● ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ 45% ᠡᠴᠡ ᠲᠡᠭᠡᠭᠰᠢᠳᠤ ᠲᠤᠭᠳᠠᠪᠤᠷᠢᠵᠢᠪᠠ
● ᠣᠢ ᠰᠢᠭᠤᠢ ᠵᠢᠨ ᠪᠦᠷᠬᠦᠴᠡ ᠵᠢᠨ ᠨᠣᠷᠮ᠎ᠠ 21.98% ᠳ᠋ᠤ᠌ ᠬᠦᠷᠪᠡ
● ᠨᠤᠭᠤ ᠭᠠᠵᠠᠷ ᠤ᠋ᠨ ᠲᠠᠯᠠᠪᠠᠢ 7000 ᠲᠦᠮᠡᠨ ᠮᠦ᠍ ᠣᠷᠴᠢᠮ ᠪᠠᠢᠬᠤᠵᠢ ᠪᠠᠳᠤᠯᠠᠪᠠ
《ᠠᠷᠪᠠᠨ ᠲᠦᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠡᠴᠡ ᠨᠡᠭᠠᠰᠢ᠂ ᠥᠪᠥᠷ ᠮᠣᠩᠭᠣᠯ ᠤᠯᠠᠨ ᠲᠠᠯ᠎ᠠ ᠪᠠᠷ ᠬᠦᠴᠤᠯᠠᠵᠤ᠂ ᠠᠮᠢ ᠠᠬᠤᠢ ᠵᠢᠨ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠴᠢᠩᠭ᠎ᠠ ᠰᠠᠬᠢᠨ ᠦᠢᠯᠡᠳᠦᠯᠭᠡᠵᠢᠭᠦᠯᠵᠤ᠂ ᠪᠦᠬᠦ ᠣᠷᠣᠨ ᠤ᠋ ᠣᠢ ᠰᠢᠭᠤᠢ ᠪᠠ ᠨᠤᠳᠤᠭ ᠪᠡᠯᠴᠢᠭᠡᠷ ᠤ᠋ᠨ ᠡᠬᠢ ᠪᠠᠶᠠᠯᠢᠭ ᠢ᠋ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠢᠨ᠎ᠠ᠃ 2024 ᠣᠨ ᠳ᠋ᠤ᠌᠂ ᠥᠪᠥᠷ ᠮᠣᠩᠭᠣᠯ ᠤ᠋ᠨ ᠣᠢ ᠰᠢᠭᠤᠢ ᠵᠢᠨ ᠪᠦᠷᠬᠦᠴᠡ ᠵᠢᠨ ᠨᠣᠷᠮ᠎ᠠ 21.98% ᠳ᠋ᠤ᠌ ᠬᠦᠷᠴᠦ᠂ 2021 ᠣᠨ ᠤ᠋ ᠬᠢ ᠡᠴᠡ ᠵᠠᠭᠤᠨ ᠤ᠋ ᠬᠠᠷᠢᠴᠠᠯ ᠵᠢᠡᠷ 1.19 ᠬᠤᠪᠢ ᠳᠡᠭᠡᠭᠰᠢᠯᠡᠨ᠂ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠦᠷᠬᠦᠯᠵᠢᠯᠡᠨ 45% ᠡᠴᠡ ᠲᠡᠭᠡᠭᠰᠢᠳᠤ ᠲᠤᠭᠳᠠᠪᠤᠷᠢᠵᠢᠵᠤ᠂ ᠨᠤᠭᠤ ᠭᠠᠵᠠᠷ ᠤ᠋ᠨ ᠲᠠᠯᠠᠪᠠᠢ 7000 ᠲᠦᠮᠡᠨ ᠮᠦ᠍ ᠣᠷᠴᠢᠮ ᠪᠠᠢᠬᠤᠵᠢ ᠪᠠᠳᠤᠯᠠᠵᠤ᠂ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢᠨ ᠴᠢᠳᠠᠮᠵᠢ ᠵᠢ ᠦᠷᠭᠦᠯᠵᠢᠯᠡᠨ ᠲᠡᠭᠡᠭᠰᠢᠯᠡᠬᠦᠯᠪᠠ ᠃
ᠪᠠᠢᠭᠠᠯᠢ ᠵᠢᠨ ᠬᠠᠮᠠᠭᠠᠯᠠᠯᠲᠠ ᠵᠢᠨ ᠰᠢᠰᠲ᠋ᠧᠮ ᠤ᠋ᠨ ᠪᠠᠢᠭᠤᠯᠤᠯᠲᠠ ᠵᠢᠨ ᠲᠠᠯ᠎ᠠ ᠪᠠᠷ ᠠᠯᠠᠱᠠ ᠠᠭᠤᠯᠠ᠂ ᠳᠠᠯᠠᠨ ᠬᠠᠷ᠎ᠠ ᠠᠭᠤᠯᠠ᠂ ᠪᠠᠳᠠᠢ ᠵᠢᠨ ᠵᠢᠷᠠᠨ ᠵᠡᠷᠭᠡ 6 ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠤᠯᠤᠰ ᠤ᠋ᠨ ᠴᠡᠴᠡᠷᠯᠢᠭ ᠤ᠋ᠨ ᠵᠢᠱ᠌ᠢᠭᠳᠡᠭᠴᠢ ᠤᠷᠤᠨ ᠪᠣᠯᠵᠤ᠂ ᠲᠣᠭ᠎ᠠ ᠬᠡᠮᠵᠢᠶ᠎ᠡ ᠨᠢ ᠪᠦᠬᠦ ᠤᠯᠤᠰ ᠲᠤ᠌ ᠲᠦᠷᠦᠭᠦᠯᠡᠪᠡ᠃ ᠣᠳᠣ ᠠᠯᠠᠱᠠ ᠠᠭᠤᠯᠠ ᠵᠢᠨ ᠤᠯᠤᠰ ᠤ᠋ᠨ ᠴᠡᠴᠡᠷᠯᠢᠭ ᠤ᠋ᠨ ᠵᠢᠱ᠌ᠢᠭᠳᠡᠭᠴᠢ ᠤᠷᠤᠨ ᠢ᠋ ᠪᠦᠳᠦᠭᠡᠨ ᠪᠠᠢᠭᠤᠯᠬᠤ ᠠᠵᠢᠯ ᠡᠬᠢᠯᠠᠪᠠ; ᠪᠠᠳᠠᠢ ᠵᠢᠨ ᠵᠢᠷᠠᠨ ᠤ᠋ ᠡᠯᠡᠰᠦᠨ ᠴᠦᠯ — ᠡᠯᠡᠰᠦᠨ ᠴᠤᠬᠢᠶ᠎ᠠ ᠨᠠᠭᠤᠷ ᠪᠦᠷᠢᠳᠤ ᠨᠤᠬᠦᠳ ᠠᠮᠵᠢᠯᠲᠠ ᠲᠠᠢ ᠪᠠᠷ 《ᠳᠡᠯᠡᠬᠡᠢ ᠵᠢᠨ ᠥᠪ ᠤ᠋ᠨ ᠨᠡᠷᠡᠰᠤᠨ ᠲᠠᠮᠳᠡᠭᠯᠡᠯ》 ᠳ᠋ᠤ ᠵᠢᠭᠰᠠᠭᠠᠭᠳᠠᠵᠤ᠂ ᠥᠪᠥᠷ ᠮᠣᠩᠭᠣᠯ ᠤ᠋ᠨ ᠠᠩᠬᠠᠳᠠᠭᠴᠢ ᠳᠡᠯᠡᠬᠡᠢ ᠵᠢᠨ ᠪᠠᠢᠭᠠᠯᠢ ᠵᠢᠨ ᠥᠪ ᠪᠣᠯᠵᠤ᠂ ᠳᠤᠮᠳᠠᠳᠤ ᠤᠯᠤᠰ ᠤ᠋ᠨ ᠡᠯᠡᠰᠦᠨ ᠴᠦᠯ ᠤ᠋ᠨ ᠲᠥᠷᠥᠯ ᠬᠡᠯᠪᠡᠷᠢ ᠵᠢᠨ ᠥᠪ ᠤ᠋ᠨ ᠬᠣᠭᠣᠰᠣᠨ ᠢ᠋ ᠨᠥᠬᠥᠪᠥᠷᠢᠯᠡᠪᠡ᠃ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳᠡᠯᠡᠬᠡᠢ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠤ᠋ ᠰᠦᠯᠵᠢᠶᠠᠳᠤ ᠬᠠᠮᠤᠷᠤᠭᠳᠠᠵᠤ᠂ ᠪᠦᠬᠦ ᠣᠷᠣᠨ ᠤ᠋ ᠳᠡᠯᠡᠬᠡᠢ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠤ᠋ ᠲᠣᠭ᠎ᠠ 5 ᠪᠣᠯᠵᠤ ᠪᠦᠬᠦ ᠤᠯᠤᠰ ᠲᠦ᠍ ᠲᠦᠷᠦᠭᠦᠯᠡᠪᠡ᠃ ᠬᠠᠲᠤᠨ ᠭᠣᠣᠯ ᠤ᠋ᠨ ᠰᠠᠪᠠ ᠭᠠᠵᠠᠷ ᠤ᠋ᠨ 11 ᠬᠡᠰᠡᠭ ᠨᠤᠭᠤ ᠭᠠᠵᠠᠷ ᠢ᠋ ᠥᠪᠡᠷᠲᠡᠭᠡᠨ ᠵᠠᠰᠠᠬᠤ ᠣᠷᠣᠨ ᠤ᠋ ᠴᠢᠬᠤᠯᠠ ᠨᠤᠭᠤ ᠭᠠᠵᠠᠷ ᠤ᠋ᠨ ᠨᠡᠷᠡᠰ ᠤ᠋ᠨ ᠵᠢᠭᠰᠠᠭᠠᠯᠲᠠ ᠳ᠋ᠤ᠌ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ᠋ 4 ᠴᠢᠬᠤᠯᠠ ᠨᠤᠭᠤ ᠭᠠᠵᠠᠷ ᠢ᠋ ᠤᠯᠤᠰ ᠤ᠋ᠨ ᠴᠢᠬᠤᠯᠠ ᠨᠤᠭᠤ ᠭᠠᠵᠠᠷ ᠤ᠋ᠨ ᠨᠡᠷᠡᠰ ᠤ᠋ᠨ ᠵᠢᠭᠰᠠᠭᠠᠯᠲᠠ ᠳ᠋ᠤ᠌ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ᠋ 2 ᠨᠤᠭᠤ ᠭᠠᠵᠠᠷ ᠤ᠋ᠨ ᠴᠡᠴᠡᠷᠯᠢᠭ ᠢ᠋ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠪᠣᠯᠭᠠᠨ ᠳᠡᠰ ᠳᠡᠪᠰᠢᠭᠦᠯᠪᠡ᠃ 33 ᠬᠡᠭᠡᠷ᠎ᠡ ᠵᠢᠨ ᠠᠮᠢᠲᠠᠨ ᠤ᠋ ᠭᠡᠮ ᠬᠢᠵᠢᠭ ᠤ᠋ᠨ ᠡᠬᠢ ᠡᠭᠦᠰᠦᠯ ᠭᠡᠮ ᠬᠢᠵᠢᠭ ᠢ᠋ ᠬᠢᠨᠠᠨ ᠬᠡᠮᠵᠢᠬᠦ ᠥᠷᠲᠡᠭᠡ ᠪᠠ 51 ᠬᠡᠭᠡᠷ᠎ᠡ ᠵᠢᠨ ᠠᠮᠢᠲᠠᠨ ᠢ᠋ ᠠᠪᠤᠷᠠᠨ ᠬᠠᠮᠠᠭᠠᠯᠠᠬᠤ ᠭᠠᠵᠠᠷ ᠢ᠋ ᠪᠦᠳᠦᠭᠡᠨ ᠪᠠᠢᠭᠤᠯᠵᠤ᠂ 《ᠠᠷᠪᠠᠨ ᠲᠦᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ᠌᠂ ᠥᠪᠥᠷ ᠮᠣᠩᠭᠣᠯ ᠤ᠋ᠨ ᠤᠯᠤᠰ ᠤ᠋ᠨ ᠭᠣᠣᠯᠳᠠᠯᠭ᠎ᠠ ᠲᠠᠢ ᠠᠮᠢᠲᠠᠨ ᠪᠠ ᠤᠷᠭᠤᠮᠠᠯ ᠢ᠋ ᠬᠠᠮᠠᠭᠠᠯᠠᠭᠰᠠᠨ ᠨᠣᠷᠮ᠎ᠠ ᠲᠤᠰ ᠲᠤᠰ 80% ᠪᠠ 88% ᠳ᠋ᠤ᠌ ᠬᠦᠷᠴᠠᠢ᠃
ᠥᠪᠥᠷ ᠮᠣᠩᠭᠣᠯ ᠣᠢ ᠰᠢᠭᠤᠢ ᠪᠠ ᠨᠤᠳᠤᠭ ᠪᠡᠯᠴᠢᠭᠡᠷ ᠢ᠋ ᠬᠠᠤᠯᠢᠵᠢᠯᠵᠢᠡᠷ ᠵᠠᠰᠠᠬᠤ ᠵᠢ ᠢᠮᠠᠭᠲᠠ ᠪᠠᠷᠢᠮᠲᠠᠯᠠᠵᠤ᠂ ᠣᠢ ᠰᠢᠭᠤᠢ᠂ ᠨᠤᠳᠤᠭ ᠪᠡᠯᠴᠢᠭᠡᠷ᠂ ᠨᠤᠭᠤ ᠭᠠᠵᠠᠷ ᠤ᠋ᠨ ᠡᠬᠢ ᠪᠠᠶᠠᠯᠢᠭ ᠢ᠋ ᠪᠠᠭᠳᠠᠭᠠᠭᠰᠠᠨ ᠬᠠᠤᠯᠢᠵᠢᠯ ᠤ᠋ᠨ ᠳᠤᠤᠷ ᠢ᠋ ᠲᠥᠯᠦᠪᠰᠢᠭᠦᠯᠪᠡ᠃ ᠨᠤᠲᠤᠭ ᠪᠡᠯᠴᠢᠭᠡᠷ ᠢ᠋ ᠬᠠᠮᠠᠭᠠᠯᠠᠵᠤ ᠰᠡᠷᠭᠦᠭᠡᠬᠦ᠂ ᠣᠢ ᠰᠢᠭᠤᠢ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠨᠡᠭᠡᠭᠡᠨ ᠠᠰᠢᠭᠯᠠᠬᠤ ᠬᠢᠨᠠᠯᠲᠠ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ᠋ ᠳᠡᠰ ᠤ᠋ᠨ ᠪᠠᠢᠭᠠᠯᠢ ᠵᠢᠨ ᠴᠡᠴᠡᠷᠯᠢᠭ ᠤ᠋ᠨ ᠬᠠᠮᠢᠶᠠᠷᠤᠯᠲᠠ ᠵᠢ ᠵᠢᠷᠤᠮᠵᠢᠭᠤᠯᠬᠤ᠂ ᠡᠭᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠤ᠋ ᠬᠠᠮᠠᠭᠠᠯᠠᠯᠲᠠ ᠵᠢ ᠴᠢᠩᠭᠠᠳᠬᠠᠬᠤ ᠵᠡᠷᠭᠡ ᠲᠠᠯ᠎ᠠ ᠪᠠᠷ ᠠᠯᠢ ᠣᠯᠠᠨ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ ᠢ᠋ ᠨᠡᠢᠲᠡᠯᠡᠪᠡ᠃ ᠡᠭᠦᠨ ᠡᠴᠡ ᠭᠠᠳᠠᠨ᠎ᠠ᠂ ᠣᠢ ᠰᠢᠭᠤᠢ ᠪᠠ ᠨᠤᠳᠤᠭ ᠪᠡᠯᠴᠢᠭᠡᠷ ᠤ᠋ᠨ ᠡᠬᠢ ᠪᠠᠶᠠᠯᠢᠭ ᠢ᠋ ᠬᠠᠮᠠᠭᠠᠯᠠᠬᠤ ᠡᠷᠴᠢᠮ ᠢ᠋ ᠴᠢᠡᠭᠭᠠᠷᠠᠭᠤᠯᠬᠤ ᠵᠢᠨ ᠲᠦᠯᠦᠭᠡ᠂ 2023 ᠣᠨ ᠡᠴᠡ ᠡᠬᠢᠯᠡᠨ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠡᠴᠡ ᠬᠣᠶᠠᠷ ᠵᠢᠯ ᠳᠠᠷᠠᠭᠠᠯᠠᠨ ᠳᠣᠲᠣᠭᠠᠳᠤ ᠵᠢ ᠬᠠᠮᠠᠭᠠᠯᠠᠬᠤ ᠪᠠᠢᠭᠤᠯᠭ᠎ᠠ ᠳ᠋ᠤ᠌ ᠣᠢ ᠰᠢᠭᠤᠢ ᠪᠠ ᠨᠤᠳᠤᠭ ᠪᠡᠯᠴᠢᠭᠡᠷ ᠤ᠋ᠨ ᠵᠠᠰᠠᠭ ᠵᠠᠬᠢᠷᠭᠠᠨ ᠤ᠋ ᠰᠢᠢᠳᠬᠡᠵᠦ ᠲᠣᠷᠭᠠᠬᠤ ᠡᠷᠬᠡ ᠵᠢ ᠣᠯᠭᠣᠪᠠ᠃ 2025 ᠣᠨ ᠳ᠋ᠤ᠌ ᠣᠢ ᠰᠢᠭᠤᠢ ᠪᠠ ᠨᠤᠳᠤᠭ ᠪᠡᠯᠴᠢᠭᠡᠷ ᠤ᠋ᠨ ᠬᠠᠤᠯᠢ ᠬᠡᠷᠡᠭᠵᠢᠭᠦᠯᠬᠦ ᠪᠠᠢᠭᠤᠯᠤᠮᠵᠢ ᠵᠢ ᠪᠠᠢᠭᠤᠯᠬᠤ ᠵᠢ ᠠᠬᠢᠭᠤᠯᠵᠤ᠂ ᠦᠪᠡᠷᠳᠡᠭᠡᠨ ᠵᠠᠰᠠᠬᠤ ᠤᠷᠤᠨ᠂ ᠬᠣᠲᠠ᠂ ᠰᠢᠶᠠᠨ ᠭᠤᠷᠪᠠᠨ ᠱᠠᠲᠤ ᠬᠤᠯᠪᠤᠯᠳᠤᠭᠰᠠᠨ ᠣᠢ ᠰᠢᠭᠤᠢ ᠪᠠ ᠨᠤᠳᠤᠭ ᠪᠡᠯᠴᠢᠭᠡᠷ ᠤ᠋ᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠡᠩᠨᠡᠭᠡ ᠵᠢ ᠵᠣᠬᠢᠶᠠᠨ ᠪᠠᠢᠭᠤᠯᠵᠤ᠂ ᠣᠢ ᠰᠢᠭᠤᠢ ᠪᠠ ᠨᠤᠳᠤᠭ ᠪᠡᠯᠴᠢᠭᠡᠷ ᠤ᠋ᠨ ᠬᠠᠤᠯᠢ ᠬᠡᠷᠡᠭᠵᠢᠭᠦᠯᠬᠦ ᠬᠦᠴᠦᠨ ᠢ᠋ ᠢᠯᠡᠳᠲᠡ ᠴᠢᠩᠭᠠᠷᠠᠭᠤᠯᠵᠤ᠂ ᠣᠢ ᠰᠢᠭᠤᠢ ᠪᠠ ᠨᠤᠳᠤᠭ ᠪᠡᠯᠴᠢᠭᠡᠷ ᠢ᠋ ᠡᠪᠳᠡᠬᠦ ᠬᠠᠤᠯᠢ ᠲᠣᠭᠲᠠᠭᠠᠯ ᠡᠴᠡ ᠵᠥᠷᠢᠴᠡᠭᠰᠡᠨ ᠠᠵᠢᠯᠯᠠᠭ᠎ᠠ ᠳ᠋ᠤ᠌ ᠴᠣᠬᠢᠯᠲᠠ ᠥᠭᠬᠦ ᠳ᠋ᠦ᠍ ᠪᠠᠲᠤ ᠴᠢᠩᠭ᠎ᠠ ᠬᠠᠤᠯᠢᠵᠢᠯᠤᠨ ᠪᠠᠲᠤᠯᠠᠭ᠎ᠠ ᠬᠠᠩᠭᠠᠪᠠ᠃ ᠦᠨᠳᠦᠰᠦᠨ ᠱᠠᠲᠤᠨ ᠤ᠋ ᠣᠢ ᠰᠢᠭᠤᠢ ᠪᠠ ᠨᠤᠳᠤᠭ ᠪᠡᠯᠴᠢᠭᠡᠷ ᠤ᠋ᠨ ᠠᠵᠢᠯᠯᠠᠬᠤ ᠥᠷᠲᠡᠭᠡ ᠵᠢ ᠨᠠᠢᠳᠠ 776 ᠪᠠᠢᠭᠤᠯᠵᠤ᠂ ᠣᠢ ᠰᠢᠭᠤᠢ ᠪᠠ ᠨᠤᠳᠤᠭ ᠪᠡᠯᠴᠢᠭᠡᠷ ᠤ᠋ᠨ 2710 ᠲᠤᠰᠬᠠᠢ ᠲᠤᠰᠢᠶᠠᠯᠳᠤ ᠠᠵᠢᠯᠲᠠᠨ ᠨᠢᠭᠡᠨᠲᠡ ᠠᠵᠢᠯ ᠤ᠋ᠨ ᠪᠠᠢᠷᠢ ᠳ᠋ᠤ᠌ ᠭᠠᠷᠴᠦ᠂ ᠣᠢ ᠰᠢᠭᠤᠢ ᠪᠠ ᠨᠤᠳᠤᠭ ᠪᠡᠯᠴᠢᠭᠡᠷ ᠤ᠋ᠨ ᠡᠬᠢ ᠪᠠᠶᠠᠯᠢᠭ ᠢ᠋ ᠬᠠᠮᠢᠶᠠᠷᠴᠤ ᠬᠠᠮᠠᠭᠠᠯᠠᠬᠤ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃
