤ ᠬᠠᠷᠢᠭᠤᠴᠠᠯᠭ᠎ᠠ᠎ᠶ᠋ᠢ ᠪᠡᠬᠢᠵᠢᠭᠦᠯᠵᠦ᠍᠂ ᠨᠠᠮ ᠲᠠᠶᠠᠭᠠᠷ᠂ ᠨᠡᠢᠭᠡᠮ ᠦᠨ ᠡᠯ᠎ᠡ ᠲᠠᠯ᠎ᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶ᠋ᠢ ᠠᠳᠭᠤᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠵᠤ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ ᠪᠣᠯᠤᠨ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠢᠯᠡᠳᠲᠡ ᠠᠬᠢᠴᠠ᠎ᠲᠠᠶ ᠪᠣᠯᠬᠤ᠎ᠶ᠋ᠢ ᠪᠠᠲᠤᠯᠠᠬᠤ ᠬᠡᠷᠡᠭ᠌ᠲᠡᠢ᠃ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨ᠎ᠡ ᠮᠠᠶᠢᠭ᠎ᠤᠨ ᠠᠵᠤ ᠦᠢᠯᠡᠳᠪᠦᠷᠢᠵᠢᠯᠲᠡ᠂ ᠱᠢᠨ᠎ᠡ ᠮᠠᠶᠢᠭ᠎ᠤᠨ ᠬᠤᠳᠠ ᠪᠠᠯᠭᠠᠰᠤᠵᠢᠯᠳᠠ ᠪᠣᠯᠤᠨ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠤᠳᠠ ᠬᠥᠳᠡᠭᠡ᠎ᠶ᠋ᠢᠨ ᠲᠥᠯᠥᠪᠵᠢᠭᠦᠯᠭᠡ᠂ ᠪᠦᠳᠦᠭᠡᠨ ᠪᠠᠢᠭᠤᠯᠤᠯᠲᠠ᠂ ᠵᠠᠰᠠᠯᠲᠠ᠎ᠶ᠋ᠢᠨ ᠠᠭᠤᠰᠤᠯᠴᠠᠯ᠎ᠤᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠬᠤᠳᠠ ᠬᠥᠳᠡᠭᠡ᠎ᠶ᠋ᠢᠨ ᠴᠢᠬᠤᠯᠠ ᠡᠯᠧᠮᠧᠨ᠋ᠲ᠎ᠦᠨ ᠡᠷᠬᠡ ᠲᠡᠭ᠌ᠰᠢ᠎ᠪᠡᠷ ᠰᠣᠯᠢᠯᠴᠠᠬᠤ᠂ ᠬᠣᠣᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠵᠤ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭ᠍ᠰᠠᠨ᠂ ᠬᠤᠳᠠ ᠬᠥᠳᠡᠭᠡ ᠬᠠᠷᠢᠯᠴᠠᠨ ᠨᠥᠬᠥᠪᠥᠷᠢᠯᠡᠭ᠌ᠰᠡᠨ᠂ ᠵᠣᠬᠢᠴᠠᠩᠭᠤᠢ ᠪᠡᠷ ᠬᠥᠭ᠌ᠵᠢᠭ᠌ᠰᠡᠨ᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠠᠵᠤ ᠦᠢᠯᠡᠳᠪᠦᠷᠢ ᠲᠠᠷᠢᠶᠠᠯᠠᠩ ᠬᠤᠳᠠ ᠬᠥᠳᠡᠭᠡ ᠶ᠋ᠢᠨ ᠱᠢᠨ᠎ᠡ ᠮᠠᠶᠢᠭ ᠤᠨ ᠬᠠᠷᠢᠴᠠᠭ᠎ᠠ᠎ᠶ᠋ᠢ ᠲᠦᠷᠭᠡᠳᠭᠡᠨ ᠪᠦᠷᠢᠯᠳᠦᠭᠦᠯᠬᠦ᠌ ᠬᠡᠷᠡᠭ᠌ᠲᠡᠢ᠃ ᠬᠥᠳᠡᠭᠡ ᠠᠵᠤ ᠠᠬᠤᠢ ᠬᠥᠳᠡᠭᠡ ᠲᠣᠰᠭᠣᠨ᠎ᠢ ᠤᠷᠢᠳ᠎ᠢᠶᠠᠷ ᠬᠥᠭ᠌ᠵᠢᠭᠦᠯᠬᠦ᠌ ᠴᠢᠭ᠌ᠯᠡᠯᠲᠡ᠎ᠶ᠋ᠢ ᠨᠠᠢᠳᠠᠪᠤᠷᠢᠵᠢᠭᠤᠯᠵᠤ᠂ ᠺᠠᠳ᠋ᠷ᠎ᠢ ᠲᠤᠬᠢᠷᠠᠭᠤᠯᠬᠤ ᠲᠠᠯ᠎ᠠ᠎ᠪᠠᠷ ᠤᠷᠢᠳ᠎ᠢᠶᠠᠷ ᠪᠣᠳᠣᠯᠬᠢᠯᠠᠵᠤ᠂ ᠴᠢᠬᠤᠯᠠ ᠡᠯᠧᠮᠧᠨ᠋ᠲ᠎ᠢ ᠲᠤᠬᠢᠷᠠᠭᠤᠯᠬᠤ ᠲᠠᠯ᠎ᠠ᠎ᠪᠠᠷ ᠤᠷᠢᠳ᠎ᠢᠶᠠᠷ ᠬᠠᠩᠭᠠᠵᠤ᠂ ᠤᠯᠠᠨ ᠨᠡᠢᠲᠡ᠎ᠶ᠋ᠢᠨ ᠡᠳ᠋᠎ᠦᠨ ᠵᠠᠰᠠᠭ᠎ᠤᠨ ᠣᠷᠣᠭᠤᠯᠤᠯᠲᠠ᠎ᠶ᠋ᠢ ᠤᠷᠢᠳ᠎ᠢᠶᠠᠷ ᠪᠠᠲᠤᠯᠠᠵᠤ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠤᠷᠢᠳ᠎ᠢᠶᠠᠷ ᠲᠤᠬᠢᠷᠠᠭᠤᠯᠵᠤ᠂ ᠲᠤᠪᠤᠢ᠌ᠮ᠎ᠠ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠦᠲᠡᠢ ᠠᠷᠭ᠎ᠠ ᠬᠡᠮᠵᠢᠶ᠎ᠡ ᠠᠪᠴᠤ᠌᠂ ᠬᠥᠳᠡᠭᠡ ᠠᠵᠤ ᠠᠬᠤᠢ᠎ᠶ᠋ᠢᠨ ᠰᠠᠭᠤᠷᠢ᠎ᠶ᠋ᠢ ᠨᠡᠩ ᠪᠡᠬᠢᠵᠢᠭᠦᠯᠵᠦ᠍᠂ ᠬᠥᠳᠡᠭᠡ ᠲᠣᠰᠭᠣᠨ᠎ᠤ ᠭᠠᠵᠠᠷ ᠣᠷᠣᠨ᠎ᠢ ᠨᠡᠩ ᠴᠡᠴᠡᠭ᠌ᠯᠡᠭᠦᠯᠦᠨ ᠬᠥᠭ᠌ᠵᠢᠭᠦᠯᠵᠦ᠍᠂ ᠲᠠᠷᠢᠶᠠᠴᠢᠳ᠎ᠤᠨ ᠠᠮᠢᠳᠤᠷᠠᠯ᠎ᠢ ᠨᠡᠩ ᠬᠥᠭ᠌ᠵᠢᠶᠡᠨᠲᠡᠶ ᠪᠣᠯᠭᠠᠵᠤ᠂ 2035 ᠣᠨ᠎ᠳᠤ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠬᠦᠯᠬᠦ ᠪᠣᠯᠤᠨ ᠬᠥᠳᠡᠭᠡ ᠲᠣᠰᠭᠣᠨ᠎ᠤ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ ᠢ ᠦᠨᠳᠦᠰᠦᠨ᠎ᠳᠡᠭᠡᠨ ᠪᠦᠷᠢᠯᠳᠦᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌ ᠬᠡᠷᠡᠭ᠌ᠲᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ )