2026 ᠣᠨ ᠤ᠋ ᠱᠢᠨ᠎ᠡ ᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠥᠪᠥᠷ ᠮᠣᠩᠭᠣᠯ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠦᠷᠨᠢᠬᠦᠨᠬᠦᠭᠵᠢᠶᠡᠨᠳᠡ᠂ ᠲᠣᠭ᠍ᠲᠠᠭᠤᠨ ᠪᠥᠭᠡᠳ ᠡᠮᠬᠢ ᠵᠢᠷᠤᠮ ᠲᠠᠶ᠂ ᠰᠣᠶᠣᠯ ᠵᠢᠭᠤᠯᠴᠢᠯᠠᠯ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠭᠦᠶ᠋ᠴᠡᠳ᠂ ᠠᠮᠠᠷᠠᠯᠲᠠ ᠶ᠋ᠢᠨ ᠡᠳᠦᠷ ᠤ᠋ᠨ ᠬᠡᠷᠡᠭ᠌ᠯᠡᠭᠡ ᠡᠷᠴᠢᠮᠲᠡᠶ ᠪᠠᠢᠬᠤ ᠵᠢ ᠪᠠᠳᠤᠯᠠᠪᠠ᠃ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠶ᠋ᠢᠨ ᠰᠤᠭᠤᠴᠢᠨ ᠪᠠᠢᠴᠠᠭᠠᠯᠳᠠ ᠪᠤᠯᠤᠨ ᠴᠢᠮᠡᠭᠡ ᠬᠣᠯᠪᠣᠭᠠᠨ ᠤ᠋ ᠡᠵᠡᠩᠨᠡᠯᠲᠡ ᠶ᠋ᠢᠨ ᠲᠠᠯ᠎ᠠ ᠵᠢᠨ ᠲᠣᠭ᠎ᠠ ᠪᠠᠷᠢᠮᠲᠠ ᠵᠢ ᠶᠡᠷᠦᠩᠬᠡᠢᠯᠡᠨ ᠲᠥᠰᠦᠭᠡᠯᠡᠨ ᠪᠤᠳᠤᠭ᠍ᠰᠠᠨ ᠢ᠋ᠶ᠋ᠠᠷ᠂ 2026 ᠣᠨ ᠤ᠋ ᠱᠢᠨ᠎ᠡ ᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠮᠠᠨ ᠤ᠋ ᠣᠷᠣᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠵᠢ 750.79 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠯ ᠤ᠋ᠨ ᠵᠠᠷᠤᠳᠠᠯ ᠨᠢ 45.79 ᠳ᠋ᠦᠩᠱᠢᠭᠤᠷ ᠲᠥᠭᠥᠷᠢᠭ ᠲᠦ᠍ ᠬᠦᠷᠴᠠᠢ᠃
ᠮᠠᠨ ᠤ᠋ ᠤᠷᠤᠨ ᠰᠢᠨ᠎ᠠ ᠤᠨ ᠤ᠋ ᠠᠮᠠᠷᠠᠯᠳᠠ ᠳ᠋ᠦ ᠵᠤᠷᠢᠭᠤᠯᠤᠭᠰᠠᠨ ᠠᠮᠠᠷᠠᠯᠲᠠ ᠶ᠋ᠢᠨ ᠡᠳᠦᠷ ᠤ᠋ᠨ ᠰᠣᠶᠣᠯ ᠵᠢᠭᠤᠯᠴᠢᠯᠠᠯ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠵᠢ ᠪᠠᠶᠠᠯᠢᠭ᠍ᠵᠢᠭᠤᠯᠵᠤ᠂ ᠮᠥᠰᠥ᠍ ᠴᠠᠰᠤᠨ ᠤ᠋ ᠨᠠᠢᠷ᠂ ᠤᠯᠤᠰ ᠠᠯᠤᠰᠯᠠᠭ᠍ᠰᠠᠨ ᠦᠪᠡᠳᠡᠭ᠌ᠰᠢ ᠨᠠᠢᠷ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠤᠭ᠍ᠯᠠᠭᠠᠨ ᠵᠡᠷᠭᠡ 8 ᠲᠦᠷᠦᠯ ᠤ᠋ᠨ ᠠᠵᠢᠯᠯᠠᠭ᠎ᠠ ᠦᠷᠨᠢᠬᠦᠯᠦᠨ᠂ 88 ᠳᠠᠯᠠᠪᠠᠢ ᠲᠤᠭᠯᠠᠯᠳᠠ ᠭᠠᠷᠭᠠᠵᠤ᠂ ᠮᠥᠰᠥ᠍ ᠴᠠᠰᠤᠨ ᠤ᠋ ᠪᠡᠶ᠎ᠠ ᠵᠢᠨ ᠲᠠᠮᠢᠷ ᠡᠴᠡ ᠠᠷᠠᠳ ᠤ᠋ᠨ ᠵᠠᠩ ᠦᠶ᠋ᠯᠡ ᠶ᠋ᠢᠨ ᠠᠵᠢᠯᠯᠠᠭ᠎ᠠ᠂ ᠰᠣᠩᠭᠣᠳᠠᠭ ᠳᠠᠭᠤᠤ ᠬᠥᠭ᠌ᠵᠢᠮ ᠡᠴᠡ ᠤᠯᠠᠮᠵᠢᠯᠠᠯᠲᠤ ᠪᠡᠭᠡᠵᠢᠩ ᠰᠢ᠂ ᠱᠣᠭ ᠶᠠᠷᠢᠶ᠎ᠠ ᠵᠢᠨ ᠦᠪᠡᠳᠡᠭ᠌ᠰᠢ ᠨᠠᠢᠷ ᠡᠴᠡ ᠦᠨᠳᠦᠰᠦᠲᠡᠨ ᠤ᠋ ᠳᠠᠭᠤᠤ ᠪᠥᠵᠢᠭᠬᠦᠷᠲᠡᠯᠡ ᠠᠷᠠᠳ ᠤᠯᠠᠨ ᠤ᠋ ᠪᠠᠶᠠᠷ ᠵᠢᠷᠭᠠᠯᠳᠦ ᠲᠦᠷᠦᠭᠳᠡᠯ ᠢ᠋ ᠨᠡᠮᠡᠭᠳᠡᠬᠦᠯᠵᠦ᠂ ᠤᠳᠬ᠎ᠠ ᠤᠷᠠᠯᠢᠭ ᠢ᠋ᠶ᠋ᠡᠷ ᠦᠪᠦᠷ ᠮᠤᠨᠭᠭᠤᠯ ᠤ᠋ᠨ ᠰᠢᠨ᠎ᠠ ᠤᠨ ᠤ᠋ ᠦᠩᠭᠡ ᠲᠦᠷᠬᠦ ᠵᠢ ᠬᠠᠷᠠᠭᠤᠯᠤᠭᠰᠠᠨ ᠪᠠᠢᠨ᠎ᠠ᠃
ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ᠂ ᠥᠪᠥᠷ ᠮᠣᠩᠭᠣᠯ ᠤ᠋ᠨ ᠮᠦᠽᠧᠢ᠂ ᠥᠪᠥᠷ ᠮᠣᠩᠭᠣᠯ ᠤ᠋ᠨ ᠨᠣᠮ ᠤ᠋ᠨ ᠰᠠᠩ᠂ ᠦᠪᠦᠷ ᠮᠤᠨᠭᠭᠤᠯ ᠤ᠋ᠨ ᠰᠣᠶᠣᠯ ᠤ᠋ᠨ ᠣᠷᠳᠣᠨ ᠵᠡᠷᠭᠡ ᠪᠠᠢᠭᠤᠯᠭ᠎ᠠ ᠲᠤᠰ ᠲᠤᠰ ᠱᠢᠨ᠎ᠡ ᠤᠨ ᠤ᠋ ᠳᠠᠭᠤᠤ ᠬᠥᠭ᠌ᠵᠢᠮ ᠤ᠋ᠨ ᠦᠳᠡᠱᠢᠯᠡᠭᠡ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠣᠣᠯ ᠰᠡᠳᠦᠪᠲᠦ ᠦᠵᠡᠰᠭᠦᠯᠡᠩ᠂ ᠪᠦᠬᠦ᠌ ᠠᠷᠠᠳ ᠤ᠋ᠨ ᠨᠣᠮ ᠤᠩᠱᠢᠯᠭ᠎ᠠ᠂ ᠵᠠᠩ ᠦᠢᠯᠡ ᠵᠢ ᠪᠡᠶᠡᠴᠢᠯᠡᠨ ᠣᠢᠯᠠᠭᠠᠬᠤ ᠱᠢᠷᠢᠰ ᠠᠵᠢᠯᠯᠠᠭ᠎ᠠ ᠥᠷᠨᠢᠭᠦᠯᠪᠠ᠃ ᠬᠥᠬᠡᠬᠣᠲᠠ ᠵᠧᠩ ᠵᠢᠶᠦ᠋ᠨ ᠤ᠋ ᠳᠠᠭᠤᠤᠬᠦᠭᠵᠢᠮ ᠤ᠋ᠨ ᠦᠳᠡᠱᠢᠯᠡᠭᠡ ᠪᠠ ᠪᠠᠶᠠᠷ ᠪᠠᠶᠠᠰᠭᠤᠯᠠᠩᠲᠤ ᠮᠥᠰᠥ᠍ ᠴᠠᠰᠤᠨ ᠤ᠋ ᠨᠠᠢᠷ ᠡᠷᠬᠢᠯᠡᠨ ᠱᠢᠨ᠎ᠡ ᠤᠨ ᠤ᠋ ᠱᠢᠨ᠎ᠡ ᠠᠭᠤᠷ ᠠᠮᠢᠰᠭᠤᠯ ᠢ᠋ ᠬᠦᠭᠵᠢᠬᠡᠵᠤ᠂ ᠪᠤᠭᠤᠲᠤ ᠬᠣᠲᠠ ᠪᠤᠭᠤᠲᠤ ᠶ᠋ᠢᠨ ᠬᠥᠪᠥᠩ ᠨᠡᠭᠡᠮᠡᠯ ᠤ᠋ᠨ ᠦᠢᠯᠡᠳᠪᠦᠷᠢ ᠶ᠋ᠢᠨ ᠬᠠᠭᠤᠴᠢᠨ ᠢ᠋ᠶ᠋ᠡᠨ ᠳᠤᠷᠠᠰᠬᠠᠬᠤ ᠨᠠᠢᠷᠬᠢᠵᠦ᠂ ᠬᠥᠯᠥᠨ ᠪᠣᠢᠷ ᠬᠣᠲᠠ ᠪᠠ ᠮᠠᠨᠵᠤᠤᠷ ᠬᠣᠲᠠ ᠭᠤᠷᠪᠠᠨ ᠤᠯᠤᠰ ᠤ᠋ᠨ ᠵᠠᠩ ᠦᠶ᠋ᠯᠡ ᠵᠢ ᠬᠠᠷᠠᠭᠤᠯᠤᠭᠰᠠᠨ ᠱᠢᠨ᠎ᠡ ᠤᠨ ᠤ᠋ ᠤᠭᠳᠤᠯᠭ᠎ᠠ ᠬᠢᠪᠡ᠃ ᠬᠢᠩᠭᠠᠨ ᠠᠢᠮᠠᠭ᠂ ᠱᠢᠯᠢ ᠶ᠋ᠢᠨ ᠭᠤᠤᠯ ᠠᠢᠮᠠᠭ ᠮᠥᠰᠥ᠍ ᠴᠠᠰᠤᠨ ᠤ᠋ ᠨᠠᠢᠷ ᠬᠢᠵᠤ᠂ ᠲᠦ᠋ᠩᠯᠢᠶᠣᠤ ᠬᠣᠲᠠ ᠰᠣᠶᠣᠯ ᠤ᠋ᠨ ᠦᠵᠡᠭᠦᠯᠭᠡ ᠪᠠ ᠠᠷᠠᠳ ᠲᠦ᠍ ᠠᠱᠢᠭ ᠬᠦᠷᠲᠡᠭᠡᠬᠦ ᠬᠡᠷᠡᠭ᠌ᠯᠡᠭᠡᠨ ᠤ᠋ ᠠᠬᠤᠶ ᠪᠠᠢᠳᠠᠯ ᠢ᠋ ᠪᠣᠶ ᠪᠣᠯᠭᠠᠨ᠂ ᠣᠷᠳᠣᠰ ᠬᠣᠲᠠ ᠤᠨ ᠰᠤᠨᠳᠠᠯᠠᠭᠰᠠᠨ ᠨᠠᠢᠷ ᠨᠠᠭᠠᠳᠤᠮ᠂ ᠡᠯᠧᠺᠲ᠋ᠷᠤᠨ ᠲᠤᠭᠯᠠᠭᠠᠮ ᠵᠡᠷᠭᠡ 20 ᠭᠠᠷᠤᠶ ᠲᠠᠯᠠᠪᠠᠶ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠦᠷᠨᠢᠬᠦᠯᠵᠡᠢ᠃
ᠮᠠᠨ ᠤ᠋ ᠤᠷᠤᠨ ᠰᠢᠨ᠎ᠠ ᠤᠨ ᠤ᠋ ᠠᠮᠠᠷᠠᠯᠳᠠ ᠶ᠋ᠢᠨ ᠬᠤᠭᠤᠴᠠᠭᠠᠨ ᠳ᠋ᠦ ᠰᠤᠶᠤᠯ ᠵᠢᠭᠤᠯᠴᠢᠯᠠᠯ ᠤ᠋ᠨ ᠰᠠᠭᠤᠷᠢ ᠲᠦᠬᠦᠭᠡᠷᠦᠮᠵᠢ ᠶ᠋ᠢᠨ ᠬᠡᠮ ᠰᠤᠭᠤᠭ ᠢ᠋ ᠪᠥᠬᠥ᠌ ᠲᠠᠯ᠎ᠠ ᠪᠠᠷ ᠵᠢᠭ᠍ᠰᠠᠭᠠᠨ ᠪᠠᠢᠴᠠᠭᠠᠵᠤ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠲᠣᠭ᠍ᠲᠠᠭᠤᠨ ᠬᠢᠬᠡᠳ ᠡᠮᠬᠢ ᠵᠢᠷᠤᠮ ᠢ᠋ ᠪᠠᠳᠤᠯᠠᠪᠠ᠃ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ 7 ᠪᠠᠢᠴᠠᠭᠠᠬᠤ ᠳᠤᠭᠤᠢᠯᠠᠩ ᠬᠤᠪᠢᠶᠠᠨ 12 ᠠᠢᠮᠠᠭ ᠬᠣᠲᠠ ᠶ᠋ᠢᠨ ᠱᠢᠭᠤᠳ ᠬᠠᠷᠢᠶ᠎ᠠ ᠨᠢᠭᠡᠴᠢ ᠳ᠋ᠦ ᠬᠦᠷᠴᠦ᠂ ᠠᠶᠤᠯᠭᠦᠢ ᠦᠢᠯᠡᠳᠪᠦᠷᠢᠯᠡᠯ ᠤ᠋ᠨ ᠪᠠᠢᠴᠠᠭᠠᠯᠲᠠ ᠥᠷᠨᠢᠭᠦᠯᠵᠠᠢ᠃ ᠳᠡᠳᠡ ᠬᠥᠮᠦᠨ ᠬᠠᠷ᠎ᠠ ᠲᠥᠪᠯᠡᠷᠡᠳᠡᠭ ᠲᠠᠯᠠᠪᠤᠷ ᠭᠠᠵᠠᠷ᠂ A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠳ᠋ᠠᠬᠢ ᠣᠨᠴᠠ ᠲᠥᠷᠥᠯ ᠤ᠋ᠨ ᠰᠠᠭᠤᠷᠢ ᠲᠥᠬᠥᠭᠡᠷᠦᠮᠵᠢ ᠵᠡᠷᠭᠡ ᠶ᠋ᠢ ᠪᠠᠢᠴᠠᠭᠠᠨ᠂ ᠦᠵᠡᠮᠵᠢ ᠶ᠋ᠢᠨ ᠣᠷᠣᠨ ᠤ᠋ ᠴᠠᠭ᠍ᠳᠠᠭᠠ ᠵᠢᠨ ᠬᠦᠴᠦᠨ ᠤ᠋ ᠲᠣᠬᠢᠷᠠᠭᠤᠯᠤᠯᠲᠠ᠂ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠲᠥᠰᠦᠯ ᠢ᠋ ᠨᠠᠷᠢᠨ ᠣᠢᠯᠠᠭᠠᠵᠦ ᠨᠢᠮᠪᠠᠢ ᠪᠠᠢᠷᠢᠯᠠᠭᠤᠯᠵᠠᠢ᠃ ᠡᠬᠦᠨ ᠡᠴᠡ ᠭᠠᠳᠠᠨ᠎ᠠ ᠪᠥᠬᠥ᠌ ᠣᠷᠣᠨ ᠳ᠋ᠦ ᠰᠣᠶᠣᠯ ᠤ᠋ᠨ ᠵᠠᠬ᠎ᠠ ᠳᠡᠯᠭᠡᠭᠦᠷ ᠤ᠋ᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠠᠵᠢᠯᠲᠠᠨ ᠢ᠋ 2171 ᠬᠥᠮᠦᠨ ᠤᠳᠠᠭ᠎ᠠ ᠠᠵᠢᠯᠯᠠᠭᠤᠯᠵᠦ᠂ ᠡᠵᠡᠩᠨᠡᠯᠲᠡ ᠶ᠋ᠢᠨ ᠨᠢᠭᠡᠴᠢ ᠵᠢ 745 ᠤᠳᠠᠭ᠎ᠠ ᠪᠠᠢᠴᠠᠭᠠᠪᠠ᠃ ᠠᠶᠤᠯᠭᠦᠢ ᠦᠢᠯᠡᠳᠪᠦᠷᠢᠯᠡᠯ ᠤ᠋ᠨ 24 ᠵᠦᠢᠯ ᠤ᠋ᠨ ᠲᠠᠯᠳᠠ ᠭᠡᠮ ᠢ᠋ ᠢᠯᠡᠷᠡᠭᠦᠯᠦᠭ᠌ᠰᠡᠨ ᠪᠥᠭᠡᠳ ᠴᠠᠭ ᠲᠤᠬᠠᠢ ᠳ᠋ᠤᠨᠢ ᠴᠡᠭ᠌ᠴᠡᠯᠡᠨ ᠰᠠᠢᠵᠢᠷᠠᠭᠤᠯᠵᠠᠢ᠃
ᠮᠠᠨ ᠤ᠋ ᠤᠷᠤᠨ ᠪᠠᠰᠠ ᠣᠯᠠᠨ ᠳᠠᠯ᠎ᠠ ᠶ᠋ᠢᠨ ᠤᠬᠠᠭᠤᠯᠭ᠎ᠠ ᠵᠢ ᠰᠠᠢᠳᠤᠷ ᠬᠢᠵᠦ᠂ ᠪᠣᠯᠪᠠᠰᠤᠨ ᠵᠢᠭᠤᠯᠴᠢᠯᠠᠯ ᠢ᠋ ᠰᠤᠷᠳᠠᠯᠴᠢᠯᠠᠨ᠂ 2026 ᠣᠨ ᠤ᠋ ᠱᠢᠨ᠎ᠡ ᠤᠨ ᠤ᠋ ᠠᠮᠠᠷᠠᠯᠲᠠ ᠶ᠋ᠢᠨ ᠵᠢᠭᠤᠯᠴᠢᠯᠠᠯ ᠤ᠋ᠨ ᠳᠣᠲᠣᠨᠣ ᠰᠠᠨᠠᠭᠤᠯᠤᠮᠵᠢ ᠶ᠋ᠢ ᠨᠡᠢᠲᠡᠯᠡᠵᠦ᠂ ᠵᠢᠭᠤᠯᠴᠢᠯᠠᠯ ᠤ᠋ᠨ ᠪᠠᠭᠤᠳᠠᠯ᠂ ᠵᠢᠭᠤᠯᠴᠢᠯᠠᠯ ᠤ᠋ᠨ ᠠᠶᠠᠨᠴᠢᠳ ᠤ᠋ᠨ ᠵᠦᠬᠡᠬᠡᠪᠤᠷᠢ ᠶ᠋ᠢᠨ ᠠᠵᠤ ᠠᠬᠤᠢᠯᠠᠯ ᠵᠡᠷᠭᠡ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠶ᠋ᠢᠨ ᠵᠢᠷᠤᠮᠵᠢᠭᠤᠨ ᠠᠵᠢᠯᠯᠠᠭᠠᠨ ᠤ᠋ ᠰᠠᠨᠠᠭᠤᠯᠤᠮᠵᠢ᠂ ᠰᠠᠢᠨ ᠳᠤᠷ᠎ᠠ ᠶ᠋ᠢᠨ ᠦᠶ᠋ᠯᠡᠴᠢᠯᠡᠭᠡ ᠱᠠᠭᠠᠷᠳᠠᠯᠭ᠎ᠠ ᠵᠢ ᠵᠢᠭᠤᠯᠴᠢᠯᠠᠯ ᠤ᠋ᠨ ᠠᠵᠢᠯᠯᠠᠭ᠎ᠠ ᠶ᠋ᠢᠨ ᠡᠯ᠎ᠡ ᠭᠣᠭ᠍ᠴᠣᠭᠠ ᠳ᠋ᠦ ᠲᠤᠭᠤᠱᠢᠯᠠᠭᠤᠯᠪᠠ᠃ ᠡᠨᠡ ᠬᠦ᠌ ᠬᠤᠭᠤᠴᠠᠭᠠᠨ ᠳ᠋ᠤ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠺᠠᠷᠲ ᠢ᠋ ᠠᠩᠬ᠎ᠠ ᠲᠠᠷᠬᠠᠭᠠᠵᠦ᠂ ᠰᠣᠶᠣᠯ ᠵᠢᠭᠤᠯᠴᠢᠯᠠᠯ ᠤ᠋ᠨ ᠱᠢᠯᠢᠳᠡᠭ ᠡᠬᠢ ᠪᠠᠶᠠᠯᠢᠭ ᠢ᠋ ᠵᠢᠭᠤᠯᠴᠢᠯᠠᠭᠰᠠᠳ ᠲᠦ᠍ ᠨᠢᠭᠡ ᠥᠷᠲᠡᠭᠡᠴᠢᠯᠡᠭ᠌ᠰᠡᠨ ᠬᠡᠯᠪᠡᠷᠢ ᠪᠡᠷ ᠤᠢᠯᠠᠭᠠᠭᠤᠯᠤᠭᠰᠠᠨ ᠪᠠᠢᠨ᠎ᠠ᠃