ᠥᠪᠥᠷ ᠮᠣᠩᠭᠣᠯ ᠪᠠᠰᠠ ᠣᠢ ᠰᠢᠭᠤᠢ ᠵᠢᠨ ᠳᠠᠷᠤᠭ᠎ᠠ ᠵᠢᠨ ᠳᠦᠷᠢᠮ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠣᠢ ᠰᠢᠭᠤᠢ ᠪᠠ ᠨᠤᠳᠤᠭ ᠪᠡᠯᠴᠢᠭᠡᠷ ᠤ᠋ᠨ ᠱᠠᠯᠠᠪᠳᠠᠭᠤᠯᠤᠨ ᠪᠠᠶ᠋ᠢᠴᠠᠭᠠᠬᠤ ᠵᠢ ᠪᠠᠢᠩᠭᠤᠵᠢᠭᠤᠯᠤᠨ ᠥᠷᠨᠢᠭᠦᠯᠵᠦ᠂ 《ᠠᠷᠠᠳ ᠤ᠋ᠨ ᠠᠭᠠᠷ ᠤ᠋ᠨ ᠰᠡᠷᠭᠡᠢᠯᠡᠯᠲᠡ + ᠲᠧᠭᠨᠢᠭ ᠮᠡᠷᠭᠡᠵᠢᠯ ᠤ᠋ᠨ ᠰᠡᠷᠭᠡᠢᠯᠡᠯᠳᠡ》 ᠶ᠋ᠢ ᠬᠠᠮᠵᠢᠯᠴᠠᠭᠤᠯᠤᠨ ᠬᠢᠨᠠᠨ ᠬᠠᠮᠢᠶᠠᠷᠬᠤ ᠵᠢ ᠴᠢᠩᠭᠠᠷᠠᠭᠤᠯᠵᠤ᠂ ᠳᠠᠭᠠᠭᠤᠯᠢ ᠣᠳᠣᠨ ᠤ᠋ ᠠᠯᠤᠰ ᠰᠠᠷᠠᠯ ᠤ᠋ᠨ ᠮᠡᠷᠭᠡᠵᠢᠯ ᠢ᠋ ᠬᠡᠷᠡᠭᠯᠡᠨ᠂ 《ᠣᠭᠲᠠᠷᠭᠤᠢ ᠡᠴᠡ ᠬᠠᠷᠠᠬᠤ᠂ ᠭᠠᠵᠠᠷ ᠤ᠋ᠨ ᠭᠠᠳᠠᠷᠭᠤ ᠡᠴᠡ ᠪᠠᠢᠴᠠᠭᠠᠬᠤ》 ᠬᠥᠳᠡᠯᠦᠩᠭᠦᠢ ᠬᠢᠨᠠᠨ ᠬᠡᠮᠵᠢᠯᠳᠡ ᠵᠢ ᠪᠡᠶᠡᠯᠡᠭᠦᠯᠪᠡ᠃ ᠣᠢ ᠰᠢᠭᠤᠢ ᠪᠠ ᠨᠤᠳᠤᠭ ᠪᠡᠯᠴᠢᠭᠡᠷ ᠢ᠋ ᠡᠪᠳᠡᠬᠦ ᠠᠵᠢᠯᠯᠠᠭ᠎ᠠ ᠳ᠋ᠤ᠌ ᠴᠢᠩᠭ᠎ᠠ ᠴᠣᠬᠢᠯᠲᠠ ᠥᠭᠴᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠠᠵᠢᠯᠯᠠᠬᠤ ᠪᠠᠷ ᠳᠠᠮᠵᠢᠨ ᠣᠢ ᠰᠢᠭᠤᠢ ᠪᠠ ᠨᠤᠳᠤᠭ ᠪᠡᠯᠴᠢᠭᠡᠷ ᠢ᠋ ᠡᠪᠳᠡᠬᠦ ᠠᠰᠠᠭᠤᠳᠠᠯ ᠢ᠋ ᠰᠢᠰᠲ᠋ᠧᠮ ᠲᠡᠢ ᠦᠨᠳᠦᠰᠦᠨ ᠡᠴᠡ ᠨᠢ ᠵᠠᠰᠠᠪᠠ᠃ ᠪᠠᠢᠭᠠᠯᠢᠯᠢᠭ ᠣᠢ ᠵᠢ ᠠᠷᠠᠯᠵᠢᠶᠠᠨ ᠤ᠋ ᠴᠢᠨᠠᠷᠲᠠᠢ ᠣᠭᠲᠣᠯᠬᠤ ᠵᠢ ᠪᠥᠬᠥ ᠲᠠᠯ᠎ᠠ ᠪᠠᠷ ᠵᠣᠭᠰᠣᠭᠠᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ 2.8 ᠳ᠋ᠦᠩᠰᠢᠭᠤᠷ ᠮᠦ᠍ ᠪᠠᠢᠭᠠᠯᠢᠯᠢᠭ ᠣᠢ ᠪᠠ ᠨᠡᠢᠲᠡ ᠵᠢᠨ ᠠᠰᠠᠷᠠᠮᠵᠢ ᠵᠢᠨ ᠣᠢ ᠳ᠋ᠤ᠌ ᠨᠢᠭᠡ ᠴᠣᠭᠴᠠᠵᠢᠭᠰᠠᠨ ᠬᠠᠮᠠᠭᠠᠯᠠᠯᠲᠠ ᠬᠠᠮᠢᠶᠠᠷᠤᠯᠲᠠ ᠵᠢ ᠬᠡᠷᠡᠭᠵᠢᠭᠦᠯᠪᠡ; ᠣᠢ ᠰᠢᠭᠤᠢ ᠵᠢᠨ ᠦᠷᠭᠦᠯᠵᠢᠯᠡᠬᠦ ᠡᠵᠡᠩᠨᠡᠯᠲᠡ ᠵᠢᠨ ᠰᠦᠪᠡᠭᠴᠢᠯᠡᠯᠲᠡ ᠬᠢᠵᠦ᠂ ᠣᠢ ᠰᠢᠭᠤᠢ ᠵᠢᠨ ᠶᠠᠰᠤ ᠴᠢᠨᠠᠷ ᠢ᠋ ᠳᠡᠭᠡᠭᠰᠢᠯᠡᠭᠦᠯᠬᠦ ᠪᠦᠲᠦᠭᠡᠨ ᠪᠠᠢᠭᠤᠯᠤᠯᠲᠠ ᠵᠢᠨ ᠡᠭᠦᠷᠭᠡ ᠵᠢ 3800 ᠭᠠᠷᠤᠢ ᠲᠦᠮᠡᠨ ᠮᠦ᠍ ᠪᠡᠶᠡᠯᠡᠭᠦᠯᠵᠦ᠂ ᠣᠢ ᠰᠢᠭᠤᠢ ᠵᠢᠨ ᠠᠮᠢ ᠠᠬᠤᠢ ᠵᠢᠨ ᠰᠢᠰᠲ᠋ᠧᠮ ᠤ᠋ᠨ ᠲᠣᠭᠲᠠᠪᠤᠷᠢᠲᠤ ᠴᠢᠨᠠᠷ ᠪᠠ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠪᠡ᠃ ᠨᠤᠳᠤᠭ ᠪᠡᠯᠴᠢᠭᠡᠷ ᠤ᠋ᠨ ᠠᠮᠢ ᠠᠬᠤᠢ ᠵᠢ ᠬᠠᠮᠠᠭᠠᠯᠠᠵᠤ ᠪᠦᠳᠦᠭᠡᠨ ᠪᠠᠢᠭᠤᠯᠬᠤ ᠨᠦᠭᠦᠪᠦᠷᠢ ᠪᠠ ᠱᠠᠩᠨᠠᠯ ᠤ᠋ᠨ ᠮᠥᠩᠭᠥ ᠣᠯᠭᠣᠬᠤ ᠵᠢ ᠮᠠᠯᠴᠢᠨ ᠲᠠᠷᠢᠶᠠᠴᠢᠳ ᠤ᠋ᠨ ᠡᠭᠦᠷᠭᠡ ᠪᠡᠨ ᠭᠦᠢᠴᠡᠳᠬᠡᠬᠦᠯᠦ᠍ᠭᠡ ᠬᠣᠯᠪᠣᠭᠳᠠᠭᠤᠯᠬᠤ ᠲᠣᠭᠲᠠᠴᠠ ᠵᠢ ᠪᠠᠢᠭᠤᠯᠵᠤ᠂ 《ᠬᠠᠮᠠᠭᠠᠯᠠᠭᠰᠠᠨ ᠡᠰᠡᠭᠦ ᠵᠢ ᠬᠠᠢᠬᠤᠷᠬᠤ ᠦᠭᠡᠢ ᠪᠡᠷ ᠠᠳᠠᠯᠢᠬᠠᠨ ᠵᠢᠡᠷ ᠨᠥᠬᠥᠪᠥᠷᠢ ᠣᠯᠭᠣᠬᠤ》 ᠬᠢᠳᠡᠯ ᠢ᠋ ᠡᠪᠳᠡᠵᠦ᠂ 《ᠦᠷ᠎ᠡ ᠪᠦᠳᠦᠮᠵᠢ ᠲᠠᠢ ᠬᠤᠯᠪᠤᠭᠳᠠᠭᠤᠯᠤᠨ ᠨᠥᠬᠥᠪᠥᠷᠢ ᠣᠯᠭᠣᠬᠤ》 ᠶ᠋ᠢ ᠪᠡᠶᠡᠯᠡᠭᠦᠯᠪᠡ᠃