ᠡᠪᠤᠯᠰᠠᠭᠠᠳᠠᠬᠤᠶᠠ ᠬᠦᠯᠦᠨ ᠪᠤᠢᠷ ᠤ᠋ᠨ ᠴᠠᠰᠤᠳᠤ ᠳᠠᠯ᠎ᠠ ᠨᠢ ᠬᠡᠭᠡᠷ᠎ᠡ ᠵᠢᠨ ᠠᠮᠢᠳᠠᠨ ᠤ᠋ ᠴᠡᠩᠭᠡᠯ ᠤ᠋ᠨ ᠤᠷᠤᠨ ᠪᠤᠯᠳᠠᠭ᠃ ᠬᠦᠷ ᠴᠠᠰᠤ ᠵᠢ ᠰᠢᠭᠦᠷᠡᠨ ᠬᠦᠭᠡ ᠤᠭᠳᠠᠷᠭᠤᠢ ᠳ᠋ᠤ ᠳᠡᠭᠦᠯᠢᠨ ᠨᠢᠰᠬᠦ ᠴᠠᠭᠠᠨ ᠤᠭᠤᠯᠢ᠂ ᠢᠳᠡᠰᠢ ᠡᠷᠢᠨ ᠱᠤᠤᠬᠢᠬᠤ ᠬᠠᠷᠠᠴᠠ ᠬᠢᠷᠠᠬᠠᠢ ᠬᠢᠷᠰᠠ᠂ ᠪᠦᠭᠡᠮᠨᠡᠷᠡᠨ ᠱᠤᠯᠤᠭᠠᠨᠠᠯᠳᠤᠬᠤ ᠠᠵᠠᠷᠭ᠎ᠠ ᠰᠢᠪᠠᠭᠤ ᠵᠡᠷᠭᠡ ᠨᠢ ᠴᠠᠰᠤᠳᠤ ᠳᠠᠯ᠎ᠠ ᠳ᠋ᠤ ᠠᠮᠢ ᠠᠮᠢᠵᠢᠷᠠᠯ ᠤ᠋ᠨ ᠬᠦᠴᠦᠨ ᠢ᠋ ᠨᠡᠮᠡᠷᠢᠯᠡᠨ᠎ᠠ᠃


ᠤᠢᠷ᠎ᠠ ᠵᠢᠨ ᠵᠢᠯ ᠡᠴᠡ ᠨᠠᠭᠠᠰᠢ᠂ ᠬᠦᠯᠦᠨ ᠪᠤᠢᠷ ᠬᠤᠳᠠᠵᠢᠨ ᠬᠢᠨ ᠨᠤᠳᠤᠭ ᠪᠡᠯᠴᠢᠭᠡᠷ᠂ ᠨᠤᠭᠤ ᠭᠠᠵᠠᠷ ᠤ᠋ᠨ ᠠᠮᠢ ᠠᠬᠤᠢ ᠵᠢ ᠬᠠᠮᠠᠭᠠᠯᠠᠨ ᠰᠡᠷᠭᠦᠭᠡᠭᠦ ᠵᠢ ᠦᠷᠭᠦᠯᠵᠢᠯᠡᠨ ᠠᠬᠢᠭᠤᠯᠵᠤ᠂ ᠠᠮᠢ ᠠᠬᠤᠢ ᠵᠢᠨ ᠬᠤᠷᠢᠭ᠎ᠠ ᠱᠤᠭᠤᠮ ᠢ᠋ ᠴᠢᠩᠭ᠎ᠠ ᠰᠠᠬᠢᠵᠤ᠂ ᠨᠤᠭᠤ ᠭᠠᠵᠠᠷ ᠲᠦ᠍ ᠤᠰᠤ ᠨᠦᠭᠦᠪᠦᠷᠢᠯᠡᠭᠦ ᠵᠡᠷᠭᠡ ᠢᠨᠵᠧᠨᠧᠷᠢᠩ ᠢ᠋ ᠬᠡᠷᠡᠭᠵᠢᠭᠦᠯᠵᠤ᠂ ᠠᠮᠢ ᠠᠬᠤᠢ ᠤᠷᠴᠢᠨ ᠳᠤᠭᠤᠷᠢᠨ ᠢ᠋ ᠳᠠᠰᠤᠷᠠᠯᠳᠠ ᠦᠭᠡᠢ ᠰᠠᠢᠵᠢᠷᠠᠭᠤᠯᠪᠠ᠃ ᠤᠳᠤ᠂ ᠴᠠᠭᠠᠨ ᠤᠭᠤᠯᠢ᠂ ᠬᠢᠷᠰᠠ᠂ ᠠᠵᠠᠷᠭ᠎ᠠ ᠰᠢᠪᠠᠭᠤ ᠵᠡᠷᠭᠡ ᠬᠤᠪᠤᠷ ᠴᠤᠬᠠᠭ ᠭᠡᠭᠡᠷ᠎ᠡ ᠵᠢᠨ ᠠᠮᠢᠳᠠᠳᠤᠨ ᠤᠷᠤᠩᠨᠠᠨ ᠠᠮᠢᠳᠤᠷᠠᠬᠤ ᠬᠦᠷᠢᠶ᠎ᠡ ᠬᠡᠪᠴᠢᠶ᠎ᠡ ᠲᠠᠰᠤᠷᠠᠯᠳᠠ ᠦᠭᠡᠢ ᠦᠷᠭᠡᠳᠴᠤ᠂ ᠲᠠᠷᠠᠴᠢᠯᠠᠨ ᠳᠦᠷᠰᠤ ᠵᠢᠨ ᠳᠤᠭ᠎ᠠ ᠬᠡᠮᠵᠢᠶ᠎ᠡ ᠨᠢ ᠳᠤᠭᠳᠠᠭᠤᠨ ᠵᠢᠡᠷ ᠨᠡᠮᠡᠭᠳᠡᠨ᠂ ᠬᠦᠮᠦᠨ ᠪᠠᠢᠭᠠᠯᠢ ᠡᠶ᠎ᠡ ᠵᠤᠬᠢᠴᠠᠩᠭᠤᠢ ᠪᠡᠷ ᠬᠠᠮᠳᠤᠷᠠᠨ ᠤᠷᠤᠰᠢᠬᠤ ᠲᠠᠪᠠᠳᠠᠢ ᠤᠷᠤᠨ ᠪᠤᠯᠤᠭᠰᠠᠨ ᠪᠠᠢᠨ᠎ᠠ᠃

2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号